ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/8/5
  8 ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯᠳᠠᠯᠭ᠎ᠠ ᠲᠠᠢ ᠡᠭᠦᠷᠭᠡ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠳᠤ ᠣᠷᠣᠯᠴᠠᠨ ᠶᠠᠷᠢᠶ᠎ᠠ ᠲᠠᠯᠪᠢᠬᠤ ᠳᠠᠭᠠᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠰᠡᠳᠬᠢᠬᠦᠶ ᠪᠠ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠠᠵᠠ ᠲᠣᠬᠢᠶᠠᠯ ᠢ ᠡᠵᠡᠮᠳᠡᠵᠦ᠂ ᠥᠷᠢᠰᠥᠯᠳᠦᠭᠡᠨ ᠢ ᠤᠭᠲᠤᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠪᠠ ᠴᠤᠴᠠᠯᠲᠠ ᠥᠬᠡᠶ ᠤᠷᠤᠭᠰᠢᠯᠠᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠪᠠᠲᠤ ᠪᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
十一届八次全会精神.png
  ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠣᠭᠤᠷᠢᠨ ᠳᠤ᠂ ᠥᠪᠥᠷ ᠮᠣᠩᠭᠤᠯ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠬᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ᠂ ᠪᠢᠳᠡᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃  ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠰᠤᠷᠤᠯᠴᠠᠯᠭ᠎ᠠ ᠶᠢᠨ ᠲᠠᠯ᠎ᠠ ᠪᠠᠷ᠂ ᠦᠵᠡᠯ ᠰᠠᠨᠠᠭ᠎ᠠ ᠪᠠᠨ ᠨᠢᠭᠡᠳᠬᠡᠬᠦ ᠬᠢᠭᠡᠳ ᠦᠵᠡᠯ ᠰᠠᠨᠠᠭ᠎ᠠ ᠪᠠᠨ ᠴᠢᠯᠥᠭᠡᠯᠡᠬᠦ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠴᠢᠨᠠᠷ᠂ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠲᠠᠯ᠎ᠠ ᠪᠠᠷ᠂ ᠨᠢᠭᠡ ᠲᠠᠯ᠎ᠠ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠠᠳᠬᠤᠬᠤ ᠮᠥᠷᠲᠡᠭᠡᠨ ᠪᠠᠰᠠ ᠨᠢᠭᠡ ᠲᠠᠯ᠎ᠠ ᠪᠠᠷ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ᠂ ᠲᠤᠷᠰᠢᠯᠭ᠎ᠠ ᠪᠠᠨ ᠳ᠋ᠦᠩᠨᠡᠬᠦ ᠶᠢ ᠠᠳᠬᠤᠵᠤ᠂ ᠪᠦᠬᠦᠨ ᠢ ᠬᠠᠮᠤᠷᠬᠤ᠂ ᠭᠦᠨᠵᠡᠭᠡᠢ ᠨᠥᠯᠥᠭᠡ ᠲᠠᠢ᠂ ᠥᠷᠭᠡᠨ ᠢᠶᠠᠷ ᠣᠷᠣᠯᠴᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠤᠭᠤᠰᠢᠯᠠᠭᠤᠯᠬᠤ ᠲᠠᠯ᠎ᠠ ᠪᠠᠷ᠂ ᠦᠷ᠎ᠡ ᠳ᠋ᠦᠩ ᠢᠶᠠᠷ ᠦᠨᠡᠯᠡᠨ ᠮᠠᠭᠠᠳᠯᠠᠬᠤ᠂ ᠪᠣᠳᠠᠲᠤ ᠶᠠᠪᠤᠳᠠᠯ ᠢᠶᠠᠷ ᠶᠠᠷᠢᠶ᠎ᠠ ᠲᠠᠯᠪᠢᠬᠤ ᠶᠢ ᠪᠠᠷᠢᠮᠲᠠᠯᠠᠵᠤ᠂ ᠡᠭᠦᠷᠭᠡ ᠶᠢᠨ ᠨᠠᠷᠢᠨ ᠳᠠᠩᠰᠠ ᠶᠢ ᠱᠠᠳᠤ ᠳᠠᠷᠠᠭᠠᠯᠠᠨ ᠡᠮᠬᠢᠯᠡᠵᠦ᠂ ᠠᠵᠢᠯ ᠤᠨ ᠬᠤᠪᠢᠶᠠᠷᠢᠯᠠᠯ ᠤᠨ ᠰᠠᠨᠠᠯ ᠢ ᠲᠣᠳᠣᠷᠬᠠᠶᠢᠯᠠᠵᠤ᠂ ᠠᠵᠢᠯ ᠤᠨ ᠠᠬᠢᠴᠠ ᠶᠢ ᠮᠥᠷᠳᠡᠵᠦ᠂ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠠᠵᠢᠯᠯᠠᠭ᠎ᠠ ᠨᠢ ᠲᠦᠷᠭᠡᠨ᠂ ᠠᠷᠭ᠎ᠠ ᠬᠡᠮᠵᠢᠶ᠎ᠡ ᠨᠢ ᠪᠣᠳᠠᠲᠠᠢ᠂ ᠦᠷ᠎ᠡ ᠪᠦᠲᠦᠮᠵᠢ ᠨᠢ ᠰᠠᠶᠢᠨ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃  ᠬᠤᠷᠠᠯ ᠠᠴᠠ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤ ᠴᠢᠩᠭ᠎ᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠰᠡᠳᠬᠢᠬᠦᠶ ᠪᠠ ᠨᠠᠷᠢᠯᠢᠭ ᠪᠤᠳᠤᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠪᠠ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠤᠰᠤᠨ ᠠᠰᠢᠬᠯᠠᠯᠳᠠ ᠶᠢᠨ ᠲᠤᠤᠷ ᠤᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠡᠰᠢᠴᠢᠯᠡᠭᠰᠡᠨ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠠᠷᠭ᠎ᠠ ᠵᠠᠮ ᠢ ᠦᠷᠭᠡᠳᠭᠡᠵᠤ᠂ ᠴᠢᠬᠤᠯᠠ ᠶᠡᠭᠡ ᠤᠰᠤᠨ ᠠᠰᠢᠬᠯᠠᠯᠳᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ᠂ ᠠᠵᠢᠯᠯᠠᠭᠠᠨ᠂ ᠬᠠᠮᠢᠶᠠᠷᠤᠯᠳᠠ ᠶᠢᠨ ᠲᠤᠬᠳᠠᠴᠠ ᠶᠢ ᠪᠦᠷᠢᠨᠰᠢᠬᠦᠯᠵᠤ᠂ ᠮᠦᠩᠬᠦᠨ ᠬᠦᠢᠯᠭᠡᠭᠡᠨ ᠢᠶᠠᠷ ᠤᠰᠤᠨ ᠠᠰᠢᠬᠯᠠᠯᠳᠠ ᠶᠢ ᠳᠡᠮᠵᠢᠬᠦ᠂ ᠨᠡᠶᠢᠭᠡᠮ ᠤᠨ ᠬᠦᠷᠦᠩᠬᠡ ᠶᠢ ᠲᠦᠷᠢᠮᠵᠢᠬᠦᠯᠦᠨ ᠬᠦᠳᠦᠯᠦᠨ ᠵᠢᠯᠣᠭᠤᠳᠴᠤ ᠪᠠᠶᠢᠭᠠᠳ ᠤᠰᠤᠨ ᠠᠰᠢᠬᠯᠠᠯᠳᠠ ᠶᠢᠨ ᠪᠦᠳᠦᠭᠡᠨ ᠪᠠᠶᠢᠭᠤᠯᠤᠯᠳᠠ ᠡᠵᠡᠩᠨᠡᠯᠳᠡ ᠳᠤ ᠤᠷᠤᠯᠴᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠲᠡᠬᠦᠯᠳᠡᠷᠵᠢᠬᠦᠯᠵᠤ᠂ ᠴᠢᠨᠠᠷ ᠰᠠᠶᠢᠳᠠᠢ ᠬᠦᠭᠵᠢᠯᠳᠠ ᠳᠤ ᠵᠤᠬᠢᠴᠠᠬᠤ ᠠᠵᠤ ᠠᠬᠤᠢ ᠶᠢᠨ ᠪᠠᠶᠢᠷᠢᠰᠢᠭᠤᠯᠤᠯᠳᠠ ᠶᠢ ᠪᠠᠶᠢᠭᠤᠯᠬᠤ ᠳᠤ ᠤᠰᠤᠨ ᠠᠰᠢᠬᠯᠠᠯᠳᠠ ᠶᠢᠨ ᠲᠤᠯᠭᠠᠭᠤᠷᠢᠯᠠᠯ ᠬᠠᠩᠭᠠᠬᠤ ᠭᠡᠷᠡᠭᠳᠠᠢ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠦᠵᠡᠯᠲᠡ᠂ ᠤᠬᠠᠮᠰᠠᠷ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ ᠠᠴᠠ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠰᠠᠭᠤᠷᠢ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠬᠦ ᠪᠠᠷ ᠬᠦᠴᠦᠯᠡᠵᠦ᠂ ᠤᠰᠤ ᠶᠢ ᠬᠠᠮᠢᠶᠠᠷᠴᠤ ᠤᠰᠤ ᠶᠢ ᠵᠠᠰᠠᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠡᠷᠴᠢᠮᠵᠢᠭᠦᠯᠦᠨ ᠤᠰᠤ ᠬᠡᠷᠡᠭᠯᠡᠬᠦ ᠪᠣᠳᠠᠲᠤ ᠦᠷ᠎ᠡ ᠪᠦᠲᠦᠮᠵᠢ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠰᠤ ᠲᠠᠲᠠᠬᠤ ᠬᠦᠷᠢᠶ᠎ᠡ ᠴᠠᠷᠠᠭ᠎ᠠ ᠳᠠᠬᠢ ᠢᠲᠡᠭᠡᠮᠵᠢ ᠶᠢᠨ ᠦᠨᠡᠯᠡᠯᠲᠡ ᠶᠢ ᠶᠡᠬᠡᠪᠡᠷ ᠥᠷᠨᠢᠭᠦᠯᠵᠦ᠂ ᠠᠵᠢᠯ ᠲᠥᠷᠥᠯ ᠤᠨ ᠪᠣᠳᠠᠲᠤ ᠪᠠᠶᠢᠳᠠᠯ ᠳᠤ ᠰᠠᠭᠤᠷᠢᠯᠠᠨ ᠵᠣᠷᠢᠭᠲᠠᠶ ᠪᠠᠷ ᠬᠢᠬᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠲᠤᠷᠰᠢᠵᠤ᠂ ᠤᠰᠤ ᠲᠠᠲᠠᠵᠤ ᠬᠡᠷᠡᠭᠯᠡᠬᠦ ᠬᠦᠷᠢᠶ᠎ᠡ ᠴᠠᠷᠠᠭ᠎ᠠ ᠳᠠᠬᠢ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠵᠢᠷᠤᠮᠵᠢᠭᠤᠯᠵᠤ᠂ ᠤᠰᠤᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠠᠰᠢᠭᠲᠠᠶ︾ ᠪᠠ ︽ᠳᠥᠷᠪᠡᠨ ᠵᠠᠷᠴᠢᠮ︾ ᠤᠨ ᠬᠠᠷᠠᠯᠲᠠ ᠶᠢ ᠭᠦᠢᠴᠡᠳ ᠡᠵᠡᠮᠳᠡᠵᠦ᠂ ᠤᠰᠤᠨ ᠤ ᠦᠨ᠎ᠡ ᠶᠢᠨ ᠪᠦᠷᠢᠯᠳᠦᠯ᠂ ᠤᠰᠤ ᠬᠡᠷᠡᠭᠯᠡᠬᠦ ᠬᠠᠮᠢᠶᠠᠷᠤᠯᠲᠠ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠵᠡᠷᠭᠡ ᠳᠥᠷᠪᠡᠨ ᠵᠦᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃  ᠬᠤᠷᠠᠯ ᠠᠴᠠ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠠᠵᠢᠯ ᠢᠶᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠠᠵᠢᠯ ᠤᠨ ᠭᠤᠤᠯ ᠱᠤᠭᠤᠮ ᠤᠨ ︽ᠬᠤᠭᠤᠰᠣᠨ᠂ ᠪᠦᠳᠦᠭᠦᠯᠢᠭ᠂ ᠶᠡᠷᠦᠮᠳᠡᠭ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠨᠠᠩ ᠶᠡᠭᠡ ᠬᠦᠴᠦ ᠣᠷᠣᠭᠤᠯᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠠᠵᠢᠯ ᠢᠶᠠᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠲᠦᠷᠢᠮ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠤᠨ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠳᠠᠷᠤᠯᠲᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠠᠭᠤᠰᠤᠯᠴᠠᠬᠤ ᠲᠠᠢ ᠤᠶᠠᠯᠳᠤᠭᠤᠯᠤᠨ ᠨᠡᠩ ᠶᠡᠭᠡ ᠬᠦᠴᠦ ᠣᠷᠣᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠤ ᠡᠯᠪᠡᠭ ᠪᠠᠶᠠᠯᠢᠭ ᠠᠭᠤᠯᠭ᠎ᠠ ᠶᠢ ᠭᠦᠨᠵᠡᠭᠡᠢ ᠠᠭᠤᠳᠠᠯᠵᠤ᠂ ᠣᠯᠠᠨ ᠲᠦᠮᠡᠨ ᠤ ᠳᠡᠷᠭᠡᠳᠡᠬᠢ ᠲᠥᠷᠥᠭᠳᠡᠯ ᠲᠠᠢ ᠦᠭᠡ ᠬᠡᠯᠡ ᠪᠠᠷ ᠤᠯᠠᠨ ᠲᠦᠮᠡᠨ ᠤ ᠰᠣᠨᠣᠰᠴᠤ ᠣᠶᠢᠯᠠᠭᠠᠬᠤ ᠦᠭᠡ ᠬᠡᠯᠡ ᠪᠠᠷ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠤᠮᠳᠠ ︽ᠤᠰᠤ ᠶᠢ ᠨᠢ ᠤᠤᠭᠤᠪᠠᠯ ᠡᠬᠢ ᠶᠢ ᠨᠢ ᠪᠤᠳᠤᠵᠤ᠂ ᠨᠠᠮ ᠤᠨ ᠠᠴᠢ ᠶᠢ ᠰᠠᠨᠠᠭᠠᠯᠵᠠᠬᠤ︾᠂ ︽ᠨᠢᠭᠡ ᠮᠥᠷᠡᠨ ᠤ ᠤᠰᠤ ᠶᠢ ᠬᠠᠮᠲᠤᠪᠠᠷ ᠤᠤᠭᠤᠵᠤ᠂ ᠦᠨᠳᠦᠰᠦᠲᠡᠨ ᠨᠦᠭᠦᠳ ᠨᠢᠭᠡ ᠭᠡᠷ ᠪᠦᠯᠢ ᠰᠢᠭ ᠳᠤᠲᠤᠨᠤ︾᠂ ︽ᠠᠮᠢ ᠨᠠᠰᠦ ᠶᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ︾᠂ ︽ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠠᠵᠢᠯ ᠲᠦᠷᠦᠯ ᠤᠨ ᠤᠢᠢᠯᠠᠭᠠᠭᠳᠠᠬᠤᠨ ᠢ ᠰᠠᠶᠢᠲᠤᠷ ᠤᠬᠠᠭᠤᠯᠵᠤ᠂ ᠪᠣᠳᠠᠲᠠᠢ ᠠᠵᠢᠯ ᠤᠨ ᠳᠤᠮᠳᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠰᠤᠨ ᠤ ᠰᠣᠶᠣᠯ ᠬᠢᠭᠡᠳ ᠤᠰᠤᠨ ᠠᠰᠢᠭᠯᠠᠯᠲᠠ ᠶᠢᠨ ᠢᠨᠵᠧᠨᠧᠷᠢᠩ ᠢ ᠠᠭᠤᠰᠤᠯᠴᠠᠭᠤᠯᠬᠤ᠂ ᠤᠰᠤᠨ ᠠᠰᠢᠭᠯᠠᠯᠲᠠ ᠶᠢᠨ ᠥᠪ ᠢ ᠬᠠᠮᠠᠭᠠᠯᠠᠨ ᠠᠰᠢᠭᠯᠠᠬᠤ ᠶᠢ ᠠᠬᠢᠭᠤᠯᠬᠤ᠂ ᠤᠰᠤᠨ ᠤ ᠰᠣᠶᠣᠯ ᠤᠨ ᠰᠤᠳᠤᠯᠭᠠᠨ ᠢ ᠭᠦᠨᠵᠡᠭᠡᠶᠢᠷᠡᠭᠦᠯᠬᠦ᠂ ᠤᠰᠤᠨ ᠤ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠬᠦ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠡᠳᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠰᠤᠨ ᠤ ᠰᠣᠶᠣᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠤᠮᠠᠷᠠᠲᠤ ᠬᠢᠯᠢ ᠶᠢᠨ ᠰᠣᠶᠣᠯ︾ ᠤᠨ ᠴᠡᠴᠡᠭᠯᠡᠯᠲᠡ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ ᠴᠢᠬᠤᠯᠠᠴᠢᠯᠠᠵᠠᠢ᠃  ᠬᠤᠷᠠᠯ ᠠᠴᠠ ᠪᠠᠰᠠ ᠣᠳᠣᠬᠠᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠵᠢᠯᠲᠠᠨ᠂ ᠬᠥᠬᠡᠬᠤᠲᠠ ᠳᠤ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ ᠪᠠ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号