ᠦᠬᠠᠢ ᠬᠤᠳᠠ ᠨᠢ ᠬᠠᠳᠤᠨ ᠭᠤᠣᠯ ᠤᠨ ᠥᠪᠥᠷ ᠮᠣᠩᠭᠤᠯ ᠳᠤ ᠣᠷᠣᠬᠤ ᠨᠢᠭᠡᠳᠦᠭᠡᠷ ᠦᠷᠳᠡᠭᠡ | ᠪᠣᠯᠤᠭᠰᠠᠨ ᠤ ᠬᠤᠪᠢ ᠳᠤ᠂ ᠤᠢᠢᠷ᠎ᠠ ᠶᠢᠨ ᠵᠢᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠤᠰᠤ ᠪᠠᠷ ᠲᠦᠷᠪᠡ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠰᠤ ᠶᠢ ᠠᠷᠪᠢᠯᠠᠵᠤ ᠤᠰᠤ ᠶᠢ | ᠬᠢᠵᠠᠭᠠᠷᠯᠠᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠲᠠᠯ᠎ᠠ ᠪᠠᠷ ᠤᠰᠤ ᠠᠷᠪᠢᠯᠠᠬᠤ ᠶᠢ ᠠᠳᠬᠤᠵᠤ᠂ ᠨᠦᠭᠦᠭᠡ | ᠲᠠᠯ᠎ᠠ ᠪᠠᠷ ᠡᠬᠢ ᠰᠤᠷᠪᠤᠯᠵᠢ ᠶᠢ ᠠᠳᠬᠤᠵᠤ᠂ ᠠᠵᠤ ᠦᠢᠯᠡᠰ ᠤᠨ ᠤᠰᠤ ᠶᠢ ᠨᠠᠷᠢᠨ ᠨᠢᠮᠪᠠᠢ ᠪᠤᠳᠤᠵᠤ ᠰᠠᠶᠢᠲᠤᠷ | ᠬᠡᠷᠡᠭᠯᠡᠵᠦ᠂ ᠤᠰᠤᠨ ᠤ ᠡᠬᠢ ᠪᠠᠶᠠᠯᠢᠭ ᠤᠨ ︽ᠪᠠᠴᠢᠮ ᠲᠡᠩᠴᠡᠭᠦᠷᠢ︾ ᠨᠢᠭᠡᠪᠦᠷᠢ ᠶᠢ ᠴᠢᠷᠮᠠᠶᠢᠨ ᠰᠢᠢᠳᠪᠦᠷᠢᠯᠡᠵᠦ᠂ | ᠦᠬᠠᠢ ᠶᠢᠨ ᠣᠨᠴᠠᠯᠢᠭ ᠲᠠᠢ ᠠᠵᠤ ᠦᠢᠯᠡᠳᠪᠦᠷᠢ ᠶᠢᠨ ᠤᠰᠤ ᠠᠷᠪᠢᠯᠠᠬᠤ ᠰᠢᠨ᠎ᠡ ᠵᠠᠮ ᠢ ᠨᠡᠭᠡᠭᠡᠪᠡ᠃ | | ᠨᠢᠭᠡ᠂ ᠤᠷᠤᠰᠬᠠᠯ ᠢ ᠠᠷᠪᠢᠯᠠᠬᠤ᠄ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠨ᠂ ᠤᠰᠤᠨ ᠤ ᠡᠬᠢ | ᠪᠠᠶᠠᠯᠢᠭ ᠤᠨ ︽ᠬᠥᠭᠵᠢᠯᠲᠡ ᠶᠢᠨ ᠣᠷᠣᠨ ᠵᠠᠶ︾ ᠶᠢ ᠰᠢᠬᠠᠵᠤ ᠭᠠᠷᠭᠠᠨ᠎ᠠ | | ᠤᠰᠤᠨ ᠤ ᠡᠬᠢ ᠪᠠᠶᠠᠯᠢᠭ ᠤᠨ ᠰᠠᠭᠤᠷᠢ ᠨᠢᠮᠭᠡᠨ᠂ ᠠᠷᠪᠢᠯᠠᠨ ᠭᠠᠮᠨᠠᠬᠤ ᠪᠣᠯ ᠦᠨᠳᠦᠰᠦᠨ ᠭᠠᠷᠬᠤ ᠵᠠᠮ | ᠮᠥᠨ᠃ ᠦᠬᠠᠶ ᠬᠤᠲᠠ ᠬᠤᠲᠠ ᠶᠢᠨ ᠦᠨᠳᠦᠰᠦᠨ ᠪᠠᠶᠢᠳᠠᠯ ᠳᠤ ᠰᠠᠭᠤᠷᠢᠯᠠᠨ᠂ ᠤᠷᠢᠳ ᠬᠤᠵᠢᠳ ︽ᠦᠬᠠᠶ | ᠬᠤᠲᠠ ᠶᠢᠨ ᠤᠰᠤ ᠶᠢ ᠠᠷᠪᠢᠯᠠᠨ ᠬᠡᠷᠡᠭᠯᠡᠬᠦ ᠲᠦᠷᠢᠮ︾᠂ ︽ᠦᠬᠠᠶ ᠬᠤᠲᠠ ᠶᠢᠨ ᠤᠰᠤᠨ ᠤ ᠡᠬᠢ ᠪᠠᠶᠠᠯᠢᠭ ᠤᠨ | ᠲᠥᠰᠦᠪ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾᠂ ︽ᠦᠬᠠᠶ ᠬᠤᠲᠠ ᠶᠢᠨ ᠤᠰᠤᠨ ᠤ ᠡᠷᠬᠡ ᠶᠢ | ᠠᠷᠠᠯᠵᠢᠶᠠᠯᠠᠬᠤ ᠬᠡᠷᠡᠭᠵᠢᠭᠦᠯᠬᠦ ᠠᠷᠭ᠎ᠠ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠡᠶᠢᠲᠡᠯᠡᠵᠦ᠂ ᠪᠥᠬᠦ | ᠣᠷᠣᠨ ᠤ ᠠᠩᠬᠠᠳᠠᠭᠴᠢ ︽ᠦᠬᠠᠶ ᠬᠤᠲᠠ ᠶᠢᠨ ᠤᠰᠤᠨ ᠤ ᠡᠬᠢ ᠪᠠᠶᠠᠯᠢᠭ ︵2020 — 2022 ᠣᠨ︶︾ | ᠤᠨ ᠴᠠᠭᠠᠨ ᠭᠠᠳᠠᠷᠲᠤ ᠪᠢᠴᠢᠭ ᠢ ᠨᠡᠶᠢᠲᠡᠯᠡᠪᠡ᠃ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ | ᠦᠬᠠᠶ ᠬᠤᠲᠠ 2022 ᠣᠨ ᠠᠴᠠ ᠪᠥᠬᠦ ᠤᠯᠤᠰ ᠲᠤ ᠡᠩ ᠲᠡᠷᠢᠭᠦᠨ ᠳᠤ ᠤᠰᠤᠨ ᠤ ᠲᠥᠰᠦᠪ ᠤᠨ | ᠬᠠᠮᠢᠶᠠᠷᠤᠯᠲᠠ ᠶᠢᠨ ᠬᠠᠶᠢᠨ ᠰᠦᠪᠡᠭᠴᠢᠯᠡᠯᠲᠡ ᠶᠢ ᠥᠷᠨᠢᠭᠦᠯᠵᠦ᠂ ︽ᠤᠷᠢᠳᠠᠪᠠᠷ ᠲᠥᠰᠦᠪᠯᠡᠵᠦ᠂ ᠳᠠᠷᠠᠭ᠎ᠠ ᠨᠢ | ᠤᠰᠤ ᠬᠡᠷᠡᠭᠯᠡᠬᠦ᠂ ᠲᠥᠰᠦᠪ ᠥᠬᠡᠶ᠂ ᠤᠰᠤ ᠶᠢ ᠴᠠᠭᠠᠵᠠᠯᠠᠬᠤ︾ ᠦᠨᠳᠦᠰᠦᠨ ᠵᠠᠷᠴᠢᠮ ᠶᠣᠰᠣᠭᠠᠷ᠂ ᠤᠰᠤᠨ ᠤ | ᠬᠡᠮᠵᠢᠶ᠎ᠡ ᠶᠢ ᠨᠠᠷᠢᠯᠢᠬᠵᠢᠭᠤᠯᠤᠨ ᠵᠠᠳᠠᠯᠬᠤ᠂ ᠰᠠᠷ᠎ᠠ ᠳᠠᠷᠠᠭᠠᠯᠠᠨ ᠳᠣᠭᠢᠷᠠᠭᠤᠯᠬᠤ᠂ ᠬᠥᠳᠡᠯᠦᠩᠭᠦᠶ ᠪᠠᠷ | ᠳᠣᠭᠢᠷᠠᠭᠤᠯᠤᠨ᠎ᠠ᠃ 2024 ᠣᠨ ᠳᠤ᠂ ᠦᠬᠠᠢ ᠬᠤᠳᠠ ᠨᠢ ᠪᠦᠬᠦ ᠤᠯᠤᠰ ᠤᠨ ᠤᠰᠤᠨ ᠤ ᠲᠥᠰᠦᠪ ᠤᠨ | ᠬᠠᠮᠢᠶᠠᠷᠤᠯᠲᠠ ᠶᠢᠨ ᠬᠤᠳᠠ ᠶᠢᠨ ᠬᠡᠪᠴᠢᠶᠡᠨ ᠤ ᠲᠤᠷᠰᠢᠯᠲᠠ ᠶᠢᠨ ᠬᠤᠳᠠ ᠪᠠᠷ ᠵᠢᠭᠰᠠᠭᠠᠭᠳᠠᠪᠠ᠃ ᠡᠭᠦᠨ ᠤ | ᠬᠠᠮᠲᠤ᠂ ᠦᠬᠠᠶ ᠬᠤᠲᠠ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢ ᠭᠦᠨᠵᠡᠭᠡᠶ ᠬᠡᠷᠡᠭᠵᠢᠭᠦᠯᠵᠦ᠂ ᠬᠤᠲᠠ᠂ ᠲᠣᠭᠤᠷᠢᠭ ᠬᠤᠶᠠᠷ ᠱᠠᠲᠤᠨ ᠤ ᠤᠰᠤ ᠠᠪᠴᠤ | ᠬᠡᠷᠡᠭᠯᠡᠬᠦ ᠶᠢ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ︽ᠬᠢᠨᠠᠬᠤ᠂ ᠵᠥᠪᠰᠢᠶᠡᠷᠡᠬᠦ᠂ ᠠᠪᠬᠤ᠂ | ᠬᠠᠩᠭᠠᠬᠤ᠂ ᠬᠡᠷᠡᠭᠯᠡᠬᠦ᠂ ᠠᠷᠪᠢᠯᠠᠬᠤ᠂ ᠭᠠᠳᠠᠭᠰᠢᠯᠠᠭᠤᠯᠬᠤ︾ ᠪᠦᠬᠦ ᠶᠠᠪᠤᠴᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠰᠢᠨ᠎ᠡ ᠪᠠᠷ ᠡᠬᠢᠯᠡᠭᠦᠯᠦᠭᠰᠡᠨ ᠠᠵᠤ ᠦᠢᠯᠡᠳᠪᠦᠷᠢ ᠶᠢᠨ ᠲᠦᠰᠦᠯ ᠪᠦᠬᠦᠨ ᠢᠶᠠᠷ ᠢᠶᠠᠨ | ᠳᠠᠭᠠᠭᠤᠯᠤᠭᠴᠢ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠬᠦᠷᠬᠦ ᠬᠡᠷᠡᠭᠲᠡᠶ ᠭᠡᠵᠦ ᠱᠠᠭᠠᠷᠳᠠᠪᠠ᠃ ᠤᠰᠤ ᠬᠡᠷᠡᠭᠯᠡᠬᠦ | ᠠᠷᠭ᠎ᠠ ᠮᠠᠶ᠋ᠢᠭ ᠢ ᠠᠷᠪᠢᠲᠠᠶ ᠡᠷᠴᠢᠮᠯᠢᠭ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ ᠲᠡᠰᠢ ᠬᠠᠮᠤᠭ ᠤᠨ ᠴᠢᠩᠭ᠎ᠠ ᠪᠣᠯᠭᠠᠭᠰᠠᠨ | ᠪᠥᠭᠡᠳ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ 2023 ᠣᠨ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ 1᠂ ᠥᠪᠡᠷᠲᠡᠭᠡᠨ ᠵᠠᠰᠠᠬᠤ | ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 6᠂ ᠡᠦ ᠳ᠋ᠠ ᠶᠢᠨ ᠠᠵᠤ ᠦᠢᠯᠡᠰ ᠤᠨ | ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ | ᠲᠣᠭᠤᠷᠢᠭ ᠢᠶᠠᠷ ᠦᠨᠡᠯᠡᠭᠳᠡᠵᠦ᠂ 8 ᠠᠵᠤ ᠠᠬᠤᠶᠢᠯᠠᠯ ᠨᠢ ᠬᠤᠲᠠ᠂ ᠲᠣᠭᠤᠷᠢᠭ ᠤᠨ ᠲᠠᠰ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢᠶᠠᠷ ᠦᠨᠡᠯᠡᠭᠳᠡᠪᠡ᠃ 19 ᠠᠵᠤ ᠠᠬᠤᠶᠢᠯᠠᠯ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠬᠢᠵᠦ᠂ ᠨᠡᠶᠢᠲᠡ 637 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠪᠠ᠃ | | ᠬᠤᠶᠠᠷ᠂ ᠳᠠᠯᠳᠠ ᠬᠦᠴᠦᠨ ᠢ ᠠᠭᠤᠳᠠᠯᠬᠤ᠄ ᠡᠩ ᠤᠨ ᠪᠤᠰᠤ ᠤᠰᠤᠨ ᠤ ᠠᠰᠢᠭᠯᠠᠯᠲᠠ ᠶᠢ ᠴᠢᠩᠭᠠᠳᠬᠠᠵᠤ᠂ | ᠤᠰᠤᠨ ᠤ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ | | ᠦᠬᠠᠢ ᠬᠤᠲᠠ ᠨᠢ ᠤᠰᠤᠨ ᠤ ᠬᠡᠪ ᠤᠨ ᠤᠰᠤ ᠶᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ | ᠨᠢᠭᠡᠳᠦᠯᠲᠡᠢ ᠲᠣᠬᠢᠷᠠᠭᠤᠯᠬᠤ ᠳᠤ ᠣᠷᠣᠭᠤᠯᠵᠤ᠂ ︽ᠠᠵᠤ ᠦᠢᠯᠡᠳᠪᠦᠷᠢ ᠶᠢᠨ ᠬᠤᠶᠠᠳᠤᠭᠠᠷ ᠤᠰᠤᠨ ᠤ ᠡᠬᠢ | ᠰᠤᠷᠪᠤᠯᠵᠢ︾ ᠶᠢ ᠪᠣᠢ ᠪᠣᠯᠭᠠᠪᠠ᠃ 2022 ᠣᠨ ᠳᠤ᠂ ᠦᠬᠠᠶ ᠬᠤᠲᠠ ᠨᠡᠶᠢᠲᠡᠯᠢᠭ ᠭᠠᠵᠠᠷ ᠣᠷᠣᠨ ᠤ ᠳᠠᠬᠢᠯᠲᠠ | ᠤᠰᠤ ᠶᠢ ᠠᠰᠢᠭᠯᠠᠵᠤ ᠳᠣᠭᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ︽ᠲᠥᠪᠯᠡᠷᠡᠭᠦᠯᠦᠨ | ᠴᠤᠭᠯᠠᠭᠤᠯᠵᠤ᠂ ᠲᠠᠷᠠᠬᠠᠶ ᠪᠤᠲᠠᠷᠬᠠᠶ ᠤᠰᠤ ᠬᠠᠩᠭᠠᠬᠤ︾ ᠳᠠᠬᠢᠯᠲᠠ ᠤᠰᠤ ᠶᠢ ᠴᠤᠭᠯᠠᠭᠤᠯᠤᠨ ᠠᠰᠢᠭᠯᠠᠬᠤ | ᠰᠢᠰᠲ᠋ᠧᠮ ᠢ ᠪᠣᠶ ᠪᠣᠯᠭᠠᠵᠤ᠂ ︽ᠪᠣᠬᠢᠷ ᠤᠰᠤ ᠰᠢᠢᠳᠪᠦᠷᠢᠯᠡᠬᠦ ᠦᠢᠯᠡᠳᠪᠦᠷᠢ + ᠠᠵᠤ ᠠᠬᠤᠶᠢᠯᠠᠯ︾ ᠤᠨ ︽ | ᠨᠢᠬᠡᠳ ᠨᠢᠬᠡ ᠪᠠᠷ︾ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ | ᠰᠢᠯᠢᠳᠡᠭ ᠤᠰᠤ ᠶᠢ ᠰᠢᠯᠢᠳᠡᠭᠵᠢᠭᠦᠯᠦᠨ ᠬᠡᠷᠡᠭᠯᠡᠬᠦ᠂ ᠣᠶᠢᠷ᠎ᠠ ᠬᠠᠪᠢ ᠳᠠᠭᠠᠨ ᠠᠰᠢᠭᠯᠠᠬᠤ᠂ ᠤᠰᠤ ᠶᠢ ᠭᠦᠢᠴᠡᠳ | ᠬᠡᠷᠡᠭᠯᠡᠬᠦ ᠶᠢ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠨᠡᠶᠢᠲᠡᠯᠢᠭ ᠭᠠᠵᠠᠷ ᠣᠷᠣᠨ ᠤ ᠳᠠᠬᠢᠯᠲᠠ | ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ | ᠰᠢᠯᠢᠳᠡᠭ ᠬᠤᠲᠠ ᠶᠢ ᠬᠦᠷᠲᠡᠪᠡ᠃ 2023 ᠣᠨ ᠳᠤ᠂ ᠪᠥᠬᠦ ᠬᠤᠲᠠ ᠶᠢᠨ ᠳᠠᠬᠢᠯᠲᠠ ᠤᠰᠤ ᠶᠢ ᠬᠤᠷᠢᠶᠠᠨ | ᠴᠤᠭᠯᠠᠭᠤᠯᠵᠤ ᠠᠰᠢᠭᠯᠠᠬᠤ ᠬᠡᠮᠵᠢᠶ᠎ᠡ 0.25 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ | ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ 94% ᠳᠤ ᠬᠦᠷᠴᠦ᠂ ᠡᠭᠦᠨ ᠳᠤ ᠠᠵᠤ ᠦᠢᠯᠡᠳᠪᠦᠷᠢ ᠳᠤ | ᠬᠡᠷᠡᠭᠯᠡᠬᠦ ᠤᠰᠤᠨ ᠤ ᠳᠠᠬᠢᠯᠲᠠ ᠤᠰᠤᠨ ᠤ ᠬᠡᠮᠵᠢᠶ᠎ᠡ ᠳᠠᠬᠢᠯᠲᠠ ᠤᠰᠤᠨ ᠤ ᠶᠡᠷᠦᠩᠬᠡᠶ ᠬᠡᠮᠵᠢᠶ᠎ᠡ ᠶᠢᠨ 86% ᠶᠢ | ᠡᠵᠡᠯᠡᠪᠡ᠃ ᠭᠠᠰᠢᠭᠤᠨ ᠱᠣᠷᠪᠣᠭ ᠤᠰᠤ᠂ ᠱᠣᠷᠪᠣᠭ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠰᠦᠯ ᠢ | ᠥᠷᠨᠢᠭᠦᠯᠵᠦ᠂ ᠨᠡᠶᠢᠭᠡᠮ ᠤᠨ ᠬᠥᠷᠥᠩᠭᠡ ᠶᠢ ᠲᠠᠲᠠᠨ ᠣᠷᠣᠭᠤᠯᠬᠤ ᠪᠠᠷ ᠳᠠᠮᠵᠢᠭᠤᠯᠤᠨ᠂ ᠤᠷᠢᠳ ᠬᠤᠵᠢᠳ | ᠪᠠᠶᠠᠨᠲᠤᠬᠤᠢ ᠪᠣᠯᠤᠨ ᠤᠯᠠᠭᠠᠨ ᠨᠠᠭᠤᠷ ᠤᠨ ᠭᠠᠰᠢᠭᠤᠨ ᠱᠣᠷᠪᠣᠭ ᠤᠰᠤ᠂ ᠱᠣᠷᠪᠣᠭ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠲᠦᠰᠦᠯ ᠢ ᠬᠡᠷᠡᠭᠵᠢᠭᠦᠯᠵᠦ᠂ ᠬᠡᠪ ᠤᠨ ᠪᠤᠰᠤ ᠤᠰᠤᠨ ᠤ ᠡᠬᠢ ᠪᠠᠶᠠᠯᠢᠭ ᠢ 2000 | ᠲᠦᠮᠡᠨ ᠺᠦᠪ ᠮᠧᠲᠷ ᠠᠭᠤᠳᠠᠯᠵᠤ᠂ 14 ᠲᠦᠰᠦᠯ ᠤᠨ ᠤᠰᠤ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠪᠡ᠃ | ᠠᠭᠤᠷᠬᠠᠶ ᠶᠢᠨ ᠬᠤᠳᠳᠤᠭ ᠤᠨ ᠤᠰᠤ ᠶᠢ ᠨᠢᠭᠡᠳᠦᠯᠲᠡᠶ ᠲᠥᠯᠥᠪᠯᠡᠨ ᠠᠰᠢᠭᠯᠠᠬᠤ ᠠᠵᠢᠯ ᠢ ᠶᠡᠬᠡᠪᠡᠷ ᠲᠦᠯᠬᠢᠨ | ᠠᠬᠢᠭᠤᠯᠵᠤ᠂ ᠪᠦᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠳᠠᠭᠰᠢ ᠭᠠᠷᠭᠠᠭᠰᠠᠨ 21 ᠠᠭᠤᠷᠬᠠᠶ ᠶᠢᠨ | ᠬᠤᠳᠳᠤᠭ ᠤᠨ ᠤᠰᠤ ᠶᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠮᠢ ᠠᠬᠤᠶ ᠶᠢᠨ ᠨᠣᠭᠤᠭᠠᠷᠠᠭᠤᠯᠤᠯᠲᠠ | ᠵᠡᠷᠭᠡ ᠬᠦᠷᠢᠶ᠎ᠡ ᠴᠠᠷᠠᠭ᠎ᠠ ᠳᠤ ᠴᠤᠭᠯᠠᠭᠤᠯᠵᠤ᠂ ᠠᠭᠤᠷᠬᠠᠶ ᠶᠢᠨ ᠬᠤᠳᠳᠤᠭ ᠤᠨ ᠤᠰᠤ ᠶᠢ ᠭᠠᠳᠠᠭᠰᠢ | ᠭᠠᠳᠠᠭᠰᠢᠯᠠᠭᠤᠯᠤᠭᠰᠠᠨ ᠠᠴᠠ ᠪᠣᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ | ᠬᠤᠤᠰ ᠠᠮᠵᠢᠯᠲᠠ ᠶᠢ ᠪᠡᠶᠡᠯᠡᠭᠦᠯᠪᠡ᠃ | | ᠭᠤᠷᠪᠠ᠂ ᠡᠬᠢ ᠰᠤᠷᠪᠤᠯᠵᠢ ᠶᠢ ᠨᠡᠬᠡᠬᠡᠬᠦ᠄ ᠤᠰᠤᠨ ᠤ ᠡᠷᠬᠡ ᠶᠢᠨ ᠥᠭᠡᠷᠡᠴᠢᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ︽ᠥᠷᠲᠡᠭ ᠤᠨ ᠨᠡᠮᠡᠭᠳᠡᠯ ᠤᠨ ᠣᠷᠣᠨ ᠵᠠᠶ︾ ᠶᠢ | ᠢᠯᠡᠷᠡᠭᠦᠯᠦᠨ᠎ᠡ | | ᠦᠬᠠᠢ ᠬᠤᠳᠠ ᠶᠢᠨ ᠬᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠬᠦᠴᠦᠯᠡᠨ | ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠤᠰᠤᠨ ᠤ ᠡᠷᠬᠡ ᠶᠢᠨ ᠠᠷᠠᠯᠵᠢᠶ᠎ᠠ ᠪᠠᠷ ᠰᠢᠪᠲᠤᠯᠤᠯᠲᠠ ᠶᠢᠨ ᠴᠡᠭ | ᠪᠣᠯᠭᠠᠵᠤ᠂ ᠤᠰᠤ ᠲᠠᠲᠠᠵᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢ ᠡᠷᠭᠢᠯᠳᠦᠭᠦᠯᠬᠦ ᠶᠢ ᠠᠬᠢᠭᠤᠯᠵᠤ᠂ | ᠤᠰᠤᠨ ᠤ ᠡᠬᠢ ᠪᠠᠶᠠᠯᠢᠭ ᠤᠨ ᠬᠠᠳᠠᠭᠠᠯᠠᠯᠲᠠ ᠶᠢ ᠠᠮᠢᠳᠤᠯᠢᠭ ᠪᠣᠯᠭᠠᠵᠤ᠂ ᠤᠰᠤᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠠᠵᠢᠯ ᠲᠥᠷᠥᠯ ᠠᠯᠤᠰᠯᠠᠨ ᠤᠰᠤᠨ ᠤ | ᠡᠷᠬᠡ ᠪᠠᠨ ᠰᠢᠯᠵᠢᠭᠦᠯᠬᠦ ᠪᠠᠷ ᠳᠠᠮᠵᠢᠭᠤᠯᠤᠨ᠂ ᠠᠵᠢᠯᠴᠢᠨ ᠲᠠᠷᠢᠶᠠᠴᠢᠨ ᠤ ︽ᠤᠰᠤᠨ ᠰᠤᠳᠠᠰᠤ︾ ᠶᠢ | ᠨᠡᠪᠲᠡᠷᠡᠭᠦᠯᠵᠦ᠂ ︽ᠲᠠᠷᠢᠶᠠᠨ ᠭᠠᠵᠠᠷ ᠤᠨ ᠤᠰᠤ︾ ᠶᠢ ᠠᠵᠤ ᠠᠬᠤᠶᠢᠯᠠᠯ ᠤᠨ ︽ᠬᠦᠭᠵᠢᠯᠲᠡ ᠶᠢᠨ ᠤᠰᠤ︾ | ᠪᠣᠯᠭᠠᠨ ᠬᠤᠪᠢᠷᠠᠭᠤᠯᠵᠤ᠂ ᠠᠵᠤ ᠦᠢᠯᠡᠳᠪᠦᠷᠢ ᠲᠠᠷᠢᠶᠠᠯᠠᠩ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠳᠣᠭᠢᠷᠠᠭᠤᠯᠬᠤ ᠶᠢ ᠪᠡᠶᠡᠯᠡᠭᠦᠯᠦᠨ᠂ ᠠᠵᠢᠯᠴᠢᠨ ᠲᠠᠷᠢᠶᠠᠴᠢᠨ ᠤ ᠬᠠᠷᠢᠯᠴᠠᠨ ᠠᠬᠢᠭᠤᠯᠵᠤ ᠬᠥᠭᠵᠢᠯᠲᠡ ᠶᠢᠨ ᠰᠠᠶᠢᠨ | ᠣᠷᠴᠢᠯ ᠢ ᠪᠣᠶ ᠪᠣᠯᠭᠠᠨ᠎ᠠ᠃ ᠣᠳᠣᠬᠠᠨ ᠳᠤ᠂ ᠪᠥᠬᠦ ᠬᠤᠲᠠ ᠳᠤ ᠨᠡᠶᠢᠲᠡ 12.55 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠭᠠᠵᠠᠷ ᠳᠡᠭᠡᠷᠡᠬᠢ ᠤᠰᠤ ᠶᠢ ᠪᠦᠬᠦᠨ ᠢ | ᠬᠤᠳᠠᠯᠳᠤᠨ ᠠᠪᠴᠤ᠂ ᠬᠠᠷᠢᠶᠠᠯᠠᠯ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ ᠪᠥᠭᠡᠳ ᠭᠠᠳᠠᠭᠰᠢ | ᠤᠰᠤ ᠲᠠᠲᠠᠬᠤ ᠭᠦᠢᠴᠡᠳᠭᠡᠯ ᠲᠤᠭ᠎ᠠ ᠶᠢ 5545 ᠲᠦᠮᠡᠨ ᠪᠣᠰᠤᠭ᠎ᠠ ᠳᠥᠷᠪᠡᠯᠵᠢᠨ ᠮᠧᠲᠷ ᠬᠤᠳᠠᠯᠳᠤᠨ ᠠᠪᠴᠤ᠂ | 90 ᠭᠠᠷᠤᠶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠤᠰᠤᠨ ᠤ ᠡᠷᠬᠡ ᠶᠢᠨ ᠰᠣᠯᠢᠯᠴᠠᠭᠠᠨ ᠤ ᠬᠡᠷᠡᠭ ᠤᠨ ᠵᠢᠱᠢᠶ᠎ᠡ ᠶᠢ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠤᠬᠠᠭᠤᠯᠤᠨ ᠳᠡᠯᠭᠡᠷᠡᠭᠦᠯᠪᠡ᠃ ᠦᠬᠠᠶ ᠬᠤᠲᠠ ᠡᠩ ᠲᠡᠷᠢᠭᠦᠨ ᠳᠤ | ᠥᠪᠡᠷᠲᠡᠭᠡᠨ ᠵᠠᠰᠠᠬᠤ ᠣᠷᠣᠨ ᠳᠤ ᠲᠤᠰᠬᠠᠶ ᠣᠷᠣᠨ ᠤ ᠲᠠᠰ ᠤᠨ ᠬᠤᠲᠠ ᠶᠢᠨ ᠤᠰᠤᠨ ᠤ ᠡᠷᠬᠡ ᠶᠢᠨ | ᠠᠷᠠᠯᠵᠢᠶᠠᠨ ᠤ ᠡᠯᠧᠺᠲᠷᠣᠨ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠤᠰᠤᠨ ᠤ ᠡᠷᠬᠡ ᠶᠢᠨ | ᠠᠷᠠᠯᠵᠢᠶ᠎ᠠ ᠶᠢ ᠨᠡᠶᠢᠲᠡ 52 ᠬᠤᠪᠢ ᠪᠡᠶᠡᠯᠡᠭᠦᠯᠵᠦ᠂ ᠤᠰᠤᠨ ᠤ ᠭᠦᠢᠴᠡᠳᠬᠡᠯ ᠲᠤᠭ᠎ᠠ ᠶᠢ 2958 ᠲᠦᠮᠡᠨ | ᠪᠣᠰᠤᠭ᠎ᠠ ᠳᠥᠷᠪᠡᠯᠵᠢᠨ ᠮᠧᠲᠷ ᠠᠮᠢᠳᠤᠯᠢᠭ ᠪᠣᠯᠭᠠᠪᠠ᠃ | ᠤᠰᠤ ᠶᠢ ᠵᠠᠰᠠᠵᠤ ᠤᠰᠤ ᠠᠷᠪᠢᠯᠠᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠬᠥᠬᠡᠮᠳᠦᠭ | ᠨᠣᠭᠤᠭᠠᠨ ᠠᠭᠤᠯᠠ ᠤᠰᠤ᠂ ᠬᠥᠬᠡᠮᠳᠦᠭ ᠤᠰᠤ ᠬᠦᠬᠡ ᠣᠭᠲᠠᠷᠭᠤᠢ᠂ ᠠᠰᠢᠭ ᠲᠤᠰᠠ ᠨᠢ ᠮᠢᠩᠭᠠᠨ ᠤᠨ ᠳᠤ | ᠪᠤᠢ᠃ ᠡᠳᠦᠭᠡ᠂ ᠦᠬᠠᠶ ᠳᠤ᠂ ᠤᠰᠤ ᠠᠷᠪᠢᠯᠠᠬᠤ ᠦᠢᠯᠡᠳᠦᠯᠭᠡ ᠭᠠᠵᠠᠷ ᠪᠣᠯᠭᠠᠨ ᠳᠤ ᠬᠠᠷᠠᠭᠳᠠᠨ᠎ᠠ᠄ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠵᠡᠷᠭᠡ ᠤᠰᠤ ᠬᠡᠷᠡᠭᠯᠡᠬᠦ ᠲᠠᠯᠠᠪᠤᠷ ᠤᠨ ᠲᠥᠬᠦᠭᠡᠷᠦᠮᠵᠢ ᠶᠢ ᠰᠣᠯᠢᠬᠤ ᠪᠠ | ᠮᠡᠷᠭᠡᠵᠢᠯ ᠤᠨ ᠥᠭᠡᠷᠡᠴᠢᠯᠡᠯᠲᠡ ᠬᠦᠷ ᠬᠥᠭᠵᠢᠶᠡᠨ ᠲᠠᠢ ᠶᠠᠪᠤᠭᠳᠠᠵᠤ᠂ ᠠᠭᠤᠷᠬᠠᠢ ᠶᠢᠨ ᠬᠤᠳᠳᠤᠭ ᠤᠨ ᠤᠰᠤ᠂ | ᠪᠣᠷᠣᠭᠠᠨ ᠤ ᠤᠰᠤ ᠶᠢ ᠬᠤᠷᠢᠶᠠᠨ ᠠᠪᠬᠤ ᠪᠠ ᠥᠨᠳᠥᠷ ᠪᠦᠲᠦᠮᠵᠢᠲᠡᠢ ᠤᠰᠤᠯᠠᠬᠤ ᠵᠡᠷᠭᠡ ᠮᠡᠷᠭᠡᠵᠢᠯ ᠤᠯᠠᠮ ᠠᠴᠠ | ᠤᠯᠠᠮ ᠲᠦᠭᠡᠮᠡᠯᠵᠢᠵᠦ᠂ ᠤᠰᠤ ᠠᠷᠪᠢᠯᠠᠬᠤ ᠰᠢᠨ᠎ᠡ ᠬᠡᠪ ᠰᠤᠷᠲᠠᠯ ᠤᠨ ᠴᠡᠴᠡᠭ ᠭᠠᠵᠠᠷ ᠪᠣᠯᠭᠠᠨ ᠳᠤ ᠪᠠᠳᠠᠷᠠᠨ | ᠳᠡᠯᠭᠡᠷᠡᠭᠰᠡᠨ ᠪᠠᠶᠢᠨ᠎ᠠ ᠭᠡᠳᠡᠭ ᠢ ᠣᠯᠵᠤ ᠬᠠᠷᠠᠪᠠ ᠁ | |