ᠰᠢᠨᠬᠤᠸᠠ ᠬᠤᠷᠢᠶ᠎ᠠ᠄ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ — ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠤᠰᠤᠨ ᠠᠰᠢᠭᠯᠠᠯᠲᠠ ᠶᠢᠨ ᠢᠨᠵᠧᠨᠧᠷᠢᠩ ᠢ ᠨᠠᠷᠢᠯᠢᠭ ᠲᠣᠬᠢᠷᠠᠭᠤᠯᠵᠤ ᠰᠢᠷᠦᠭᠦᠨ ᠪᠣᠷᠣᠭᠠᠨ ᠦᠶᠡᠷ ᠤᠨ ᠤᠰᠤ ᠶᠢ ᠠᠷᠭᠠᠴᠠᠪᠠ
ᠨᠡᠶᠢᠲᠡᠯᠡᠭᠰᠡᠨ ᠴᠠᠭ᠄
2024/8/9
  ᠰᠤᠷᠪᠤᠯᠵᠢᠯᠠᠭᠴᠢ 3᠎ ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠤᠶᠢᠯᠠᠭᠠᠵᠤ ᠮᠡᠳᠡᠭᠰᠡᠨ ᠨᠢ᠂ ᠯᠢᠶᠣᠣ ᠾᠧ ᠭᠤᠣᠯ ᠤᠨ ᠰᠠᠪᠠ ᠭᠠᠵᠠᠷ ᠤᠨ ᠣᠯᠠᠨ ᠭᠤᠣᠯ ᠮᠥᠷᠡᠨ ᠳᠤ ᠰᠡᠷᠡᠮᠵᠢ ᠶᠢᠨ ᠲᠤᠬᠢᠶ᠎ᠠ ᠠᠴᠠ ᠬᠡᠲᠦᠷᠡᠭᠰᠡᠨ ᠦᠶᠡᠷ ᠤᠨ ᠤᠰᠤ ᠡᠭᠦᠰᠴᠦ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠰᠤᠨ ᠠᠰᠢᠭᠯᠠᠯᠲᠠ ᠶᠢᠨ ᠢᠨᠵᠧᠨᠧᠷᠢᠩ ᠢ ᠨᠠᠷᠢᠯᠢᠭ ᠲᠣᠬᠢᠷᠠᠭᠤᠯᠵᠤ ᠢᠳᠡᠪᠬᠢᠲᠡᠢ ᠠᠷᠭᠠᠴᠠᠪᠠ᠃ ᠡᠭᠦᠠ ᠤ ᠵᠠᠷᠭᠡ ᠳᠤ ᠬᠦᠬᠡ ᠮᠦᠷᠡᠨ ᠤ ᠰᠠᠪᠠ ᠭᠠᠵᠠᠷ ᠤᠨ ᠣᠰᠣᠠ ᠠᠰᠢᠬᠯᠠᠯᠲᠠ ᠶᠢᠨ ᠰᠠᠯᠠᠭ᠎ᠠ ᠮᠦᠴᠢᠷ ᠨᠢ ᠣᠰᠣᠠ ᠠᠰᠢᠬᠯᠠᠯᠲᠠ ᠶᠢᠨ ᠢᠨᠵᠧᠨᠧᠷᠢᠩ ᠤᠨ ᠲᠠᠯ᠎ᠠ ᠪᠠᠷ ᠨᠢᠭᠡᠲᠣᠯᠲᠠᠢ ᠬᠠᠮᠲᠣᠷᠠᠨ ᠳᠣᠭᠢᠷᠠᠭᠤᠯᠣᠯᠲᠠ ᠬᠢᠭᠦ ᠪᠠ ᠴᠢᠩᠭᠠᠳᠬᠠᠵᠤ᠂ ᠬᠦᠬᠡ ᠮᠦᠷᠠᠨ ᠤ ᠦᠶᠡᠷ ᠤᠨ ᠤᠰᠤ ᠶᠢ ᠪᠦᠲᠣᠮᠵᠢᠲᠠᠢ ᠪᠠᠷ ᠠᠷᠭᠠᠴᠠᠪᠠ᠃  ᠤᠰᠤᠨ ᠠᠰᠢᠭᠯᠠᠯᠲᠠ ᠶᠢᠨ ᠶᠠᠮᠤᠨ ᠤ ᠲᠤᠰ ᠡᠳᠦᠷ ᠤᠨ ᠨᠡᠶᠢᠲᠡᠯᠡᠭᠰᠡᠨ ᠦᠶᠡᠷ ᠤᠨ ᠪᠠᠶᠢᠳᠠᠯ ᠤᠨ ᠮᠡᠳᠡᠭᠡᠯᠡᠯ ᠠᠴᠠ ᠦᠵᠡᠪᠡᠯ᠂ ᠣᠶᠢᠷ᠎ᠠ ᠶᠢᠨ ᠬᠤᠭᠤᠴᠠᠭᠠᠨ ᠤ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠤ᠂ ᠯᠢᠶᠣᠣ ᠾᠧ ᠭᠤᠣᠯ ᠤᠨ ᠭᠤᠣᠯ ᠤᠷᠤᠰᠬᠠᠯ ᠵᠢᠴᠢ ᠰᠠᠯᠪᠤᠷᠢ ᠤᠷᠤᠰᠬᠠᠯ ᠤᠨ ᠵᠡᠭᠦᠨ ᠯᠢᠶᠣᠣ ᠾᠧ ᠭᠤᠣᠯ ᠵᠡᠷᠭᠡ 7 ᠭᠤᠣᠯ ᠮᠥᠷᠡᠨ ᠨᠢ ᠰᠡᠷᠡᠮᠵᠢ ᠶᠢ ᠳᠠᠪᠠᠵᠦ᠂ ᠡᠭᠦᠨ ᠳᠤ ᠵᠡᠭᠦᠨ ᠯᠢᠶᠣᠣ ᠾᠧ ᠭᠤᠣᠯ ᠤᠨ ᠳᠡᠭᠡᠳᠦ ᠤᠷᠤᠰᠬᠠᠯ ᠳᠤ ᠪᠣᠳᠠᠲᠠᠢ ᠬᠡᠮᠵᠢᠭᠰᠡᠨ ᠮᠠᠲ᠋ᠧᠷᠢᠶᠠᠯ ᠭᠠᠷᠤᠭᠰᠠᠨ ᠠᠴᠠ ᠨᠠᠭᠠᠰᠢᠬᠢ ᠬᠠᠮᠤᠭ ᠤᠨ ᠶᠡᠭᠡ ᠦᠶᠡᠷ ᠪᠣᠯᠤᠭᠰᠠᠨ ᠪᠠᠶᠢᠨ᠎ᠠ᠃  ᠡᠭᠦᠨ ᠳᠤ ᠭᠢᠷᠢᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠵᠡᠭᠦᠨ ᠯᠢᠶᠣᠣ ᠾᠧ ᠭᠤᠤᠯ ᠤᠨ ᠡᠯ ᠯᠦᠩ ᠱᠠᠨ ᠤᠰᠤᠨ ᠴᠥᠭᠦᠷᠥᠮ ᠳᠤ ᠨᠠᠷᠢᠯᠢᠭ ᠲᠣᠬᠢᠷᠠᠭᠤᠯᠤᠯᠲᠠ ᠬᠢᠵᠦ᠂ 2058 ᠪᠣᠰᠤᠭ᠎ᠠ ᠳᠥᠷᠪᠡᠯᠵᠢᠨ        ᠮᠧᠲᠷ / ᠰᠧᠺᠦ᠋ᠨ᠋ᠳ᠋ ᠲᠤ ᠬᠠᠮᠤᠭ ᠤᠨ ᠶᠡᠭᠡ ᠬᠥᠮᠥᠷᠭᠡ ᠳᠤ ᠣᠷᠣᠭᠤᠯᠬᠤ ᠤᠷᠤᠰᠬᠠᠯ ᠤᠨ ᠬᠡᠮᠵᠢᠶ᠎ᠡ ᠶᠢ 370 ᠪᠣᠰᠤᠭ᠎ᠠ ᠳᠥᠷᠪᠡᠯᠵᠢᠨ ᠮᠧᠲᠷ ᠪᠦᠷᠢ ᠬᠠᠮᠤᠭ ᠤᠨ ᠶᠡᠭᠡ ᠬᠥᠮᠥᠷᠭᠡ ᠠᠴᠠ ᠭᠠᠷᠭᠠᠬᠤ ᠤᠷᠤᠰᠬᠠᠯ ᠤᠨ ᠬᠡᠮᠵᠢᠶ᠎ᠡ ᠪᠣᠯᠭᠠᠨ ᠪᠠᠭᠠᠰᠬᠠᠵᠤ᠂ ᠣᠷᠭᠢᠯ ᠤᠨ ᠨᠣᠷᠮ᠎ᠠ 82%᠎ ᠳᠤ ᠬᠦᠷᠴᠦ᠂ ᠦᠶᠡᠷ ᠢ ᠬᠠᠰᠢᠬᠤ ᠬᠡᠮᠵᠢᠶ᠎ᠡ ᠪᠠᠷᠤᠭ 2.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠵᠡᠭᠦᠨ ᠯᠢᠶᠣᠣ ᠾᠧ ᠭᠤᠤᠯ ᠤᠨ ᠳᠣᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠳᠠᠷᠤᠯᠲᠠ ᠶᠢ ᠪᠦᠲᠦᠮᠵᠢᠲᠡᠶ ᠪᠠᠭᠠᠰᠬᠠᠪᠠ᠃ ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠨᠢ ᠰᠠᠯᠪᠤᠷᠢ ᠤᠷᠤᠰᠬᠠᠯ ᠤᠨ ᠴᠢᠩ ᠾᠧ ᠭᠤᠣᠯ᠂ ᠴᠠᠢ ᠾᠧ ᠤᠰᠤᠨ ᠴᠥᠭᠦᠷᠥᠮ ᠤᠨ ᠦᠶᠡᠷ ᠵᠠᠯᠠᠬᠤ ᠲᠥᠬᠦᠭᠡᠷᠦᠮᠵᠢ ᠶᠢ ᠴᠠᠭ ᠲᠤᠬᠠᠶ ᠳᠤ ᠨᠢ ᠲᠣᠬᠢᠷᠠᠭᠤᠯᠵᠤ᠂ ᠯᠢᠶᠣᠣ ᠾᠧ ᠭᠤᠤᠯ ᠤᠨ ᠭᠤᠣᠯ ᠤᠷᠤᠰᠬᠠᠯ ᠤᠨ ᠦᠶᠡᠷ ᠤᠨ ᠤᠰᠤᠨ ᠤ ᠤᠷᠬᠢᠯ ᠢ ᠵᠦᠷᠢᠭᠦᠯᠬᠦ ᠳᠤ ᠠᠰᠢᠭᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠤᠷᠢᠳᠴᠢᠯᠠᠨ ᠰᠢᠯᠵᠢᠭᠦᠯᠦᠨ ᠲᠥᠪᠬᠢᠨᠡᠭᠦᠯᠵᠦ ᠠᠶᠤᠯ ᠠᠴᠠ ᠠᠪᠤᠷᠠᠬᠤ ᠡᠳ᠋ ᠪᠣᠳᠠᠰ ᠢ ᠤᠷᠢᠳᠴᠢᠯᠠᠨ ᠲᠣᠬᠢᠷᠠᠭᠤᠯᠵᠤ᠂ ᠠᠶᠤᠯᠲᠠᠢ ᠪᠠᠷᠢᠯᠭ᠎ᠠ ᠠᠶᠤᠯᠲᠠᠢ ᠬᠡᠰᠡᠭ ᠢ ᠪᠠᠬᠢᠵᠢᠭᠦᠯᠦᠨ ᠰᠢᠢᠳᠪᠦᠷᠢᠯᠡᠬᠦ ᠶᠢ ᠲᠦᠷᠭᠡᠳᠭᠡᠨ᠎ᠡ᠃  ᠣᠳᠣᠬᠠᠨ ᠳᠤ ᠵᠡᠭᠦᠨ ᠯᠢᠶᠣᠣ ᠾᠧ ᠭᠤᠣᠯ ᠤᠨ ᠦᠶᠡᠷ ᠲᠣᠭᠲᠠᠭᠤᠨ ᠪᠣᠯᠵᠤ᠂ ᠯᠢᠶᠣᠣ ᠾᠧ ᠭᠤᠣᠯ ᠤᠨ ᠭᠤᠣᠯ ᠤᠷᠤᠰᠬᠠᠯ ᠳᠤ ᠨᠡᠶᠢᠯᠡᠵᠦ᠂ ᠳᠣᠣᠷᠠᠳᠤ ᠤᠷᠤᠰᠬᠠᠯ ᠵᠦᠭ ᠤᠯᠠᠷᠢᠵᠤ ᠪᠠᠶᠢᠨ᠎ᠠ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠯᠢᠶᠣᠤ ᠾᠧ ᠭᠤᠤᠯ ᠤᠨ ᠰᠠᠪᠠ ᠭᠠᠵᠠᠷ ᠤᠨ ᠪᠣᠷᠣᠭᠠᠨ ᠤ ᠪᠠᠶᠢᠳᠠᠯ ᠪᠣᠯᠤᠨ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠷᠭᠦᠯᠵᠢᠯᠡᠨ ᠨᠢᠭᠲᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃  ᠬᠦᠬᠡ ᠮᠦᠷᠡᠨ ᠤ ᠰᠠᠪᠠ ᠭᠠᠵᠠᠷ ᠲᠤ᠂ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ᠂ ᠰᠠᠪᠠ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠢᠭᠡᠳᠦᠯᠲᠡᠢ ᠲᠣᠬᠢᠷᠠᠭᠤᠯᠬᠤ ᠪᠠᠨ ᠴᠢᠩᠭᠠᠳᠬᠠᠨ᠂ ᠣᠯᠠᠨ ᠡᠭᠡᠯᠵᠢ ᠶᠢᠨ ᠰᠢᠷᠦᠭᠦᠨ ᠪᠣᠷᠣᠭᠠᠨ ᠤ ᠤᠰᠤ ᠪᠣᠯᠣᠨ ᠬᠦᠬᠡ ᠮᠦᠷᠡᠨ ᠤ 3 ᠳ᠋ᠤᠭᠠᠷ ᠤᠳᠠᠭᠠᠨ ᠤ ᠦᠶᠡᠷ ᠤᠨ ᠤᠰᠤ ᠶᠢ ᠪᠦᠲᠦᠮᠵᠢᠲᠡᠢ ᠠᠷᠭᠠᠴᠠᠭᠠᠨ᠎ᠠ᠃  6 ᠳ᠋ᠤᠭᠠᠷ ᠰᠠᠷ᠎ᠠ ᠶᠢᠨ 28᠎ ᠤ ᠡᠳᠦᠷ ᠤᠨ 14 ᠴᠠᠭ ᠲᠤ᠂ ᠬᠦᠬᠡ ᠮᠦᠷᠡᠨ ᠳᠤ 2024 ᠣᠨ ᠤ 1 ᠳ᠋ᠤᠭᠡᠷ ᠨᠣᠮᠧᠷᠲᠦ ᠦᠶᠡᠷ ᠡᠭᠦᠰᠪᠡ᠃ 1 ᠳ᠋ᠦ᠋ᠭᠡᠷ ᠨᠣᠮᠧᠷᠲᠦ ᠦᠶᠡᠷ ᠤᠨ ᠤᠰᠤ ᠶᠢ ᠠᠷᠭᠠᠴᠠᠬᠤ ᠶᠠᠪᠤᠴᠠ ᠳᠤ᠂ ᠬᠦᠬᠡ ᠮᠦᠷᠡᠨ ᠤ ᠰᠠᠪᠠ ᠭᠠᠵᠠᠷ ᠤᠨ ᠡᠵᠡᠮᠰᠢᠯᠲᠦ ᠤᠰᠤᠨ ᠴᠥᠭᠦᠷᠥᠮ ᠤᠨ ᠴᠤᠭᠯᠠᠷᠠᠯ ᠨᠢ ᠪᠠᠷᠤᠭ 165 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠢ ᠬᠠᠰᠢᠵᠤ᠂ ᠬᠦᠬᠡ ᠮᠦᠷᠡᠨ ᠤ ᠭᠤᠣᠯ ᠤᠷᠤᠰᠬᠠᠯ ᠤᠨ ᠳ᠋ᠦᠩ ᠲᠢᠩ ᠬᠤ᠋ ᠨᠠᠭᠤᠷ ᠤᠨ ᠤᠶᠢᠷ᠎ᠠ ᠬᠠᠪᠢ ᠶᠢᠨ ᠭᠤᠣᠯ ᠤᠨ ᠬᠡᠰᠡᠭ ᠵᠢᠴᠢ ᠳ᠋ᠦᠩ ᠲᠢᠩ ᠬᠤ᠋ ᠨᠠᠭᠤᠷ ᠤᠨ ᠤᠶᠢᠷ᠎ᠠ ᠬᠠᠪᠢ ᠶᠢᠨ ᠭᠠᠵᠠᠷ ᠤᠨ ᠤᠰᠤᠨ ᠲᠦᠪᠰᠢᠨ ᠨᠢ ᠪᠠᠲᠤᠯᠠᠪᠤᠷᠢ ᠶᠢᠨ ᠤᠰᠤᠨ ᠲᠦᠪᠰᠢᠨ ᠢ ᠳᠠᠪᠠᠵᠤ᠂ ᠴᠧᠩ ᠯᠢᠩ ᠵᠢᠢ ᠣᠷᠴᠢᠮ ᠤᠨ ᠭᠠᠵᠠᠷ ᠣᠷᠣᠨ ᠤ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠵᠧᠦ ᠲᠠᠨ ᠤ ᠠᠷᠠᠳ ᠤᠨ ᠬᠠᠰᠢᠯᠭ᠎ᠠ ᠶᠢᠨ ᠦᠶᠡᠷ ᠢ ᠰᠠᠯᠭᠠᠨ ᠬᠡᠷᠡᠭᠯᠡᠬᠦ ᠠᠴᠠ ᠵᠠᠶᠢᠯᠠᠰᠬᠢᠨ᠎ᠠ᠃  7 ᠳ᠋ᠤᠭᠠᠷ ᠰᠠᠷ᠎ᠠ ᠶᠢᠨ 11᠎ ᠤ ᠡᠳᠦᠷ ᠤᠨ 18 ᠴᠠᠭ ᠲᠤ᠂ ᠬᠥᠬᠡ ᠮᠥᠷᠡᠨ ᠳᠤ 2024 ᠣᠨ ᠤ 2 ᠳ᠋ᠤᠭᠠᠷ ᠨᠣᠮᠧᠷᠲᠦ ᠦᠶᠡᠷ ᠡᠭᠦᠰᠪᠡ᠃ 2 ᠳ᠋ᠤᠭᠠᠷ ᠨᠣᠮᠧᠷᠲᠤ ᠦᠶᠡᠷ ᠤᠨ ᠤᠰᠤ ᠶᠢ ᠠᠷᠭᠠᠴᠠᠬᠤ ᠶᠠᠪᠤᠴᠠ ᠳᠤ᠂ ᠬᠥᠬᠡ ᠮᠥᠷᠡᠨ ᠤ ᠳᠡᠭᠡᠳᠦ ᠤᠷᠤᠰᠬᠠᠯ ᠤᠨ ᠤᠰᠤᠨ ᠴᠥᠭᠦᠷᠦᠮ ᠨᠡᠶᠢᠲᠡ 68.5 ᠳ᠋ᠦᠩᠰᠢᠭᠤᠷ ᠺᠦᠪ ᠮᠧᠲᠷ ᠦᠶᠡᠷ ᠤᠨ ᠤᠰᠤ ᠶᠢ ᠬᠠᠰᠢᠵᠠᠶ᠂ ᠡᠭᠦᠨ ᠳᠤ ᠭᠤᠷᠪᠠᠨ ᠬᠠᠪᠴᠢᠯ ᠤᠨ ᠤᠰᠤᠨ ᠴᠥᠬᠦᠷᠥᠮ ᠤᠨ ᠦᠶᠡᠷ ᠢ 52.8 ᠳ᠋ᠦᠩᠰᠢᠭᠤᠷ ᠺᠦᠪ ᠮᠧᠲᠷ ᠬᠠᠰᠢᠵᠤ᠂ ᠳᠤᠮᠳᠠ ᠳᠣᠣᠷ᠎ᠠ ᠤᠷᠤᠰᠬᠠᠯ ᠤᠨ ᠭᠤᠣᠯ ᠤᠷᠤᠰᠬᠠᠯ ᠤᠨ ᠲᠦᠪᠰᠢᠨ 0.7᠎ ᠠᠴᠠ 3.1 ᠮᠧᠲᠷ ᠳᠣᠷᠣᠭᠰᠢᠯᠠᠵᠠᠶ᠃  7 ᠳ᠋ᠤᠭᠠᠷ ᠰᠠᠷ᠎ᠠ ᠶᠢᠨ 29᠎ ᠤ ᠡᠳᠦᠷ ᠤᠨ 18 ᠴᠠᠭ 50 ᠮᠢᠨᠦ᠋ᠲ ᠲᠤ᠂ ᠬᠥᠬᠡ ᠮᠥᠷᠡᠨ ᠤ 2024 ᠣᠨ ᠤ 3 ᠳ᠋ᠤᠭᠠᠷ ᠲᠣᠭᠠᠲᠤ ᠦᠶᠡᠷ ᠤᠨ ᠤᠰᠤ ᠨᠢ ᠳᠤᠮᠳᠠ ᠤᠷᠤᠰᠬᠠᠯ ᠳᠤ ᠡᠭᠦᠰᠪᠡ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠳᠡᠭᠡᠳᠦ ᠳᠣᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠠᠶᠤᠯ ᠲᠦᠭᠰᠢᠭᠦᠷᠢ ᠶᠢᠨ ᠲᠡᠩᠴᠡᠭᠦᠷᠢ ᠶᠢᠨ ᠴᠡᠭ ᠢ ᠣᠨᠣᠪᠴᠢᠲᠠᠶ ᠣᠯᠵᠤ᠂ ᠤᠰᠤᠨ ᠴᠥᠭᠦᠷᠥᠮ ᠤᠨ ᠣᠯᠠᠨ ᠲᠦᠮᠡᠨ ᠤ ᠦᠶᠡᠷ ᠢ ᠰᠡᠷᠭᠡᠶᠢᠯᠡᠬᠦ ᠳᠠᠷᠤᠯᠲᠠ ᠶᠢ ᠬᠥᠩᠭᠡᠷᠡᠭᠦᠯᠬᠦ ᠶᠢ ᠢᠳᠡᠪᠬᠢᠲᠡᠶ ᠪᠠᠷ ᠲᠣᠬᠢᠷᠠᠭᠤᠯᠤᠨ᠎ᠠ᠃ 8 ᠳ᠋ᠤᠭᠠᠷ ᠰᠠᠷ᠎ᠠ ᠶᠢᠨ 2᠎ ᠤᠨ ᠡᠳᠦᠷ ᠤᠨ 12 ᠴᠠᠭ ᠲᠤ᠂ ᠬᠥᠬᠡ ᠮᠥᠷᠡᠨ ᠤ ᠳᠤᠮᠳᠠᠳᠤ ᠳᠣᠣᠷᠠᠳᠤ ᠤᠷᠤᠰᠬᠠᠯ ᠤᠨ ᠭᠤᠤᠯ ᠤᠷᠤᠰᠬᠠᠯ ᠤᠨ ᠪᠥᠬᠦ ᠱᠤᠭᠤᠮ ᠨᠢ ᠰᠡᠷᠭᠡᠶᠢᠯᠡᠯᠲᠡ ᠠᠴᠠ ᠭᠠᠷᠴᠤ᠂ 3 ᠳ᠋ᠤᠭᠠᠷ ᠨᠣᠮᠧᠷᠲᠤ ᠦᠶᠡᠷ ᠤᠨ ᠤᠰᠤᠨ ᠤ ᠨᠥᠯᠥᠭᠡ ᠦᠨᠳᠦᠰᠦᠨ ᠳᠤ ᠪᠠᠨ ᠳᠠᠭᠤᠰᠪᠠ᠃  ᠣᠰᠣᠨ ᠠᠰᠢᠬᠯᠠᠯᠲᠠ ᠶᠢᠨ ᠶᠠᠮᠣᠠ ᠤ ᠬᠥᠬᠡ ᠮᠥᠷᠡᠨ ᠤ ᠣᠰᠣᠠ ᠠᠰᠢᠬᠯᠠᠯᠲᠠ ᠶᠢᠨ ᠺᠤᠮᠢᠰ ᠤᠨ ᠪᠦᠷᠢᠣᠠᠭᠡᠯ ᠢ ᠣᠢᠠᠲᠣᠰᠣᠯᠠᠪᠡᠯ᠂ ᠡᠨᠠ ᠵᠢᠯ ᠣᠢᠶᠠᠷ ᠢ ᠣᠢᠩᠭᠡᠷᠠᠭᠡᠭᠰᠠᠨ ᠠᠴᠠ ᠨᠠᠭᠠᠰᠢ᠂ ᠬᠥᠬᠡ ᠮᠥᠷᠡᠨ ᠤ ᠵᠦᠪᠯᠠᠯ ᠠᠴᠠ ᠡᠵᠡᠮᠲᠠᠭᠦ ᠴᠢᠨᠠᠷᠲᠠᠢ 53 ᠤᠰᠤᠨ ᠴᠦᠬᠦᠷᠦᠮ ᠢ ᠵᠢᠯᠤᠭᠤᠳᠤᠨ ᠲᠣᠬᠢᠷᠠᠭᠤᠯᠵᠤ᠂ ᠨᠡᠶᠢᠲᠡ 282 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠦᠶᠡᠷ ᠢ ᠬᠠᠰᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠯᠤᠳᠤ ᠶᠡᠭᠡ ᠦᠷ᠎ᠡ ᠠᠰᠢᠭ ᠢ ᠪᠠᠳᠠᠷᠠᠭᠤᠯᠪᠠ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号