ᠰᠢᠷ᠎ᠠ ᠲᠠᠩᠭᠢᠰ ᠤᠨ ᠬᠥᠪᠡᠭᠡᠨ᠎ᠡ ᠂ ᠱᠠᠨᠳᠦ᠋ᠩ ᠤᠨ ᠿᠢ ᠵᠤᠤ ᠳᠤ᠂ ᠪᠠᠷᠤᠭ 28 ᠺᠢᠯᠣᠮᠧᠲᠷ ᠤᠷᠲᠤ | ᠳᠠᠯᠠᠢ ᠶᠢᠨ ᠡᠷᠭᠢ ᠶᠢᠨ ᠨᠣᠭᠤᠭᠠᠨ ᠵᠠᠮ ᠡᠮᠦᠨ᠎ᠡ ᠤᠮᠠᠷ᠎ᠠ ᠶᠢ ᠰᠤᠨᠳᠠᠯᠠᠨ᠎ᠠ ᠃ ︽ᠠᠮᠢ ᠠᠬᠤᠶ ᠣᠷᠴᠢᠨ ᠲᠣᠭᠤᠷᠢᠨ ᠢ | ᠰᠠᠶᠢᠨ ᠪᠠᠶᠢᠯᠭᠠᠬᠤ ᠠᠷᠠᠳ ᠣᠯᠠᠨ ᠳᠤ ᠵᠢᠩᠬᠢᠨᠢ ᠵᠣᠯ ᠵᠢᠷᠭᠠᠯ ᠢ ᠨᠡᠮᠡᠭᠳᠡᠭᠦᠯᠦᠭᠰᠡᠨ ᠳᠤ ᠲᠣᠭᠠᠴᠠᠨ᠎ᠠ ᠃ ᠰᠠᠶᠢᠨ | ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠬᠤ ᠳᠤ ᠬᠠᠮᠲᠤ ᠪᠠᠷ ᠣᠷᠣᠯᠴᠠᠵᠠᠭᠠᠶ᠎ᠠ ᠃ ︾ ᠡᠨᠡ | ᠵᠢᠯ ᠤᠨ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠤ ᠪᠠᠨ | ᠢᠩᠭᠢᠵᠦ ᠴᠢᠬᠤᠯᠠᠴᠢᠯᠠᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ | ᠲᠣᠭᠲᠠᠭᠠᠯ︾ ᠳᠤ᠄ ︽ᠡᠷᠬᠡᠪᠰᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ | ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ | ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ︾ ᠭᠡᠵᠦ ᠳᠤᠷᠠᠳᠴᠠᠢ᠃ | ᠡᠨᠡ ᠪᠣᠯ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠠᠬᠤᠢ ᠳᠤ ᠪᠢᠴᠢᠭᠳᠡᠭᠰᠡᠨ ᠦᠵᠡᠰᠬᠦᠯᠡᠩᠲᠦ | ᠰᠠᠶᠢᠬᠠᠨ ᠬᠠᠷᠢᠭᠤᠯᠲᠠ — | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ | ᠶᠡᠭᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠂ ᠡᠷᠴᠢᠮ | ᠪᠠ ᠪᠦᠲᠦᠮᠵᠢ ᠶᠢᠨ ᠭᠤᠷᠮᠤᠰᠤᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ ᠳᠤ ᠬᠦᠷᠭᠡᠵᠦ ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠨᠢ ᠴᠥᠮ ᠲᠡᠦᠬᠡᠲᠦ ᠴᠢᠨᠠᠷᠲᠠᠢ᠂ | ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃︾ ︽ᠰᠢᠷᠭᠠᠭᠤ | ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ | ᠤᠰᠤ ᠨᠢ ᠨᠡᠩ ᠲᠤᠩᠭᠠᠯᠠᠭ ᠪᠣᠯᠵᠤ ᠂ ᠲᠦᠮᠡᠨ ᠭᠠᠵᠠᠷ ᠢ ᠰᠤᠨᠳᠠᠯᠠᠭᠰᠠᠨ ᠠᠭᠤᠯᠠ ᠭᠤᠣᠯ ᠨᠢ ᠨᠡᠩ ᠭᠤᠶᠣ | ᠪᠣᠯᠵᠠᠢ᠃︾ | ᠡᠨᠡ ᠪᠣᠯ ᠢᠷᠡᠭᠡᠳᠦᠢ ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ — | ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ | ᠦᠷᠭᠦᠯᠵᠢᠯᠡᠬᠦᠶᠢᠴᠡ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠵᠤ ᠂ ᠠᠮᠢ ᠠᠬᠤᠢ ᠶᠢ ᠬᠠᠮᠠᠭᠠᠯᠠᠨ ᠥᠨᠵᠢᠭᠦᠯᠦᠨ ᠰᠡᠷᠭᠦᠭᠡᠬᠦ ᠶᠢᠨ ᠬᠢᠨᠠᠯᠲᠠ | ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ | ᠠᠭᠤᠯᠠ ᠤᠰᠤ ᠪᠣᠯᠭᠠᠬᠤ ᠵᠠᠮ ᠢ ᠥᠷᠭᠡᠳᠬᠡᠵᠦ᠂ ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ | ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠯᠡᠳᠡᠭᠡᠶ᠎ᠡ᠃ ︾ | ᠣᠳᠣᠬᠠᠨ ᠳᠤ ᠪᠠᠨ ᠰᠠᠭᠤᠷᠢᠯᠠᠬᠤ ᠮᠥᠷᠲᠡᠭᠡᠨ ᠢᠷᠡᠭᠡᠳᠦᠢ ᠪᠠᠨ ᠴᠦ ᠲᠥᠯᠥᠪᠯᠡᠵᠡᠭᠡᠶᠡ ᠃ | ᠤᠳᠠᠭ᠎ᠠ ᠪᠦᠷᠢ ᠶᠢᠨ ᠰᠢᠨᠵᠢᠯᠡᠨ ᠪᠠᠶᠢᠴᠠᠭᠠᠯᠲᠠ ᠪᠣᠯᠣᠨ ᠴᠢᠬᠤᠯᠠ ᠬᠤᠷᠠᠯᠳᠤᠭᠠᠨ ᠳᠤ ᠶᠡᠷᠦᠩᠬᠡᠢ ᠱᠦᠵᠢ ᠰᠢ | ᠶᠢᠨ ᠫᠢᠩ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠠᠯᠤᠰ ᠤᠨ ᠪᠣᠳᠣᠯᠭ᠎ᠠ ᠭᠠᠷᠭᠠᠪᠠ ᠃ | ︽ᠤᠢ ᠰᠢᠭᠤᠢ ᠶᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠶᠤᠮ᠂ ᠦᠷ᠎ᠡ | ᠬᠤᠶᠢᠴᠢᠰ ᠲᠤ ᠪᠠᠨ ᠤᠯᠠᠮᠵᠢᠯᠠᠬᠤ ᠨᠢ ᠠᠯᠢᠨ ᠳᠤ ᠨᠢ ᠴᠤ ᠣᠰᠣᠯᠳᠠᠮᠠᠷ ᠦᠭᠡᠢ ᠶᠤᠮ ᠃ ︾ ᠭᠡᠵᠦ 2014 | ᠣᠨ ᠤ 12 ᠳ᠋ᠤᠭᠠᠷ ᠰᠠᠷ᠎ᠠ ᠶᠢᠨ 25 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠰᠡᠳᠬᠢᠯ | ᠬᠦᠨᠳᠦ ᠪᠠᠷ ᠶᠠᠷᠢᠪᠠ ᠃ | ︽ᠪᠠᠶᠢᠭᠠᠯᠢᠯᠢᠭ ᠣᠢ ᠰᠢᠭᠤᠢ ᠪᠣᠯᠭᠠᠨ ᠢ ᠬᠠᠮᠠᠭᠠᠯᠠᠶ᠎ᠠ︾᠃ ᠥᠩᠭᠡᠷᠡᠭᠰᠡᠨ ᠤ ︽ᠮᠣᠳᠣ ᠣᠭᠲᠣᠯᠤᠭᠴᠢ︾ | ᠰᠦᠬᠡ ᠪᠠᠨ ᠬᠠᠶᠠᠵᠤ᠂ ᠣᠳᠣ ︽ᠮᠣᠳᠣ ᠬᠠᠮᠠᠭᠠᠯᠠᠭᠴᠢ ︾ ᠪᠣᠯᠵᠤ᠂ ᠰᠢᠨ᠎ᠡ ᠴᠠᠭ ᠦᠶ᠎ᠡ ᠠᠴᠠ ᠨᠠᠭᠠᠰᠢ ᠪᠦᠬᠦ | ᠤᠯᠤᠰ ᠤᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 2.39 ᠵᠠᠭᠤᠨ ᠤ ᠴᠡᠭ ᠢᠶᠠᠷ ᠳᠡᠭᠡᠭᠰᠢᠯᠡᠵᠡᠢ᠃ | ︽ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠮᠠᠨ ᠤ ᠡᠨᠡ ᠦᠶ᠎ᠡ ᠶᠢᠨ ᠬᠢᠨ ᠤ ᠭᠠᠷ ᠲᠤ | ᠦᠷᠭᠦᠯᠵᠢᠯᠡᠨ ᠮᠠᠭᠤᠳᠠᠬᠤ ᠶᠢ ᠶᠠᠭᠠᠬᠢᠭᠰᠠᠨ ᠴᠤ ᠬᠦᠯᠢᠶᠡᠬᠦ ᠦᠭᠡᠢ᠂ ᠦᠷ᠎ᠡ ᠬᠤᠶᠢᠴᠢᠰ ᠲᠤ ᠪᠠᠨ ᠴᠡᠩᠭᠡᠭ | ᠰᠠᠶᠢᠬᠠᠨ ᠬᠥᠬᠡᠮᠥ᠋ᠷᠡᠨ ᠦᠯᠡᠳᠡᠭᠡᠬᠦ ᠬᠡᠷᠡᠭᠲᠡᠢ︕︾ ᠭᠡᠵᠦ ᠬᠤᠨᠠᠨ ᠤ ᠶᠤᠸᠠᠢ ᠶᠠᠩ ᠳᠤ ᠰᠢᠨᠵᠢᠯᠡᠨ | ᠪᠠᠶᠢᠴᠠᠭᠠᠬᠤ ᠳᠤ ᠪᠠᠨ ᠶᠡᠷᠦᠩᠬᠡᠢ ᠱᠦᠵᠢ ᠰᠢ ᠶᠢᠨ ᠫᠢᠩ ᠡᠷᠡᠰ ᠴᠢᠩᠭ᠎ᠠ ᠬᠡᠯᠡᠪᠡ ᠃ | ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠶᠢ ᠬᠢᠬᠦ ᠦᠭᠡᠢ︾ ᠃ ᠮᠥᠷᠡᠨ | ᠳᠠᠭᠠᠤ ᠮᠤᠵᠢ ᠶᠢᠨ ᠬᠢᠨ ᠤ ᠪᠣᠬᠢᠷᠲᠤᠯ ᠢ ᠵᠠᠰᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠷᠭᠢ ᠶᠢᠨ ᠱᠤᠭᠤᠮ ᠢ | ᠵᠠᠰᠠᠨ ᠰᠡᠷᠭᠦᠭᠡᠵᠦ᠂ ᠵᠢᠭᠠᠰᠤ ᠠᠩᠨᠠᠬᠤ ᠶᠢ ᠠᠷᠪᠠᠨ ᠵᠢᠯ ᠢᠶᠠᠷ ᠴᠠᠭᠠᠵᠠᠯᠠᠭᠰᠠᠨ ᠢᠶᠠᠷ ︽ᠬᠦᠨᠳᠦ ᠡᠪᠡᠳᠴᠢᠯᠡᠭᠡᠳ | ᠪᠠᠶᠢᠭᠰᠠᠨ ︾ ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠤᠨ ᠴᠡᠩᠭᠡᠭ ᠤᠰᠤ ᠨᠢ ᠣᠳᠣ ᠵᠡᠭᠦᠨᠰᠢ | ᠤᠷᠤᠰᠤᠭᠰᠠᠨ ᠰᠢᠨ᠎ᠡ ᠳᠦᠷᠰᠦ ᠪᠠᠶᠢᠳᠠᠯ ᠢᠶᠠᠨ ᠬᠠᠷᠠᠭᠤᠯᠵᠤ ᠪᠠᠶᠢᠨ᠎ᠠ ᠃ | ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠲᠦᠮᠡᠨ ᠠᠷᠠᠳ ᠲᠠᠢ ᠰᠡᠳᠬᠢᠯ ᠬᠤᠯᠪᠣᠨᠠᠮ ᠃ | ᠪᠣᠳᠣᠯᠬᠢᠯᠠᠵᠤ ᠪᠠᠶᠢᠬᠤ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠦᠨᠳᠦᠰᠦᠨ ᠠᠷᠭ᠎ᠠ ᠪᠤᠳᠤᠯᠭ᠎ᠠ ᠂ ᠲᠥᠯᠥᠪᠯᠡᠵᠦ ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ ᠂ ᠪᠠᠷᠠᠭᠠᠯᠠᠵᠤ ᠪᠠᠶᠢᠬᠤ ᠨᠢ ᠬᠥᠬᠡᠮᠳᠦᠭ ᠨᠣᠭᠤᠭᠠᠨ ᠠᠭᠤᠯᠠ ᠤᠰᠤ | ᠥᠨᠢᠳᠡ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠣᠯᠣᠨ᠎ᠠ ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ᠂ ᠬᠠᠮᠤᠭ ᠤᠨ ᠴᠢᠩᠭ᠎ᠠ ᠲᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠭᠤᠯᠠ ᠤᠰᠤ ᠡᠪᠡᠰᠦ | ᠮᠣᠳᠣ ᠪᠠᠨ ᠬᠠᠮᠠᠭᠠᠯᠠᠬᠤ ᠬᠡᠷᠡᠭᠲᠡᠢ᠃ | ᠴᠢ ᠯᠢᠶᠠᠨ ᠱᠠᠨ ᠠᠭᠤᠯᠠᠨ ᠤ ᠡᠮᠦᠨ᠎ᠡ ᠬᠤᠷᠮᠣᠢ ᠳᠠᠬᠢ ᠬᠥᠬᠡᠨᠠᠭᠤᠷ ᠤᠨ ᠮᠦ ᠯᠢ ᠠᠭᠤᠷᠬᠠᠢ ᠶᠢᠨ ᠣᠷᠣᠨ ᠤ | ᠡᠪᠡᠰᠦ ᠨᠢ ᠡᠬᠡ ᠭᠠᠵᠠᠷ ᠤᠨ ᠰᠢᠷᠬ᠎ᠠ ᠶᠢ ᠠᠨᠠᠭᠠᠵᠤ ᠪᠣᠢ ᠃ ᠡᠨᠡ ᠨᠤᠲᠤᠭ ᠢ ᠤᠤᠯ ᠨᠢ ᠬᠠᠤᠯᠢ ᠪᠤᠰᠤ ᠪᠠᠷ | ᠮᠠᠯᠲᠠᠭᠰᠠᠨ ᠠᠴᠠ ᠠᠮᠢ ᠠᠬᠤᠢ ᠨᠢ ᠬᠦᠨᠳᠦ ᠨᠣᠴᠢᠲᠠᠢ ᠡᠪᠳᠡᠭᠳᠡᠪᠡ᠃ | ︽ᠮᠦ ᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠭᠦᠯ ᠦᠯᠡᠳᠡᠭᠡᠯ | ᠦᠭᠡᠢ ᠪᠠᠷ ᠪᠥᠬᠦᠨ ᠢ ᠬᠢᠵᠦ ᠳᠠᠭᠤᠰᠬᠠᠨ᠂ ᠬᠠᠷᠠᠮᠰᠠᠯ ᠦᠯᠡᠳᠡᠭᠡᠬᠦ ᠦᠭᠡᠢ︾ ︽ᠬᠤᠶᠢᠰᠢᠳᠠ ᠡᠶᠢᠮᠦᠷᠬᠦᠦ | ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ ᠂ ᠬᠠᠰᠢ ᠶᠠᠰᠢ ᠣᠷᠬᠢᠵᠤ ᠪᠣᠯᠬᠤ ᠦᠭᠡᠢ︾ | ᠁ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠ ᠵᠢᠭᠠᠪᠤᠷᠢ ᠴᠤᠬᠤᠯᠠᠪᠤᠷᠢ ᠦᠭᠴᠡᠢ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠵᠢᠴᠢ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯᠯᠠᠬᠤ ᠳᠤᠭᠤᠶᠢᠯᠠᠩ ᠪᠠᠶᠢᠭᠤᠯᠵᠤ᠂ ᠬᠥᠬᠡᠨᠠᠭᠤᠷ ᠮᠤᠵᠢ ᠶᠢᠨ | ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠯᠤᠭ᠎ᠠ ᠬᠠᠮᠲᠤᠷᠠᠨ ᠪᠠᠶᠢᠴᠠᠭᠠᠵᠤ ᠂ ᠶᠡᠷᠦᠩᠬᠡᠶᠢᠯᠡᠨ | ᠴᠡᠭᠴᠡᠯᠡᠨ ᠵᠠᠰᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠲᠠᠬᠢᠨ ᠪᠦᠲᠦᠭᠡᠪᠡ ᠃ | ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠬᠡᠷᠡᠭ ᠢ ︽ᠢᠯᠡᠷᠡᠭᠦᠯᠬᠦ ᠳᠤ ᠯᠡ | ᠬᠥᠷᠪᠡᠯ ᠡᠴᠦᠰ ᠲᠤ ᠨᠢ ᠲᠤᠯᠲᠠᠯ᠎ᠠ ᠠᠳᠬᠤᠶ᠎ᠠ ︾ ᠃ ᠶᠡᠷᠦᠩᠬᠡᠶ ᠱᠦᠵᠢ ᠰᠢ ᠶᠢᠨ ᠫᠢᠩ ᠄ ︽ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ ᠲᠡᠦᠬᠡ᠂ | ᠦᠷ᠎ᠡ ᠬᠤᠶᠢᠴᠢᠰ ᠤᠨ ᠢᠶᠠᠨ ᠲᠥᠯᠥᠭᠡ ᠬᠢᠭᠰᠡᠨ ᠠᠵᠢᠯ ᠪᠣᠯᠣᠨ᠎ᠠ ︾ ᠭᠡᠵᠦ ᠲᠡᠭᠦᠨ ᠤ ᠳᠣᠲᠣᠷᠠᠬᠢ ᠦᠨᠡᠨ | ᠤᠳᠬ᠎ᠠ ᠶᠢ ᠨᠢ ᠥᠭᠦᠯᠡᠪᠡ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ ᠥᠭᠬᠦ ᠳᠤ᠂ ᠥᠷᠭᠡᠨ ᠤᠯᠠᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭ᠎ᠠ᠂ ᠪᠦᠲᠦᠭᠡᠯᠴᠢ | ᠴᠢᠨᠠᠷ ᠢ ᠨᠢ ᠭᠦᠢᠴᠡᠳ ᠳᠠᠶᠢᠴᠢᠯᠠᠬᠤ ᠬᠡᠷᠡᠭᠲᠡᠢ᠃ | ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ᠂ ᠠᠮᠢ ᠠᠬᠤᠢ ᠶᠢᠨ | ᠰᠣᠶᠣᠯ ᠢ ᠪᠣᠶᠢᠵᠢᠭᠤᠯᠤᠨ ᠪᠠᠳᠠᠷᠠᠭᠤᠯᠬᠤ ᠶᠢ ᠮᠠᠰᠢ ᠴᠢᠬᠤᠯᠠᠴᠢᠯᠠᠪᠠ᠃ ᠪᠦᠬᠦ ᠨᠡᠶᠢᠭᠡᠮ ᠢᠶᠠᠷ ᠢᠶᠠᠨ ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ ᠣᠨᠣᠯᠵᠢᠬᠤᠨ ᠢ | ᠪᠠᠲᠤᠳᠬᠠᠨ ᠦᠢᠯᠡᠳᠦᠯᠭᠡᠵᠢᠭᠦᠯᠬᠦ ᠨᠢ ᠵᠧᠵᠢᠶᠠᠩ ᠢ ᠠᠮᠢ ᠠᠬᠤᠢ ᠶᠢᠨ ᠮᠤᠵᠢ ᠪᠣᠯᠭᠠᠨ ᠪᠦᠳᠦᠭᠡᠨ ᠪᠠᠶᠢᠭᠤᠯᠬᠤ ᠶᠢᠨ | ᠥᠨᠢᠳᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠪᠠ᠃ | ᠰᠢᠨ᠎ᠡ ᠴᠠᠭ ᠦᠶ᠎ᠡ ᠳᠤ ᠣᠷᠣᠭᠠᠳ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ | ᠮᠣᠳᠣ ᠲᠠᠷᠢᠬᠤ ᠠᠵᠢᠯᠯᠠᠭ᠎ᠠ ᠳᠤ 12 ᠵᠢᠯ ᠳᠠᠷᠠᠭᠠᠯᠠᠭᠠᠳ ᠲᠥᠷᠥᠭᠦᠯᠠᠵᠦ ᠣᠷᠣᠯᠴᠠᠪᠠ᠃ ᠡᠨᠡ ᠵᠢᠯ ᠨᠡᠶᠢᠰᠯᠡᠯ ᠤᠨ | ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠶᠡᠷᠦᠩᠬᠡᠢ ᠱᠦᠵᠢ ᠤᠯᠠᠨ ᠳᠤ ︽ | ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠡᠯᠴᠢ᠂ ᠠᠮᠢ | ᠠᠬᠤᠢ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ | ᠪᠠᠶᠢᠭᠤᠯᠬᠤ ᠳᠤ ᠬᠤᠪᠢ ᠨᠡᠮᠡᠷᠢ ᠦᠵᠡᠭᠦᠯᠵᠡᠭᠡᠶ᠎ᠡ ︾ ᠭᠡᠵᠦ ᠤᠷᠢᠶᠠᠯᠠᠪᠠ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠳᠤ ᠬᠥᠮᠦᠨ ᠪᠦᠬᠦᠨ ᠬᠠᠮᠵᠢᠯᠴᠠᠭᠰᠠᠨ ᠂ ᠳᠡᠮᠵᠢᠭᠰᠡᠨ ᠂ ᠣᠷᠣᠯᠴᠠᠭᠰᠠᠨ ᠨᠡᠶᠢᠭᠡᠮ ᠤᠨ ᠠᠭᠤᠷ | ᠠᠮᠢᠰᠬᠤᠯ ᠠᠯᠬᠤᠮ ᠠᠯᠬᠤᠮ ᠢᠶᠠᠷ ᠪᠤᠢ ᠪᠣᠯᠪᠠ ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠨᠣᠭᠤᠭᠠᠷᠠᠭᠤᠯᠤᠯᠲᠠ ᠶᠢ ᠤᠯᠠᠮ ᠵᠤᠵᠠᠭᠠᠯᠠᠬᠤ ᠬᠡᠷᠡᠭᠲᠡᠢ᠃ | ︽ ᠪᠢᠲᠠ ᠣᠲᠣᠭᠢᠴᠢᠯᠠᠬᠰᠠᠨ ᠣᠯᠣᠰ ᠢ ᠪᠦᠲᠦᠭᠡᠨ ᠪᠠᠶᠢᠭᠤᠯᠬᠤ ᠳᠤ ᠠᠮᠧᠷᠢᠺᠠ ᠡᠸᠦ᠋ᠷᠦᠫᠡ ᠶᠢᠨ ᠬᠠᠭᠤᠴᠢᠨ | ᠵᠠᠮ ᠢᠶᠠᠷ ᠵᠠᠮᠨᠠᠵᠤ ᠪᠣᠯᠬᠤ ᠦᠭᠡᠢ ᠂ ᠡᠰᠡ ᠲᠡᠭᠡᠪᠡᠯ ᠬᠡᠲᠣᠠ ᠲᠠᠯᠠᠭᠡᠢ ᠶᠢᠨ ᠪᠥᠮᠪᠥᠷᠴᠡᠭ ᠪᠠᠶᠢᠭᠰᠠᠨ ᠴᠤ | ᠪᠦᠷᠢᠯᠭᠡᠬᠦ ᠶᠢ ᠳᠠᠭᠠᠭᠠᠬᠤ ᠦᠭᠡᠢ᠃︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠪᠣᠬᠢᠷᠲᠤᠯ ᠦᠭᠡᠢ | ᠬᠥᠭᠵᠢᠯᠲᠡ ᠶᠢᠨ ᠵᠠᠮ ᠳᠠᠬᠢ ᠪᠣᠳᠣᠯᠬᠢᠯᠠᠯ ᠨᠢ ᠮᠠᠰᠢ ᠭᠦᠨᠵᠡᠭᠡᠢ ᠪᠠᠶᠢᠯ᠎ᠠ ᠃ | ᠬᠥᠭᠵᠢᠯᠲᠡ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ | ᠶᠤᠮ᠃ ᠪᠣᠬᠢᠷᠲᠤᠯ ᠦᠭᠡᠢ ᠨᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠶᠢ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠤᠪᠤᠶᠢᠮ᠎ᠠ | ᠪᠠᠶᠢᠷᠢᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠣᠬᠢᠷᠲᠤᠯ | ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ | ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠭᠡᠨ | ᠪᠠᠶᠢᠭᠤᠯᠤᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠬᠤ ᠁ | ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠂ ᠪᠣᠬᠢᠷᠲᠤᠯ | ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠬᠦᠳᠦᠯᠦᠨ ᠳᠠᠭᠠᠭᠤᠯᠪᠠ᠃ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ ᠃ ᠲᠦᠮᠡᠨ ᠭᠠᠵᠠᠷ ᠤᠨ | ᠠᠭᠤᠯᠠ ᠭᠤᠣᠯ ᠨᠡᠩ ᠦᠵᠡᠰᠬᠦᠯᠡᠩᠲᠦ ᠰᠠᠶᠢᠬᠠᠨ ᠪᠣᠯᠵᠤ᠂ ᠪᠢᠳᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠢ ᠠᠬᠤᠢ ᠶᠢᠨ ᠭᠠᠶᠢᠬᠠᠮᠰᠢᠭ᠂ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠪᠡ᠃ | ᠨᠢᠳᠤᠨᠤᠨ ᠤ ᠪᠦᠬᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ | ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠄ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ | ᠣᠨᠣᠯᠵᠢᠬᠤᠨ ᠤ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ ᠳᠣᠣᠷ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠠᠰᠤᠷᠠᠯᠳᠠ | ᠦᠭᠡᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠭᠡᠰᠡᠨ ᠶᠡᠭᠡ ᠶᠠᠪᠤᠳᠠᠯ ᠢ ᠰᠠᠶᠢᠲᠤᠷ | ᠬᠢᠬᠦ ᠳᠤ ᠪᠢᠳᠡ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ | ᠪᠦᠲᠦᠭᠡᠵᠦ ᠂ ᠠᠷᠠᠳ ᠲᠦᠮᠡᠨ ᠳᠤ ᠪᠠᠨ ᠪᠤᠶᠠᠨ ᠦᠢᠯᠡᠳᠴᠦ᠂ ᠦᠷ᠎ᠡ ᠬᠤᠶᠢᠴᠢᠰ ᠲᠤ ᠪᠠᠨ ᠬᠡᠰᠢᠭ ᠬᠦᠷᠲᠡᠭᠡᠶ᠎ᠡ ᠃ | | |