ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠨᠠᠶᠢᠳᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/9/11
  ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾᠎ ᠂ ︽ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠤᠨ ᠲᠣᠭᠲᠠᠭᠠᠯ ᠢ ᠦᠨᠳᠦᠰᠦᠯᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳᠦᠷᠦᠭᠡ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ᠲᠤ ᠨᠠᠶᠢᠳᠠᠨ ᠬᠡᠷᠡᠭᠵᠢᠭᠦᠯᠵᠦ ᠂ ᠡᠳᠦᠭᠡ ᠨᠠᠶᠢᠳᠠᠭᠰᠠᠨ ᠪᠠᠶᠢᠳᠠᠯ ᠢᠶᠠᠨ ᠳᠣᠤᠷᠠᠬᠢ ᠮᠡᠲᠦ ᠵᠠᠷᠯᠠᠶ᠎ᠠ ᠃  ᠨᠢᠭᠡ ᠂ ᠨᠠᠶᠢᠳᠠᠭᠰᠠᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠨᠠᠶᠢᠳᠠᠯᠭ᠎ᠠ ᠶᠢ ᠬᠦᠯᠢᠶᠡᠭᠰᠡᠨ ᠵᠣᠬᠢᠶᠠᠨ ᠪᠠᠶᠢᠭᠤᠯᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠤᠰᠤᠨ ᠶᠠᠪᠤᠳᠠᠯ ᠤᠨ ᠦᠢᠯᠡᠴᠢᠯᠡᠭᠡᠨ ᠤ ᠲᠥᠪ  ︵ᠨᠢᠭᠡ︶ ᠬᠠᠤᠯᠢ ᠬᠡᠷᠡᠭᠵᠢᠭᠦᠯᠬᠦ ᠣᠷᠣᠨ ᠪᠥᠰᠡ ᠶᠢᠨ ᠬᠡᠪᠴᠢᠶ᠎ᠡ ᠃   ᠬᠦᠯᠦᠨ ᠪᠤᠶᠢᠷ ᠬᠤᠲᠠ ᠂ ᠬᠢᠩᠭᠠᠨ ᠠᠶᠢᠮᠠᠭ ᠂ ᠲᠦᠩᠯᠢᠶᠤᠤ ᠬᠤᠲᠠ ᠂ ᠤᠯᠠᠭᠠᠨᠬᠠᠳᠠ ᠬᠤᠲᠠ ᠂ ᠰᠢᠯᠢ ᠶᠢᠨ ᠭᠤᠣᠯ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠃  ︵ᠬᠤᠶᠠᠷ︶ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠃  1. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠶᠢ ᠦᠨᠳᠦᠰᠦᠯᠡᠨ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ᠵᠡᠷᠭᠡ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠂ ᠤᠰᠤᠨ ᠤ ᠢᠨᠵᠧᠨᠧᠷᠢᠩ ᠤᠨ ᠠᠮᠤᠷ ᠲᠦᠪᠰᠢᠨ ᠤ ᠬᠠᠮᠠᠭᠠᠯᠠᠯᠲᠠ ᠂ ᠤᠰᠤ ᠰᠢᠷᠣᠶ ᠶᠢ ᠬᠠᠮᠠᠭᠠᠯᠠᠬᠤ ᠬᠠᠮᠢᠶᠠᠷᠤᠯᠲᠠ ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠬᠠᠶ ᠶᠢᠨ ᠲᠠᠯᠠᠪᠠᠶ ᠳᠤ ᠬᠤᠷᠢᠭᠯᠠᠨ ᠵᠣᠭᠰᠣᠭᠠᠪᠠ ᠃  2. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠰᠢᠢᠳᠪᠦᠷᠢᠯᠡᠭᠦᠯᠦᠭᠰᠡᠨ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠂ ᠬᠡᠷᠡᠭ ᠪᠣᠯᠭᠠᠨ ᠳᠠᠩᠰᠠᠯᠠᠭᠰᠠᠨ ᠤᠰᠤᠨ ᠤ ᠶᠠᠪᠤᠳᠠᠯ ᠤᠨ ᠬᠡᠷᠡᠭ ᠲᠤ ᠪᠠᠶᠢᠴᠠᠭᠠᠯᠲᠠ ᠬᠢᠬᠦ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ ᠵᠠᠰᠠᠭ ᠵᠠᠬᠢᠷᠭᠠᠨ ᠢᠶᠠᠷ ᠠᠯᠪᠠᠳᠠᠬᠤ ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠃  3. ᠰᠠᠯᠠᠭ᠎ᠠ ᠮᠥᠴᠢᠷ ᠠᠯᠤᠰᠯᠠᠨ ᠂ ᠣᠷᠣᠨ ᠪᠦᠰᠡ ᠪᠤᠶᠤ ᠰᠠᠪᠠ ᠭᠠᠵᠠᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠣᠷᠣᠯᠴᠠᠨ᠎ᠠ ᠃  4. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠶᠠᠨ ᠪᠠᠶᠢᠭᠤᠯᠤᠨ ᠪᠠᠶᠢᠴᠠᠭᠠᠬᠤ ᠪᠠ ᠵᠥᠪᠳᠡᠯᠴᠡᠨ ᠵᠣᠬᠢᠴᠠᠭᠤᠯᠤᠨ᠎ᠠ ᠃  ︵ᠭᠤᠷᠪᠠ︶ ᠨᠠᠶᠢᠳᠠᠭᠰᠠᠨ ᠬᠠᠤᠯᠢ ᠬᠡᠷᠡᠭᠵᠢᠭᠦᠯᠬᠦ ᠬᠤᠭᠤᠴᠠᠭ᠎ᠠ ᠃  2024 ᠣᠨ ᠤ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2026 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠃  ︵ᠲᠦᠷᠪᠡ︶ ᠨᠠᠶᠢᠳᠠᠭᠰᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ ᠃  1. ᠨᠠᠶᠢᠳᠠᠭᠰᠠᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠂ ᠪᠠᠶᠢᠴᠠᠭᠠᠯᠲᠠ ᠬᠢᠬᠦ ᠬᠡᠷᠡᠭᠲᠡᠢ︔ ᠨᠠᠶᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠶᠢᠨ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠤ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃  ︵2︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠨᠠᠶᠢᠳᠠᠭᠰᠠᠨ ᠨᠢᠭᠡᠴᠢ ᠡᠭᠦᠷᠭᠡᠯᠡᠨ᠎ᠡ ᠃  ︵3︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭᠠᠨ᠎ᠠ ᠃  ︵4︶ ᠨᠠᠶᠢᠳᠠᠯᠭ᠎ᠠ ᠬᠦᠯᠢᠶᠡᠭᠰᠡᠨ ᠨᠢᠭᠡᠴᠢ ᠳᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠨ᠎ᠡ ᠃  2. ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠡᠷᠬᠡᠪᠰᠢ ᠨᠠᠶᠢᠳᠠᠭᠰᠠᠨ ᠪᠠᠶᠢᠭᠤᠯᠭ᠎ᠠ ᠶᠢᠨ ᠨᠡᠷ᠎ᠡ ᠪᠠᠷ ᠂ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠬᠡᠷᠡᠭᠲᠡᠶ ᠂ ᠥᠪᠡᠷ ᠤᠨ ᠨᠡᠷ᠎ᠡ ᠪᠠᠷ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠠᠴᠠ ᠳᠠᠪᠠᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ ᠪᠣᠯᠬᠤ ᠦᠭᠡᠶ ᠂ ᠨᠠᠶᠢᠳᠠᠭᠰᠠᠨ ᠪᠠᠶᠢᠭᠤᠯᠭ᠎ᠠ ᠶᠢᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠪᠠᠨ ᠳᠠᠬᠢᠨ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠨᠠᠶᠢᠳᠠᠨ ᠬᠡᠷᠡᠭᠵᠢᠭᠦᠯᠵᠦ ᠪᠣᠯᠬᠤ ᠦᠭᠡᠶ ᠃  ︵2︶ ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠶᠢᠨ ᠠᠵᠢᠯᠲᠠᠳ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠬᠢᠬᠦ ᠳᠤ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠵᠤ ᠲᠠᠷᠬᠠᠭᠠᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠶ ᠃  ︵3︶ ᠨᠠᠶᠢᠳᠠᠯᠭ᠎ᠠ ᠬᠦᠯᠢᠶᠡᠭᠰᠡᠨ ᠨᠢᠭᠡᠴᠢ ᠤᠰᠤᠨ ᠤ ᠶᠠᠪᠤᠳᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠂ ᠬᠡᠷᠡᠭ ᠢ ᠰᠢᠢᠳᠪᠦᠷᠢᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠂ ᠪᠣᠳᠠᠲᠤ ᠶᠠᠪᠤᠳᠠᠯ ᠨᠢ ᠲᠣᠳᠣᠷᠬᠠᠶ ᠂ ᠭᠡᠷᠡᠴᠢ ᠪᠠᠷᠢᠮᠲᠠ ᠨᠢ ᠦᠨᠡᠨ ᠪᠣᠳᠠᠲᠠᠶ ᠂ ᠰᠢᠨᠵᠢ ᠴᠢᠨᠠᠷ ᠨᠢ ᠣᠨᠣᠪᠴᠢᠲᠠᠶ ᠂ ᠬᠠᠤᠯᠢ ᠴᠠᠭᠠᠵᠠ ᠬᠡᠷᠡᠭᠯᠡᠭᠰᠡᠨ ᠨᠢ ᠵᠥᠪ ᠣᠨᠣᠪᠴᠢᠲᠠᠶ ᠪᠠᠶᠢᠬᠤ ᠬᠡᠷᠡᠭᠲᠡᠶ ᠃  ︵4︶ ᠨᠠᠶᠢᠳᠠᠭᠰᠠᠨ ᠪᠠᠶᠢᠭᠤᠯᠭ᠎ᠠ ᠶᠢᠨ ᠬᠢᠨᠠᠯᠲᠠ ᠲᠠᠯᠪᠢᠬᠤ ᠂ ᠵᠢᠯᠣᠭᠤᠳᠬᠤ ᠪᠠ ᠪᠠᠶᠢᠴᠠᠭᠠᠬᠤ ᠶᠢ ᠬᠦᠯᠢᠶᠡᠵᠦ ᠂ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠶᠢᠳᠠᠭᠰᠠᠨ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠃  ︵5︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠤᠨ ᠨᠡᠷ᠎ᠡ ᠪᠠᠷ ᠢᠶᠠᠨ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠤᠷᠰᠢᠭ ᠢ ᠪᠣᠯ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠢᠶᠠᠨ ᠡᠭᠦᠷᠭᠡᠯᠡᠨ᠎ᠡ ᠃  ᠬᠤᠶᠠᠷ ᠂ ᠨᠠᠶᠢᠳᠠᠭᠰᠠᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠨᠠᠶᠢᠳᠠᠯᠭ᠎ᠠ ᠶᠢ ᠬᠦᠯᠢᠶᠡᠭᠰᠡᠨ ᠵᠣᠬᠢᠶᠠᠨ ᠪᠠᠶᠢᠭᠤᠯᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ  ︵ᠨᠢᠭᠡ︶ ᠬᠠᠤᠯᠢ ᠬᠡᠷᠡᠭᠵᠢᠭᠦᠯᠬᠦ ᠣᠷᠣᠨ ᠪᠥᠰᠡ ᠶᠢᠨ ᠬᠡᠪᠴᠢᠶ᠎ᠡ ᠃  ᠬᠥᠬᠡᠬᠤᠲᠠ ᠂ ᠪᠤᠭᠤᠲᠤ ᠬᠤᠲᠠ ᠂ ᠤᠯᠠᠭᠠᠨᠴᠠᠪ ᠬᠤᠳᠠ ᠂ ᠣᠷᠳᠣᠰ ᠬᠤᠳᠠ ᠂ ᠪᠠᠶᠠᠨᠨᠠᠭᠤᠷ ᠬᠤᠲᠠ ᠂ ᠦᠬᠠᠶ ᠬᠤᠳᠠ ᠂ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠤᠳᠤᠷ᠎ᠠ ᠃  ︵ᠬᠤᠶᠠᠷ︶ ᠨᠠᠶᠢᠳᠠᠭᠰᠠᠨ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠃  1. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠶᠢ ᠦᠨᠳᠦᠰᠦᠯᠡᠨ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ᠵᠡᠷᠭᠡ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠂ ᠤᠰᠤᠨ ᠤ ᠢᠨᠵᠧᠨᠧᠷᠢᠩ ᠤᠨ ᠠᠮᠤᠷ ᠲᠦᠪᠰᠢᠨ ᠤ ᠬᠠᠮᠠᠭᠠᠯᠠᠯᠲᠠ ᠂  ᠤᠰᠤ ᠰᠢᠷᠣᠶ ᠶᠢ ᠬᠠᠮᠠᠭᠠᠯᠠᠬᠤ ᠬᠠᠮᠢᠶᠠᠷᠤᠯᠲᠠ ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠬᠠᠶ ᠶᠢᠨ ᠲᠠᠯᠠᠪᠠᠶ ᠳᠤ ᠬᠤᠷᠢᠭᠯᠠᠨ ᠵᠣᠭᠰᠣᠭᠠᠪᠠ ᠃  2. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠰᠢᠢᠳᠪᠦᠷᠢᠯᠡᠭᠦᠯᠦᠭᠰᠡᠨ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠂ ᠬᠡᠷᠡᠭ ᠪᠣᠯᠭᠠᠨ ᠳᠠᠩᠰᠠᠯᠠᠭᠰᠠᠨ ᠤᠰᠤᠨ ᠤ ᠶᠠᠪᠤᠳᠠᠯ ᠤᠨ ᠬᠡᠷᠡᠭ ᠲᠤ ᠪᠠᠶᠢᠴᠠᠭᠠᠯᠲᠠ ᠬᠢᠬᠦ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ ᠵᠠᠰᠠᠭ ᠵᠠᠬᠢᠷᠭᠠᠨ ᠢᠶᠠᠷ ᠠᠯᠪᠠᠳᠠᠬᠤ ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠃  3. ᠰᠠᠯᠠᠭ᠎ᠠ ᠮᠥᠴᠢᠷ ᠠᠯᠤᠰᠯᠠᠨ ᠂ ᠣᠷᠣᠨ ᠪᠦᠰᠡ ᠪᠤᠶᠤ ᠰᠠᠪᠠ ᠭᠠᠵᠠᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠣᠷᠣᠯᠴᠠᠨ᠎ᠠ ᠃  4. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠶᠠᠨ ᠪᠠᠶᠢᠭᠤᠯᠤᠨ ᠪᠠᠶᠢᠴᠠᠭᠠᠬᠤ ᠪᠠ ᠵᠥᠪᠳᠡᠯᠴᠡᠨ ᠵᠣᠬᠢᠴᠠᠭᠤᠯᠤᠨ᠎ᠠ ᠃  ︵ᠭᠤᠷᠪᠠ︶ ᠨᠠᠶᠢᠳᠠᠭᠰᠠᠨ ᠬᠠᠤᠯᠢ ᠬᠡᠷᠡᠭᠵᠢᠭᠦᠯᠬᠦ ᠬᠤᠭᠤᠴᠠᠭ᠎ᠠ ᠃  2024 ᠣᠨ ᠤ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2026 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠃  ︵ᠲᠦᠷᠪᠡ︶ ᠨᠠᠶᠢᠳᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ ᠃  1. ᠨᠠᠶᠢᠳᠠᠭᠰᠠᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠂ ᠪᠠᠶᠢᠴᠠᠭᠠᠯᠲᠠ ᠬᠢᠬᠦ ᠬᠡᠷᠡᠭᠲᠡᠢ︔ ᠨᠠᠶᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠶᠢᠨ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠤ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃  ︵2︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠨᠠᠶᠢᠳᠠᠭᠰᠠᠨ ᠨᠢᠭᠡᠴᠢ ᠡᠭᠦᠷᠭᠡᠯᠡᠨ᠎ᠡ ᠃  ︵3︶ ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭᠠᠨ᠎ᠠ ᠃  ︵4︶ ᠨᠠᠶᠢᠳᠠᠯᠭ᠎ᠠ ᠬᠦᠯᠢᠶᠡᠭᠰᠡᠨ ᠨᠢᠭᠡᠴᠢ ᠳᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠨ᠎ᠡ ᠃  2. ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠡᠷᠬᠡᠪᠰᠢ ᠨᠠᠶᠢᠳᠠᠭᠰᠠᠨ ᠪᠠᠶᠢᠭᠤᠯᠭ᠎ᠠ ᠶᠢᠨ ᠨᠡᠷ᠎ᠡ ᠪᠠᠷ ᠂ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠬᠡᠷᠡᠭᠲᠡᠶ ᠂ ᠥᠪᠡᠷ ᠤᠨ ᠨᠡᠷ᠎ᠡ ᠪᠠᠷ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠠᠴᠠ ᠳᠠᠪᠠᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ ᠪᠣᠯᠬᠤ ᠦᠭᠡᠶ ᠂ ᠨᠠᠶᠢᠳᠠᠭᠰᠠᠨ ᠪᠠᠶᠢᠭᠤᠯᠭ᠎ᠠ ᠶᠢᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠪᠠᠨ ᠳᠠᠬᠢᠨ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠨᠠᠶᠢᠳᠠᠨ ᠬᠡᠷᠡᠭᠵᠢᠭᠦᠯᠵᠦ ᠪᠣᠯᠬᠤ ᠦᠭᠡᠶ ᠃  ︵2︶ ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠶᠢᠨ ᠠᠵᠢᠯᠲᠠᠳ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠬᠢᠬᠦ ᠳᠤ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠵᠤ ᠲᠠᠷᠬᠠᠭᠠᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠶ ᠃  ︵3︶ ᠨᠠᠶᠢᠳᠠᠯᠭ᠎ᠠ ᠬᠦᠯᠢᠶᠡᠭᠰᠡᠨ ᠨᠢᠭᠡᠴᠢ ᠤᠰᠤᠨ ᠤ ᠶᠠᠪᠤᠳᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠂ ᠬᠡᠷᠡᠭ ᠢ ᠰᠢᠢᠳᠪᠦᠷᠢᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠂ ᠪᠣᠳᠠᠲᠤ ᠶᠠᠪᠤᠳᠠᠯ ᠨᠢ ᠲᠣᠳᠣᠷᠬᠠᠶ ᠂ ᠭᠡᠷᠡᠴᠢ ᠪᠠᠷᠢᠮᠲᠠ ᠨᠢ ᠦᠨᠡᠨ ᠪᠣᠳᠠᠲᠠᠶ ᠂ ᠰᠢᠨᠵᠢ ᠴᠢᠨᠠᠷ ᠨᠢ ᠣᠨᠣᠪᠴᠢᠲᠠᠶ ᠂ ᠬᠠᠤᠯᠢ ᠴᠠᠭᠠᠵᠠ ᠬᠡᠷᠡᠭᠯᠡᠭᠰᠡᠨ ᠨᠢ ᠵᠥᠪ ᠣᠨᠣᠪᠴᠢᠲᠠᠶ ᠪᠠᠶᠢᠬᠤ ᠬᠡᠷᠡᠭᠲᠡᠶ ᠃  ︵4︶ ᠨᠠᠶᠢᠳᠠᠭᠰᠠᠨ ᠪᠠᠶᠢᠭᠤᠯᠭ᠎ᠠ ᠶᠢᠨ ᠬᠢᠨᠠᠯᠲᠠ ᠲᠠᠯᠪᠢᠬᠤ ᠂ ᠵᠢᠯᠣᠭᠤᠳᠬᠤ ᠪᠠ ᠪᠠᠶᠢᠴᠠᠭᠠᠬᠤ ᠶᠢ ᠬᠦᠯᠢᠶᠡᠵᠦ ᠂ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠶᠢᠳᠠᠭᠰᠠᠨ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠃  ︵5︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠤᠨ ᠨᠡᠷ᠎ᠡ ᠪᠠᠷ ᠢᠶᠠᠨ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠤᠷᠰᠢᠭ ᠢ ᠪᠣᠯ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠢᠶᠠᠨ ᠡᠭᠦᠷᠭᠡᠯᠡᠨ᠎ᠡ ᠃  ᠭᠤᠷᠪᠠ ᠂ ᠨᠠᠶᠢᠳᠠᠭᠰᠠᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠥᠭᠡ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ  ︵ᠨᠢᠭᠡ︶ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠃  ᠬᠠᠲᠤᠨ ᠭᠤᠤᠯ ᠤᠨ ᠳᠥᠷᠥᠭᠡ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠠᠵᠢᠯᠯᠠᠭᠠᠨ ᠤ ᠠᠮᠤᠷ ᠲᠦᠪᠰᠢᠨ ᠵᠢᠴᠢ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠶᠠᠪᠤᠴᠠ ᠳᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠯᠪᠣᠭᠳᠠᠬᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ ᠂ ᠲᠤᠬᠠᠶ ᠶᠢᠨ ᠲᠠᠯᠠᠪᠤᠷ ᠲᠤ ᠬᠠᠲᠤᠨ ᠭᠤᠤᠯ ᠤᠨ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶᠡᠨ ᠳᠤ ᠬᠡᠷᠡᠭᠵᠢᠭᠦᠯᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠭᠰᠠᠨ ᠬᠠᠮᠢᠶ᠎ᠠ ᠪᠥᠬᠦᠶ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠂ ᠬᠡᠷᠡᠭ ᠪᠣᠯᠭᠠᠨ ᠳᠠᠩᠰᠠᠯᠠᠭᠰᠠᠨ ᠤᠰᠤᠨ ᠤ ᠶᠠᠪᠤᠳᠠᠯ ᠤᠨ ᠬᠡᠷᠡᠭ ᠲᠤ ᠪᠠᠶᠢᠴᠠᠭᠠᠯᠲᠠ ᠬᠢᠬᠦ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ ᠵᠠᠰᠠᠭ ᠵᠠᠬᠢᠷᠭᠠᠨ ᠤ ᠠᠯᠪᠠᠳᠠᠯᠭ᠎ᠠ ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰ ᠳᠠᠷᠠᠭᠠᠯᠠᠯ ᠢ ᠭᠦᠢᠴᠡᠳᠬᠡᠪᠡ ᠃  1. ᠤᠰᠤᠯᠠᠯᠲᠠ ᠶᠢᠨ ᠣᠷᠣᠨ ᠤ ᠢᠨᠵᠧᠨᠧᠷᠢᠩ ᠬᠢᠭᠡᠳ ᠬᠤᠯᠪᠣᠭᠳᠠᠯ ᠪᠦᠬᠦᠢ ᠪᠡᠯᠡᠳᠬᠡᠮᠵᠢ ᠶᠢ ᠡᠵᠡᠯᠡᠭᠰᠡᠨ ᠪᠤᠶᠤ ᠰᠦᠢᠳᠬᠡᠭᠰᠡᠨ :  2. ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠠᠵᠢᠯᠯᠠᠭᠠᠨ ᠢ ᠨᠥᠯᠥᠭᠡᠯᠡᠬᠦ ᠪᠠ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠠᠶᠤᠯ ᠦᠭᠡᠶ ᠶᠢ ᠬᠥᠨᠥᠭᠡᠬᠦ ᠳᠡᠯᠪᠡᠴᠢᠬᠦ ᠂ ᠬᠤᠳᠳᠤᠭ ᠮᠠᠯᠲᠠᠬᠤ ᠂ ᠴᠢᠯᠠᠭᠤ ᠭᠠᠷᠭᠠᠬᠤ ᠂ ᠮᠠᠯᠲᠠᠬᠤ ᠂ ᠰᠢᠷᠣᠶ ᠠᠪᠬᠤ ᠂ ᠬᠠᠭᠠᠯᠪᠤᠷᠢᠯᠠᠨ ᠲᠠᠷᠢᠬᠤ ᠂ ᠬᠡᠭᠦᠷ ᠪᠤᠯᠠᠰᠢᠯᠠᠬᠤ ᠵᠡᠷᠭᠡ ᠠᠵᠢᠯᠯᠠᠭ᠎ᠠ ᠶᠢ ᠡᠷᠬᠢᠯᠡᠨ᠎ᠡ ᠃  3. ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠡᠯᠡᠳᠬᠡᠮᠵᠢ ᠶᠢᠨ ᠤᠰᠤ ᠬᠠᠳᠠᠭᠠᠯᠠᠬᠤ ᠂ ᠤᠰᠤ ᠬᠦᠷᠭᠡᠬᠦ ᠂ ᠤᠰᠤ ᠵᠠᠯᠠᠬᠤ ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠪᠣᠳᠠᠰ ᠢ ᠣᠪᠣᠭᠠᠯᠠᠨ ᠲᠠᠯᠪᠢᠨ᠎ᠠ ᠃  4. ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠡᠯᠡᠳᠬᠡᠮᠵᠢ ᠶᠢᠨ ᠤᠰᠤ ᠬᠠᠳᠠᠭᠠᠯᠠᠬᠤ ᠂ ᠤᠰᠤ ᠳᠠᠮᠵᠢᠭᠤᠯᠬᠤ ᠂ ᠤᠰᠤ ᠵᠠᠯᠠᠬᠤ ᠂ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠣᠯᠤᠨ ᠪᠠᠷᠢᠯᠭ᠎ᠠ ᠶᠢ ᠪᠥᠲᠥᠭᠡᠨ ᠪᠠᠶᠢᠭᠤᠯᠤᠨ᠎ᠠ ᠃  5. ᠤᠰᠤᠯᠠᠯᠲᠠ ᠶᠢᠨ ᠣᠷᠣᠨ ᠤ ᠴᠥᠭᠦᠷᠥᠮ ᠂ ᠭᠤᠤ ᠰᠤᠪᠠᠭ ᠲᠤ ᠪᠣᠬᠢᠷ ᠤᠰᠤ ᠭᠠᠳᠠᠭᠰᠢᠯᠠᠭᠤᠯᠬᠤ ᠂ ᠬᠤᠭ ᠨᠣᠪᠰᠢ ᠴᠢᠳᠬᠤᠬᠤ ᠪᠠ ᠪᠤᠰᠤᠳ ᠬᠠᠶᠠᠭᠳᠠᠮᠠᠯ ᠪᠣᠳᠠᠰ ᠭᠠᠳᠠᠭᠰᠢᠯᠠᠭᠤᠯᠤᠨ᠎ᠠ ᠃  6. ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶᠡᠨ ᠳᠣᠲᠣᠷᠠᠬᠢ ᠭᠠᠵᠠᠷ ᠰᠢᠷᠣᠶ ᠶᠢ ᠡᠵᠡᠯᠡᠨ᠎ᠡ ᠃  ︵ᠬᠤᠶᠠᠷ︶ ᠬᠠᠤᠯᠢ ᠬᠡᠷᠡᠭᠵᠢᠭᠦᠯᠬᠦ ᠬᠤᠭᠤᠴᠠᠭ᠎ᠠ ᠃  2024 ᠣᠨ ᠤ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2026 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠃  ︵ᠭᠤᠷᠪᠠ︶ ᠨᠠᠶᠢᠳᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ ᠃  1. ᠨᠠᠶᠢᠳᠠᠭᠰᠠᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠂ ᠪᠠᠶᠢᠴᠠᠭᠠᠯᠲᠠ ᠬᠢᠬᠦ ᠬᠡᠷᠡᠭᠲᠡᠢ︔ ᠨᠠᠶᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠶᠢᠨ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠤ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃  ︵2︶ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠨᠠᠶᠢᠳᠠᠭᠰᠠᠨ ᠨᠢᠭᠡᠴᠢ ᠡᠭᠦᠷᠭᠡᠯᠡᠨ᠎ᠡ ᠃  ︵3︶ ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭᠠᠨ᠎ᠠ ᠃  ︵4︶ ᠨᠠᠶᠢᠳᠠᠯᠭ᠎ᠠ ᠬᠦᠯᠢᠶᠡᠭᠰᠡᠨ ᠨᠢᠭᠡᠴᠢ ᠳᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠨ᠎ᠡ ᠃  2. ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠡᠭᠦᠷᠭᠡ ᠬᠠᠷᠢᠭᠤᠴᠠᠯᠭ᠎ᠠ  ︵1︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠡᠷᠬᠡᠪᠰᠢ ᠨᠠᠶᠢᠳᠠᠭᠰᠠᠨ ᠪᠠᠶᠢᠭᠤᠯᠭ᠎ᠠ ᠶᠢᠨ ᠨᠡᠷ᠎ᠡ ᠪᠠᠷ ᠂ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠬᠡᠷᠡᠭᠲᠡᠶ ᠂ ᠥᠪᠡᠷ ᠤᠨ ᠨᠡᠷ᠎ᠡ ᠪᠠᠷ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠠᠴᠠ ᠳᠠᠪᠠᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ ᠪᠣᠯᠬᠤ ᠦᠭᠡᠶ ᠂ ᠨᠠᠶᠢᠳᠠᠭᠰᠠᠨ ᠪᠠᠶᠢᠭᠤᠯᠭ᠎ᠠ ᠶᠢᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠪᠠᠨ ᠳᠠᠬᠢᠨ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠨᠠᠶᠢᠳᠠᠨ ᠬᠡᠷᠡᠭᠵᠢᠭᠦᠯᠵᠦ ᠪᠣᠯᠬᠤ ᠦᠭᠡᠶ ᠃  ︵2︶ ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠶᠢᠨ ᠠᠵᠢᠯᠲᠠᠳ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠬᠢᠬᠦ ᠳᠤ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠵᠤ ᠲᠠᠷᠬᠠᠭᠠᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠶ ᠃  ︵3︶ ᠨᠠᠶᠢᠳᠠᠯᠭ᠎ᠠ ᠬᠦᠯᠢᠶᠡᠭᠰᠡᠨ ᠨᠢᠭᠡᠴᠢ ᠤᠰᠤᠨ ᠤ ᠶᠠᠪᠤᠳᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠂ ᠬᠡᠷᠡᠭ ᠢ ᠰᠢᠢᠳᠪᠦᠷᠢᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠂ ᠪᠣᠳᠠᠲᠤ ᠶᠠᠪᠤᠳᠠᠯ ᠨᠢ ᠲᠣᠳᠣᠷᠬᠠᠶ ᠂ ᠭᠡᠷᠡᠴᠢ ᠪᠠᠷᠢᠮᠲᠠ ᠨᠢ ᠦᠨᠡᠨ ᠪᠣᠳᠠᠲᠠᠶ ᠂ ᠰᠢᠨᠵᠢ ᠴᠢᠨᠠᠷ ᠨᠢ ᠣᠨᠣᠪᠴᠢᠲᠠᠶ ᠂ ᠬᠠᠤᠯᠢ ᠴᠠᠭᠠᠵᠠ ᠬᠡᠷᠡᠭᠯᠡᠭᠰᠡᠨ ᠨᠢ ᠵᠥᠪ ᠣᠨᠣᠪᠴᠢᠲᠠᠶ ᠪᠠᠶᠢᠬᠤ ᠬᠡᠷᠡᠭᠲᠡᠶ ᠃  ︵4︶ ᠨᠠᠶᠢᠳᠠᠭᠰᠠᠨ ᠪᠠᠶᠢᠭᠤᠯᠭ᠎ᠠ ᠶᠢᠨ ᠬᠢᠨᠠᠯᠲᠠ ᠲᠠᠯᠪᠢᠬᠤ ᠂ ᠵᠢᠯᠣᠭᠤᠳᠬᠤ ᠪᠠ ᠪᠠᠶᠢᠴᠠᠭᠠᠬᠤ ᠶᠢ ᠬᠦᠯᠢᠶᠡᠵᠦ ᠂ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠶᠢᠳᠠᠭᠰᠠᠨ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠃  ︵5︶ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠤᠨ ᠨᠡᠷ᠎ᠡ ᠪᠠᠷ ᠢᠶᠠᠨ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠤᠷᠰᠢᠭ ᠢ ᠪᠣᠯ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠥᠪᠡᠷ ᠢᠶᠠᠨ ᠡᠭᠦᠷᠭᠡᠯᠡᠨ᠎ᠡ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号