ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2024/9/22
  ᠦᠨᠦᠳᠦᠷ ᠪᠤᠯ ᠳᠤᠯᠤᠳᠤᠭᠠᠷ ︽ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠲᠠ ᠶᠢᠨ       ᠪᠠᠶᠠᠷ︾ ᠪᠤᠯᠤᠨ᠎ᠠ᠃  ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠦᠯᠬᠢᠨ ᠠᠬᠢᠭᠤᠯᠵᠤ ᠪᠠᠶᠢᠭᠤᠯᠤᠭᠰᠠᠨ ᠠᠩᠬᠠᠳᠠᠭᠴᠢ ᠤᠯᠤᠰ ᠤᠨ ᠳᠡᠰ ᠤᠨ ᠳᠠᠪᠬᠤᠷᠭ᠎ᠠ ᠲᠤᠰᠬᠠᠶᠢᠯᠠᠨ ᠲᠠᠷᠢᠶᠠᠴᠢᠳ ᠲᠤ ᠪᠠᠶᠢᠭᠤᠯᠤᠭᠰᠠᠨ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠮᠥᠨ᠃
“丰”光正好1.gif
  ᠬᠠᠪᠤᠷ ᠨᠢᠭᠡ ᠮᠦᠬᠦᠯᠢᠭ ᠨᠠᠷᠢᠮᠤ ᠲᠠᠷᠢᠵᠤ ᠨᠠᠮᠤᠷ ᠲᠦᠮᠡᠨ ᠮᠦᠬᠦᠯᠢᠭ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠢ ︽ᠤᠯᠤᠰ ᠤᠨ ᠶᠡᠭᠡ ᠶᠠᠪᠤᠳᠠᠯ︾ ᠪᠤᠯᠤᠨ᠎ᠠ  ᠶᠡᠷᠦᠩᠬᠡᠶ ᠱᠦᠵᠢ ᠰᠢ ᠶᠢᠨ ᠫᠢᠩ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠪᠣᠯ ᠢᠮᠠᠭᠲᠠ ᠲᠠᠷᠢᠶᠠᠯᠠᠩ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠠᠪᠤᠳᠠᠯ ᠮᠥᠨ ᠭᠡᠵᠦ ᠴᠢᠬᠤᠯᠠᠴᠢᠯᠠᠪᠠ᠃  ᠮᠠᠨ ᠤ ᠤᠯᠤᠰ ᠤᠨ ᠬᠥᠮᠥᠨ ᠣᠯᠠᠨ ᠭᠠᠵᠠᠷ ᠴᠥᠭᠡᠨ ᠤᠰᠤ ᠭᠠᠩ ᠤᠨ ᠭᠠᠮᠰᠢᠭ ᠣᠯᠠᠨ ᠭᠠᠷᠴᠤ ᠤᠰᠤ ᠰᠢᠷᠣᠢ ᠶᠢᠨ ᠡᠬᠢ ᠪᠠᠶᠠᠯᠢᠭ ᠲᠣᠬᠢᠷᠠᠯᠴᠠᠬᠤ ᠦᠭᠡᠢ ᠪᠠᠶᠢᠬᠤ᠂ ᠤᠰᠤᠨ ᠠᠰᠢᠭᠯᠠᠯᠲᠠ ᠨᠢ ᠠᠮᠤ ᠪᠤᠳᠠᠭᠠᠨ ᠤ ᠦᠢᠯᠡᠳᠪᠦᠷᠢᠯᠡᠯ ᠪᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠪᠠᠲᠤᠯᠠᠬᠤ ᠳᠤ ᠲᠤᠶᠢᠯ ᠤᠨ ᠴᠢᠬᠤᠯᠠ ᠦᠢᠯᠡᠳᠦᠯ ᠲᠠᠢ ᠪᠠᠶᠢᠬᠤ ᠶᠢ ᠲᠣᠭᠲᠠᠭᠠᠪᠠ᠃
“丰”光正好2.gif
  ᠲᠠᠷᠢᠶᠠᠯᠠᠩ ᠤᠨ ᠡᠯᠪᠡᠭ ᠬᠤᠷᠢᠶᠠᠯᠲᠠ ᠣᠯᠬᠤ ᠨᠢ ᠤᠰᠤᠨ ᠠᠰᠢᠭᠯᠠᠯᠲᠠ ᠶᠢᠨ ᠪᠠᠲᠤᠯᠠᠭ᠎ᠠ ᠠᠴᠠ ᠰᠠᠯᠵᠤ ᠴᠢᠳᠠᠬᠤ ᠦᠭᠡᠢ  ᠤᠰᠤᠨ ᠠᠰᠢᠭᠯᠠᠯᠲᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠵᠦ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠤᠰᠤᠨ ᠠᠰᠢᠭᠯᠠᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃  ᠤᠰᠤᠨ ᠠᠰᠢᠭᠯᠠᠯᠲᠠ ᠪᠣᠯ ᠲᠠᠷᠢᠶᠠᠯᠠᠩ ᠤᠨ ᠠᠮᠢᠨ ᠰᠤᠳᠠᠰᠦ ᠮᠦᠨ᠂ ᠤᠰᠤᠯᠠᠯᠲᠠ ᠶᠢᠨ ᠣᠷᠣᠨ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠤᠯ ᠬᠦᠴᠦᠨ ᠴᠡᠷᠢᠭ᠂ ᠤᠰᠤᠨ ᠠᠰᠢᠭᠯᠠᠯᠲᠠ ᠶᠢᠨ ᠶᠠᠮᠤᠨ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠴᠢᠭᠯᠡᠯᠲᠡ ᠶᠢ ᠪᠠᠷᠢᠮᠲᠠᠯᠠᠨ ᠤᠰᠤ ᠠᠪᠬᠤ ᠵᠥᠪᠰᠢᠶᠡᠷᠡᠯ ᠢ ᠠᠬᠢᠭᠤᠯᠵᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠠᠬᠢᠭᠤᠯᠵᠤ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ ᠶᠢ 2014 ᠣᠨ ᠳᠤ 402 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠪᠠᠭᠤᠷᠠᠭᠠᠳ 2023 ᠣᠨ ᠪᠣᠯᠬᠤ ᠳᠤ 347 ᠪᠣᠰᠤᠭ᠎ᠠ ᠳᠥᠷᠪᠡᠯᠵᠢᠨ ᠮᠧᠲᠷ ᠪᠤᠯᠵᠦ᠂14 ᠵᠠᠭᠤᠨ ᠤ ᠨᠢᠭᠡᠴᠢ ᠳᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠰᠤ ᠬᠡᠷᠡᠭᠯᠡᠬᠦ ᠵᠥᠷᠢᠴᠡᠯ ᠢ ᠪᠦᠲᠦᠮᠵᠢᠲᠡᠶ ᠨᠠᠮᠳᠠᠭᠤᠯᠪᠠ ᠂ ᠠᠮᠤ ᠪᠤᠳᠠᠭᠠᠨ ᠤ ᠶᠡᠷᠦᠩᠬᠡᠢ ᠤᠨᠠᠯᠲᠠ ᠲᠣᠭᠲᠠᠭᠤᠨ ᠢᠶᠠᠷ ᠨᠡᠮᠡᠭᠳᠡᠵᠦ ᠪᠠᠶᠢᠭ᠎ᠠ ᠪᠠᠶᠢᠳᠠᠯ ᠳᠣᠣᠷ᠎ᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠰᠤ ᠬᠡᠷᠡᠭᠯᠡᠬᠦ ᠵᠥᠷᠢᠴᠡᠯ ᠢ ᠪᠦᠲᠦᠮᠵᠢᠲᠡᠶ ᠨᠠᠮᠳᠠᠭᠤᠯᠪᠠ᠃  ᠪᠦᠬᠦ ᠤᠯᠤᠰ ᠤᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠦᠴᠦᠬᠡᠨ ᠴᠤ ᠨᠡᠮᠡᠭᠳᠡᠭᠰᠡᠨ ᠦᠭᠡᠢ  ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ ᠪᠥᠬᠦ ᠤᠯᠤᠰ ᠲᠤ ᠨᠢᠭᠡᠨᠲᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ 7300 ᠭᠠᠷᠤᠢ ᠬᠥᠭᠡᠷᠭᠡ ᠶᠢᠨ ᠥᠷᠲᠡᠭᠡ᠂ ᠮᠠᠰᠢᠨ ᠬᠤᠳᠳᠤᠭ᠂ ᠴᠥᠭᠦᠷᠥᠮ ᠵᠡᠷᠭᠡ ᠡᠯ᠎ᠡ ᠲᠥᠷᠥᠯ ᠤᠨ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ 2200 ᠭᠠᠷᠤᠢ ᠲᠦᠮᠡᠨ ᠪᠥᠬᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ 10.75 ᠳ᠋ᠦᠩᠰᠢᠭᠤᠷ ᠮᠦ ᠳᠤ ᠬᠦᠷᠴᠦ᠂ ᠪᠥᠬᠦ ᠤᠯᠤᠰ ᠤᠨ 56% ᠶᠢ ᠡᠵᠡᠯᠡᠬᠦ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ ᠳᠡᠭᠡᠷ᠎ᠡ ᠪᠥᠬᠦ ᠤᠯᠤᠰ ᠤᠨ 77% ᠶᠢᠨ ᠠᠮᠤ ᠪᠤᠳᠠᠭ᠎ᠠ ᠪᠠ 90% ᠠᠴᠠ ᠳᠡᠭᠡᠭᠰᠢᠬᠢ ᠠᠵᠤ ᠠᠬᠤᠢ ᠶᠢᠨ ᠲᠠᠷᠢᠮᠠᠯ ᠢ ᠦᠢᠯᠡᠳᠪᠦᠷᠢᠯᠡᠵᠦ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠬᠢᠯᠡᠬᠦ ᠳᠤ ᠪᠠᠲᠤ ᠪᠠᠬᠢ ᠰᠠᠭᠤᠷᠢ ᠲᠠᠯᠪᠢᠪᠠ᠃  ︵︽ᠳᠤᠮᠳᠠᠳᠤ ᠤᠯᠤᠰ ᠤᠨ ᠤᠰᠤᠨ ᠠᠰᠢᠭᠯᠠᠯᠲᠠ︾  ᠠᠴᠠ ᠰᠢᠯᠵᠢᠭᠦᠯᠪᠡ︶   
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号