ᠶᠢᠰᠦᠨ ᠨᠤᠭᠤᠯᠤᠭᠠᠰᠤᠲᠠᠢ ᠬᠠᠳᠤᠨ ᠭᠤᠣᠯ ᠤᠨ ᠲᠦᠮᠡᠨ ᠭᠠᠵᠠᠷ ᠤᠨ ᠡᠯᠡᠰᠦ ᠂ ᠲᠡᠭᠷᠢ ᠶᠢᠨ ᠬᠠᠶᠠᠭᠠᠨ ᠠᠴᠠ | ᠰᠠᠯᠬᠢᠨ ᠤ ᠠᠶ᠎ᠠ ᠪᠠᠷ ᠳᠠᠪᠠᠯᠭᠠᠯᠠᠨ᠎ᠠ ᠃ ᠬᠡᠴᠢᠨᠡᠨ ᠵᠢᠯ ᠤᠨ ᠲᠤᠷᠰᠢ ᠂ ᠬᠠᠲᠤᠨ ᠭᠤᠣᠯ ᠤᠨ ᠶᠡᠭᠡ ᠲᠤᠬᠤᠢ ᠶᠢᠨ | ᠬᠤᠶᠢᠲᠦ ᠬᠥᠪᠡᠭᠡᠨ ᠤ ᠣᠷᠳᠣᠰ ᠬᠤᠲᠠ — ︽ᠠᠷᠪᠠᠨ ᠶᠡᠭᠡ ᠬᠦᠨᠳᠡᠢ︾ ᠪᠠᠷ ᠭᠤᠣᠯ ᠪᠣᠯᠭᠠᠭᠰᠠᠨ ᠪᠦᠳᠦᠭᠦᠯᠢᠭ | ᠡᠯᠡᠰᠦ ᠂ ᠬᠠᠲᠤᠨ ᠭᠤᠣᠯ ᠤᠨ ᠠᠮᠤᠷ ᠲᠦᠪᠰᠢᠨ ᠢ ᠬᠠᠮᠠᠭᠠᠯᠠᠵᠤ ᠂ ᠨᠢᠭᠡ ᠲᠠᠯ᠎ᠠ ᠪᠠᠷ ᠤᠰᠤᠨ ᠤ ᠡᠬᠢ ᠪᠠᠶᠠᠯᠢᠭ | ᠳᠤᠲᠠᠭᠳᠠᠵᠤ ᠂ ᠳ᠋ᠦᠩᠱᠧᠩ ᠲᠣᠭᠤᠷᠢᠭ ᠤᠨ 60 ᠲᠦᠮᠡᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ | ᠪᠣᠯᠤᠨ ᠴᠢ ᠫᠠᠨ ᠵᠢᠩ ᠤᠨ ᠭᠠᠵᠠᠷ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠳᠤ | ᠬᠡᠷᠡᠭᠯᠡᠬᠦ ᠤᠰᠤ ᠳᠤᠲᠠᠭᠳᠠᠵᠤ ᠂ ᠬᠦᠭᠵᠢᠯᠲᠡ ᠶᠢ ᠬᠠᠷᠰᠢᠯᠠᠵᠤ ᠂ ᠤᠰᠤ ᠡᠯᠡᠰᠦᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠨᠢ ᠵᠠᠪᠠᠯ ᠬᠠᠷᠢᠭᠤᠯᠬᠤ ᠰᠡᠳᠦᠪ ᠪᠣᠯᠤᠭᠰᠠᠨ ᠪᠠᠶᠢᠨ᠎ᠠ ᠃ | ᠤᠶᠢᠷ᠎ᠠ ᠳᠤ ᠂ ᠣᠷᠳᠣᠰ ᠬᠤᠲᠠ ᠶᠢᠨ ᠭᠤᠣᠯ ᠬᠤᠲᠠ ᠲᠣᠭᠤᠷᠢᠭ ᠤᠨ ᠬᠠᠲᠤᠨ ᠭᠤᠣᠯ ᠤᠨ ᠤᠰᠤ ᠲᠠᠲᠠᠬᠤ | ᠢᠨᠵᠧᠨᠧᠷᠢᠩ ᠢ ᠵᠢᠩᠬᠢᠨᠢ ᠪᠠᠷ ᠤᠰᠤ ᠨᠡᠪᠲᠡᠷᠡᠭᠦᠯᠬᠦ ᠶᠢ ᠳᠠᠭᠠᠯᠳᠤᠨ ᠂ 1987 ᠣᠨ ᠳᠤ ︽ᠬᠠᠲᠤᠨ ᠭᠤᠣᠯ ᠤᠨ | ᠤᠰᠤ ᠬᠠᠩᠭᠠᠵᠤ ᠪᠣᠯᠬᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ︾ ᠢ ᠬᠡᠷᠡᠭᠵᠢᠭᠦᠯᠦᠭᠰᠡᠨ ᠠᠴᠠ ᠨᠠᠭᠠᠰᠢ ᠂ | ᠬᠠᠲᠤᠨ ᠭᠤᠣᠯ ᠳᠠᠭᠠᠤ ᠬᠤᠲᠠ ᠠᠩᠬ᠎ᠠ ᠤᠳᠠᠭ᠎ᠠ ︽ᠡᠯᠡᠰᠦ ᠬᠠᠰᠢᠬᠤ ᠢᠨᠵᠧᠨᠧᠷᠢᠩ︾ ᠢᠶᠠᠷ ᠳᠠᠮᠵᠢᠨ ᠤᠰᠤ | ᠲᠠᠲᠠᠬᠤ ᠭᠦᠢᠴᠡᠳᠭᠡᠯ ᠲᠤᠭ᠎ᠠ ᠶᠢ ᠪᠡᠶᠡᠯᠡᠭᠦᠯᠪᠡ ᠃ ᠣᠷᠳᠣᠰ ᠠᠴᠠ ᠪᠡᠯᠡ ᠣᠷᠣᠭᠤᠯᠤᠨ ᠂ 3 ᠵᠢᠯ ᠤᠨ | ᠬᠤᠭᠤᠴᠠᠭᠠᠨ ᠳᠤ 6.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠬᠠᠲᠤᠨ ᠭᠤᠤᠯ ᠤᠨ ᠥᠪᠥᠷ | ᠮᠣᠩᠭᠤᠯ ᠳᠠᠬᠢ ᠬᠡᠰᠡᠭ ᠤᠨ ᠭᠤᠤᠯ ᠪᠣᠯᠬᠤ ᠡᠯᠡᠰᠦ ᠭᠠᠷᠬᠤ ᠰᠠᠯᠪᠤᠷᠢ ᠤᠷᠤᠰᠬᠠᠯ ᠤᠨ ︽ᠠᠷᠪᠠᠨ ᠶᠡᠭᠡ ᠬᠦᠨᠳᠡᠢ︾ | ᠶᠢᠨ ᠰᠠᠪᠠ ᠭᠠᠵᠠᠷ ᠲᠤ ᠡᠯᠡᠰᠦ ᠶᠢ ᠬᠠᠰᠢᠬᠤ 151 ᠬᠠᠰᠢᠯᠭ᠎ᠠ ᠪᠠ ᠦᠶᠡᠷ ᠢ ᠵᠠᠯᠠᠬᠤ 1 ᠭᠠᠵᠠᠷ ᠤᠨ ᠡᠯᠡᠰᠦ ᠶᠢ | ᠲᠣᠭᠲᠠᠪᠤᠷᠢᠵᠢᠭᠤᠯᠬᠤ ᠢᠨᠵᠧᠨᠧᠷᠢᠩ ᠵᠢᠴᠢ ᠠᠮᠢ ᠠᠬᠤᠶ ᠶᠢ ᠵᠠᠰᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ ᠂ ᠵᠢᠯ | ᠪᠦᠷᠢ 500 ᠲᠦᠮᠡᠨ ᠲᠣᠨ ᠰᠢᠷ᠎ᠠ ᠰᠢᠪᠠᠷ ᠡᠯᠡᠰᠦ ᠶᠢ ᠪᠠᠭᠠᠰᠬᠠᠵᠤ ᠂ ᠵᠢᠯ ᠪᠦᠷᠢ 2800 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠬᠠᠲᠤᠨ ᠭᠤᠤᠯ ᠤᠨ ᠤᠰᠤ ᠠᠪᠬᠤ ᠬᠦᠢᠴᠡᠳᠬᠡᠯ ᠲᠤᠭ᠎ᠠ ᠶᠢ ᠰᠣᠯᠢᠵᠤ ᠠᠪᠴᠢᠷᠠᠵᠤ ᠂ | ᠭᠤᠤᠯᠳᠠᠯᠭ᠎ᠠ ᠲᠠᠢ ᠣᠷᠣᠨ ᠪᠦᠰᠡ ᠶᠢᠨ ᠤᠰᠤ ᠰᠢᠷᠣᠶ ᠶᠢᠨ ᠢᠳᠡᠭᠳᠡᠯ ᠪᠠ ᠤᠰᠤᠨ ᠤ ᠡᠬᠢ ᠪᠠᠶᠠᠯᠢᠭ ᠳᠤᠲᠠᠭᠳᠠᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠠᠷᠢᠭᠤᠯᠲᠠ ᠥᠭᠭᠦᠭᠰᠡᠨ ᠪᠠᠶᠢᠨ᠎ᠠ ᠃ | ᠵᠣᠷᠢᠭᠲᠠᠢ ᠪᠠᠷ ᠰᠡᠳᠬᠢᠨ ᠪᠣᠳᠣᠯᠬᠢᠯᠠᠵᠤ ᠂ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠪᠠᠷ ᠳᠠᠮᠵᠢᠨ ᠂ ︽ | ᠡᠯᠡᠰᠦ ᠶᠢ ᠬᠠᠰᠢᠵᠤ ᠤᠰᠤ ᠶᠢ ᠰᠣᠯᠢᠬᠤ︾ ᠡᠨᠡ ᠬᠦ ᠬᠠᠳᠤᠨ ᠭᠤᠣᠯ ᠤᠨ ︽ᠶᠡᠭᠡ ᠲᠤᠬᠤᠢ︾ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠂ ᠡᠯᠡᠰᠦᠨ ᠤ ᠭᠠᠮᠰᠢᠭ ᠢ ᠤᠰᠤᠨ ᠠᠰᠢᠭᠯᠠᠯᠲᠠ ᠪᠣᠯᠭᠠᠨ ᠬᠤᠪᠢᠷᠠᠭᠤᠯᠬᠤ ᠰᠢᠨ᠎ᠡ ᠵᠠᠮ | ᠣᠷᠳᠣᠰ ᠲᠤ ᠪᠣᠳᠠᠲᠤ ᠠᠬᠤᠢ ᠪᠣᠯᠵᠤ ᠬᠤᠪᠢᠷᠠᠪᠠ ᠃ ᠤᠰᠤᠨ ᠠᠰᠢᠭᠯᠠᠯᠳᠠ ᠶᠢᠨ ᠶᠠᠮᠤᠨ ᠤ ᠬᠠᠳᠤᠨ ᠭᠤᠤᠯ ᠤᠨ | ᠤᠰᠤᠨ ᠠᠰᠢᠭᠯᠠᠯᠳᠠ ᠶᠢᠨ ᠵᠦᠪᠯᠡᠯ ᠤᠨ ᠬᠠᠳᠤᠨ ᠭᠤᠤᠯ ᠤᠨ ᠳᠡᠭᠡᠳᠤ ᠳᠤᠮᠳᠠᠳᠤ ᠤᠷᠤᠰᠬᠠᠯ ᠤᠨ | ᠬᠠᠮᠢᠶᠠᠷᠤᠯᠳᠠ ᠶᠢᠨ ᠳᠤᠪᠴᠢᠶᠠᠨ ᠤ ᠶᠡᠷᠦᠩᠬᠡᠢ ᠢᠨᠵᠧᠨᠧᠷ ᠢᠤᠢ ᠴᠢᠤᠸᠠᠨ ᠭᠠᠩ ᠄ ︽ᠤᠷᠳᠤᠰ ᠬᠤᠳᠠ ᠤᠰᠤ | ᠠᠷᠪᠢᠯᠠᠬᠤ ᠶᠢ ᠳᠡᠷᠢᠭᠦᠨ ᠳᠤ ᠳᠠᠯᠪᠢᠵᠤ ᠂ ᠤᠷᠤᠨ ᠵᠠᠢ ᠶᠢ ᠳᠡᠩᠴᠡᠬᠦᠷᠢᠳᠡᠢ ᠂ ᠰᠢᠰᠲ᠋ᠧᠮ ᠲᠠᠢ ᠵᠠᠰᠠᠬᠤ ᠂ ᠬᠤᠶᠠᠷ | ᠳᠠᠯ᠎ᠠ ᠪᠠᠷ ᠬᠦᠴᠤᠯᠡᠵᠤ ᠪᠠᠶᠢᠭ᠎ᠠ ᠤᠰᠤ ᠶᠢ ᠵᠠᠰᠠᠬᠤ ᠰᠡᠳᠬᠢᠮᠵᠢ ᠶᠢ ᠳᠤᠭᠤᠰᠢᠯᠠᠭᠤᠯᠤᠨ ᠬᠡᠷᠡᠭᠵᠢᠬᠦᠯᠬᠦ ᠪᠤᠯ | ᠤᠰᠤᠨ ᠤ ᠡᠬᠢ ᠪᠠᠶᠠᠯᠢᠭ ᠢ ᠨᠠᠷᠢᠨ ᠨᠢᠭᠳᠠ ᠪᠤᠳᠤᠵᠤ ᠰᠠᠶᠢᠳᠤᠷ ᠠᠰᠢᠬᠯᠠᠵᠤ ᠂ ᠤᠰᠤᠨ ᠤ ᠡᠬᠢ ᠪᠠᠶᠠᠯᠢᠭ ᠢ | ᠴᠢᠩᠭ᠎ᠠ ᠨᠢᠮᠪᠠᠢ ᠰᠠᠶᠢᠳᠤᠷ ᠬᠠᠮᠢᠶᠠᠷᠬᠤ ᠶᠢᠨ ᠨᠡᠶᠢᠳᠡᠯᠢᠭ ᠬᠡᠷᠡᠭ ᠤᠨ ᠵᠢᠱᠢᠶ᠎ᠡ ᠪᠤᠯᠤᠨ᠎ᠠ︾ ᠭᠡᠵᠤ ᠬᠡᠯᠡᠪᠡ ᠃ | ᠨᠠᠮᠤᠷ ᠤᠨ ᠠᠭᠤᠷ ᠣᠷᠣᠬᠤ ᠳᠤ ᠂ ᠰᠤᠷᠪᠤᠯᠵᠢᠯᠠᠭᠴᠢ ᠳᠠᠯᠠᠳ ᠬᠤᠰᠢᠭᠤᠨ ᠤ ᠱᠤ᠋ ᠯᠢᠨ ᠵᠤᠤ ᠪᠠᠯᠭᠠᠰᠤ ᠠᠴᠠ | ᠪᠠᠷᠠᠭᠤᠨᠰᠢ ᠪᠠᠷᠤᠭ 50 ᠺᠢᠯᠤᠮᠧᠲᠷ ᠵᠠᠶᠢᠲᠠᠶ ᠪᠠᠶᠢᠭ᠎ᠠ ᠰᠢ ᠯᠢᠦ ᠭᠸᠤ ᠶᠢᠨ ᠤᠰᠤ ᠰᠢᠷᠣᠶ ᠶᠢ ᠬᠠᠮᠠᠭᠠᠯᠠᠬᠤ | ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ ᠳᠤ ᠬᠦᠷᠴᠦ ᠂ ᠲᠤᠩᠭᠠᠯᠠᠭ ᠰᠠᠶᠢᠬᠠᠨ ᠭᠤᠤᠯ ᠤᠨ ᠤᠰᠤ | ᠬᠤᠷᠴᠢᠬᠢᠨᠠᠨ ᠤᠷᠤᠰᠤᠨ ᠥᠩᠭᠡᠷᠡᠵᠦ ᠂ ᠬᠤᠶᠠᠷ ᠡᠷᠭᠢ ᠶᠢᠨ ᠡᠪᠡᠰᠦ ᠮᠣᠳᠣ ᠥᠩᠭᠡ ᠢᠯᠭᠠᠷᠠᠨ ᠬᠠᠷᠠᠭᠳᠠᠨ᠎ᠠ ᠃ | ︽︿ᠠᠷᠪᠠᠨ ᠶᠡᠭᠡ ᠬᠦᠨᠳᠡᠢ﹀ ᠨᠢ ᠡᠮᠦᠨ᠎ᠡ ᠠᠴᠠ ᠤᠮᠠᠷᠠᠰᠢ ᠲᠤᠰ ᠲᠤᠰ ᠳᠣᠪᠤ ᠭᠤᠤ ᠵᠢᠯᠠᠭ᠎ᠠ ᠵᠡᠷᠭᠡ | ᠭᠠᠵᠠᠷ ᠤᠳ ᠢᠶᠠᠷ ᠤᠷᠤᠰᠴᠤ ᠂ ᠠᠳᠡᠬᠢ ᠭᠤᠤ ᠭᠠᠩᠭ᠎ᠠ ᠪᠤᠶᠤ ᠤᠰᠤ ᠪᠠᠭ᠎ᠠ ᠪᠥᠭᠡᠳ ᠡᠯᠡᠰᠦ ᠶᠡᠭᠡ ᠲᠠᠢ ᠠᠮᠢ | ᠠᠬᠤᠶ ᠶᠢ ᠪᠣᠶ ᠪᠣᠯᠭᠠᠭᠰᠠᠨ ᠪᠠᠶᠢᠨ᠎ᠠ ᠃ ᠡᠭᠦᠨ ᠳᠤ ᠰᠢ ᠯᠢᠦ ᠭᠧᠤ ᠪᠣᠯ ᠠᠭᠤᠯᠠᠨ ᠦᠶᠡᠷ ᠤᠨ ᠭᠠᠮᠰᠢᠭ ᠬᠠᠮᠤᠭ ᠤᠨ | ᠬᠦᠨᠳᠦ ᠨᠣᠴᠢᠲᠠᠢ ︿ᠬᠦᠨᠳᠡᠢ﹀ ᠪᠣᠯᠣᠨ᠎ᠠ ᠂ ᠠᠭᠤᠯᠠᠨ ᠦᠶᠡᠷ ᠢᠷᠡᠪᠡᠯ ᠂ ᠲᠣᠰᠬᠤᠨ ᠤ ᠠᠷᠠᠳ ᠤᠨ ᠲᠠᠷᠢᠶᠠᠨ | ᠭᠠᠵᠠᠷ ᠂ ᠬᠠᠰᠢᠶ᠎ᠠ ᠰᠠᠷᠠᠪᠴᠢ ᠶᠢ ᠴᠥᠮ ᠡᠪᠳᠡᠭᠦᠯᠦᠭᠰᠡᠨ ᠢᠶᠠᠷ ᠪᠠᠷᠠᠬᠤ ᠦᠭᠡᠢ ᠂ ᠪᠠᠰᠠ ᠶᠡᠭᠡ ᠬᠡᠮᠵᠢᠶᠡᠨ ᠤ ᠡᠯᠡᠰᠦ | ᠰᠢᠪᠠᠷ ᠤᠨ ᠪᠦᠰᠡ ᠶᠢ ᠬᠠᠲᠤᠨ ᠭᠤᠣᠯ ᠳᠤ ᠣᠷᠣᠭᠤᠯᠵᠤ ᠂ ᠬᠠᠲᠤᠨ ᠭᠤᠣᠯ ᠢ 8 ᠤᠳᠠᠭ᠎ᠠ ᠪᠥᠭᠯᠡᠷᠡᠭᠦᠯᠪᠡ︾ | ᠭᠡᠵᠦ ᠳᠠᠯᠠᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠤᠰᠤ ᠬᠠᠮᠠᠭᠠᠯᠠᠬᠤ ᠲᠠᠰᠤᠭ ᠤᠨ | ᠡᠷᠬᠢᠯᠡᠭᠴᠢ ᠸᠠᠩ ᠯᠢ ᠵᠢᠶᠦ᠋ᠨ ᠬᠡᠯᠡᠪᠡ ᠃ | ᠭᠠᠵᠠᠷ ᠤᠨ ᠵᠢᠷᠤᠭ ᠳᠡᠭᠡᠷ᠎ᠡ ᠮᠤᠤ ᠪᠦᠦ ᠯᠠ ᠬᠦᠨᠳᠡᠢ ᠂ ᠪᠤᠷᠰᠠᠲᠠᠶ ᠭᠤᠤ ᠂ ᠬᠠᠷᠠᠢ ᠭᠤᠤ ᠂ ᠰᠢ ᠯᠢᠦ ᠭᠤᠤ | ᠵᠡᠷᠭᠡ ᠬᠠᠲᠤᠨ ᠭᠤᠤᠯ ᠤᠨ ᠨᠢᠭᠡᠳᠦᠭᠡᠷ ᠳᠡᠰ ᠤᠨ 10 ᠰᠠᠯᠪᠤᠷᠢ ᠤᠷᠤᠰᠬᠠᠯ ᠢ ︽ᠠᠷᠪᠠᠨ ᠶᠡᠭᠡ ᠬᠦᠨᠳᠡᠢ︾ ᠭᠡᠵᠦ | ᠶᠡᠷᠦᠩᠬᠡᠶᠢᠯᠡᠨ ᠨᠡᠷᠡᠯᠡᠳᠡᠭ ᠂ ᠲᠡᠳᠡ ᠡᠮᠦᠨᠡᠰᠢ ᠤᠮᠠᠷᠠᠰᠢ ᠤᠷᠤᠰᠴᠤ ᠬᠥᠪᠴᠢ ᠶᠢᠨ ᠡᠯᠡᠰᠦᠨ ᠴᠥᠯ ᠢᠶᠠᠷ | ᠥᠩᠭᠡᠷᠡᠵᠦ ᠂ ᠲᠤᠨᠤᠮᠠᠯ ᠲᠠᠯ᠎ᠠ ᠭᠠᠵᠠᠷ ᠢᠶᠠᠷ ᠦᠩᠭᠡᠷᠡᠨ ᠬᠠᠲᠤᠨ ᠭᠤᠤᠯ ᠳᠤ ᠨᠡᠶᠢᠯᠡᠵᠦ ᠂ ᠵᠢᠯ ᠪᠦᠷᠢ ᠬᠠᠲᠤᠨ | ᠭᠤᠤᠯ ᠳᠤ 2700 ᠲᠦᠮᠡᠨ ᠲᠣᠨ ᠡᠯᠡᠰᠦ ᠬᠦᠷᠭᠡᠵᠦ ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ | ᠬᠢᠭᠡᠳ ᠨᠡᠶᠢᠭᠡᠮ ᠤᠨ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ ᠪᠠᠶᠢᠪᠠ ᠃ | ᠬᠠᠲᠤᠨ ᠭᠤᠣᠯ ᠤᠨ ᠤᠰᠤ ᠂ ᠰᠢᠪᠠᠷ ᠰᠢᠷᠤᠢ ᠂ ᠬᠠᠲᠤᠨ ᠭᠤᠣᠯ ᠤᠨ ᠵᠠᠰᠠᠯᠲᠠ ᠂ ᠦᠨᠳᠦᠰᠦ ᠨᠢ ᠰᠢᠪᠠᠷ | ᠰᠢᠷᠤᠢ ᠳᠤ ᠪᠤᠢ ᠃ ︽ᠠᠷᠪᠠᠨ ᠶᠡᠭᠡ ᠬᠦᠨᠳᠡᠢ︾ ᠤᠨ ᠰᠠᠪᠠ ᠭᠠᠵᠠᠷ ᠤᠨ ᠵᠠᠰᠠᠯᠳᠠ ᠶᠢᠨ ᠡᠮᠦᠨ᠎ᠡ ᠂ ᠲᠠᠯᠠᠳ | ᠬᠤᠰᠢᠭᠤ ᠨᠢᠭᠡ ᠢᠵᠢ ︽ᠬᠠᠮ ᠠᠷᠭ᠎ᠠ︾ ᠭᠠᠷᠭᠠᠵᠤ᠄ ᠲᠡᠬᠡᠳᠤ ᠤᠷᠤᠰᠬᠠᠯ ᠤᠨ ᠤᠷᠤᠨ ᠳᠤ ᠮᠤᠳᠤ ᠲᠠᠷᠢᠵᠤ | ᠤᠢᠢᠵᠢᠭᠤᠯᠬᠤ ᠪᠠ ︽ᠲᠡᠯᠡᠬᠡᠢ ᠶᠢᠨ ᠪᠦᠮᠪᠦᠷᠴᠡᠭ ᠤᠨ ᠦᠮᠠᠨ ᠡᠪᠡᠳᠴᠢᠨ︾ ᠤ ᠠᠷᠰᠧᠨ ᠤ ᠴᠢᠯᠠᠭᠤᠵᠢᠮᠠᠯ ᠲᠠᠢ | ᠲᠡᠮᠡᠴᠡᠯ ᠬᠢᠪᠠ︔ ᠲᠤᠮᠳᠠ ᠤᠷᠤᠰᠬᠠᠯ ᠳᠤ ᠂ ᠡᠮᠦᠨ᠎ᠡ ᠠᠴᠠ ᠤᠮᠠᠷᠠᠰᠢ ᠵᠠᠰᠠᠮᠠᠯ ᠵᠠᠮ ᠢ ᠬᠠᠰᠢᠨ ᠵᠠᠰᠠᠵᠤ ᠂ ᠡᠯᠡᠰᠦ | ᠮᠠᠩᠬ᠎ᠠ ᠶᠢ ᠠᠯᠬᠤᠮ ᠠᠯᠬᠤᠮ ᠢᠶᠠᠷ ᠤᠬᠤᠷᠢᠭᠤᠯᠤᠨ᠎ᠠ︔ ᠲᠤᠤᠷᠠᠳᠤ ᠤᠷᠤᠰᠬᠠᠯ ᠳᠤ ᠂ ᠬᠠᠰᠢᠯᠭ᠎ᠠ ᠪᠠᠷᠢᠵᠦ ᠂ ᠭᠠᠵᠠᠷ | ᠲᠤᠤᠷᠠᠬᠢ ᠤᠰᠤ ᠶᠢ ᠬᠠᠮᠠᠭᠠᠯᠠᠨ ᠂ ᠠᠵᠤ ᠦᠢᠯᠡᠳᠪᠤᠷᠢ ᠲᠠᠷᠢᠶᠠᠯᠠᠩ ᠤᠨ ᠤᠰᠤ ᠠᠷᠪᠢᠯᠠᠬᠤ ᠡᠷᠴᠢᠮ ᠢᠶᠠᠨ | ᠴᠢᠩᠭᠠᠷᠠᠭᠤᠯᠵᠤ ᠂ ᠵᠠᠰᠠᠬᠤ ᠮᠡᠷᠭᠡᠵᠢᠯ ᠢ ᠤᠷᠤᠭᠤᠯᠵᠤ ᠂ ︽ᠤᠶᠤᠨᠳᠤ ᠭᠤᠤᠯ︾ ᠢ ᠪᠦᠳᠦᠭᠡᠨ ᠪᠠᠶᠢᠭᠤᠯᠪᠠ ᠃ | 2013 ᠤᠨ ᠳᠤ ᠤᠰᠤᠨ ᠠᠰᠢᠬᠯᠠᠯᠲᠠ ᠶᠢᠨ ᠶᠠᠮᠤᠨ ᠲᠠᠯᠠᠳ ᠬᠤᠰᠢᠭᠤ ᠶᠢ ︽ᠱᠠᠨ ᠰᠢ ᠱᠠᠨᠰᠢ ᠦᠪᠤᠷ | ᠮᠤᠩᠭᠤᠯ ᠤᠨ ᠠᠷᠰᠧᠨ ᠤ ᠠᠭᠤᠷᠬᠠᠢ ᠶᠢᠨ ᠤᠷᠤᠨ ᠤ ᠠᠷᠪᠠᠨ ᠶᠡᠭᠡ ᠬᠦᠨᠳᠡᠢ ᠶᠢᠨ ᠴᠢᠴᠠᠷᠭᠠᠨ᠎ᠠ ᠶᠢᠨ ᠠᠮᠢ | ᠠᠬᠤᠢ ᠶᠢᠨ ᠡᠯᠡᠰᠦ ᠶᠢ ᠪᠠᠭᠠᠰᠬᠠᠬᠤ ᠢᠨᠵᠧᠨᠧᠷᠢᠩ︾ ᠤᠨ ᠲᠦᠷᠦᠯ ᠵᠦᠢᠯ ᠤᠨ ᠤᠷᠤᠨ ᠢᠶᠠᠷ ᠲᠤᠬᠳᠠᠭᠠᠬᠰᠠᠨ ᠠᠴᠠ | ᠨᠠᠭᠠᠰᠢ ᠂ ᠲᠠᠯᠠᠳ ᠬᠤᠰᠢᠭᠤ 21 ᠲᠠᠷᠢᠮᠠᠯ ᠤᠨ ᠴᠡᠭ ᠲᠤ 88 ᠲᠦᠮᠡᠨ ᠮᠤ᠋ ᠲᠠᠷᠢᠪᠠ ᠃ | ︽ᠠᠷᠪᠠᠨ ᠶᠡᠭᠡ ᠬᠦᠨᠳᠡᠢ ︾ ᠠᠴᠠ ᠭᠠᠳᠠᠨ᠎ᠠ ᠂ ᠳᠠᠯᠠᠳ ᠬᠤᠰᠢᠭᠤ ᠪᠠᠰᠠ ᠲᠤᠭ᠎ᠠ ᠦᠭᠡᠢ ᠬᠤᠶᠠᠳᠤᠭᠠᠷ | ᠳᠡᠰ ᠂ ᠭᠤᠷᠪᠠᠳᠤᠭᠠᠷ ᠲᠡᠰ ᠤᠨ ᠰᠠᠯᠪᠣᠷᠢ ᠤᠷᠤᠰᠬᠠᠯ ᠪᠠᠶᠢᠪᠠ ᠂ ᠡᠳᠡᠭᠡᠷ ᠵᠢᠵᠢᠭ ᠰᠠᠪᠠ ᠭᠠᠵᠠᠷ ᠨᠢ ᠶᠠᠭ ᠯᠠ | ᠬᠢᠯᠭᠠᠰᠤᠨ ᠰᠤᠳᠠᠯ ᠰᠢᠭ᠋ ᠬᠥᠨᠳᠡᠯᠡᠨ ᠭᠤᠯᠳᠤ ᠰᠦᠯᠵᠢᠯᠳᠦᠵᠦ ᠪᠠᠶᠢᠳᠠᠭ ᠃ ᠰᠢ ᠯᠢᠦ ᠭᠧᠦ ᠶᠢᠨ ᠨᠢᠭᠡᠳᠦᠭᠡᠷ | ᠳᠡᠰ ᠤᠨ ᠰᠠᠯᠪᠤᠷᠢ ᠤᠷᠤᠰᠬᠠᠯ ᠤᠨ ᠮᠠ ᠯᠢ ᠴᠠᠩ ᠬᠠᠨ ᠭᠧᠦ ᠶᠢᠨ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ | ᠲᠥᠷᠥᠯ ᠵᠦᠢᠯ ᠤᠨ ᠲᠣᠭᠤᠷᠢᠭ ᠲᠤ ᠬᠠᠵᠠᠭᠤ ᠠᠴᠠ ᠭᠤᠤ ᠶᠢᠨ ᠢᠷᠤᠭᠠᠷ ᠬᠦᠷᠲᠡᠯ᠎ᠡ ᠨᠢᠭᠡ ᠨᠢᠭᠡ ᠪᠠᠷ ᠵᠢᠵᠢᠭᠦᠷᠯᠡᠵᠦ | ᠪᠠᠶᠢᠭ᠎ᠠ ᠴᠡᠷᠢᠭ ᠰᠢᠭ ᠵᠢᠭᠳᠡᠷᠡᠨ ᠵᠢᠭᠰᠠᠵᠤ ᠪᠠᠶᠢᠯ᠎ᠠ ᠃ | ︽ᠵᠢᠭᠠᠰᠤᠨ ᠬᠠᠶᠢᠷᠰᠤ︾ ᠪᠣᠯ ᠨᠢᠭᠡ ᠵᠦᠢᠯ ᠤᠨ ᠤᠰᠤ ᠰᠢᠷᠣᠢ ᠶᠢ ᠬᠠᠮᠠᠭᠠᠯᠠᠨ ᠣᠶᠢᠵᠢᠭᠤᠯᠵᠤ ᠭᠠᠵᠠᠷ | ᠲᠡᠭᠰᠢᠯᠡᠬᠦ ᠠᠷᠭ᠎ᠠ ᠪᠠᠶᠢᠵᠤ ᠂ ᠨᠡᠯᠢᠶᠡᠳ ᠡᠭᠴᠡ ᠬᠢᠷ᠎ᠠ ᠳᠤᠪᠤᠴᠠᠭ ᠪᠠ ᠰᠠᠯᠪᠤᠷᠢ ᠮᠠᠯᠲᠠᠭᠰᠠᠨ ᠭᠤᠤ ᠶᠢᠨ ᠨᠠᠯᠠᠤ | ᠳᠡᠭᠡᠷ᠎ᠡ ᠬᠠᠭᠠᠰ ᠰᠠᠷᠠᠨ ᠬᠡᠯᠪᠡᠷᠢᠲᠡᠢ ᠨᠦᠬᠡ ᠮᠠᠯᠲᠠᠵᠤ ᠂ ᠮᠣᠳᠣᠨ ᠬᠠᠶᠢᠷᠰᠤ ᠮᠡᠲᠦ ᠵᠢᠭᠳᠡᠷᠡᠨ ᠂ ᠨᠦᠬᠡᠨ ᠳᠣᠲᠣᠷ᠎ᠠ | ᠮᠣᠳᠣ ᠲᠠᠷᠢᠬᠤ ᠳᠤ ᠭᠦᠷᠪᠡᠯ ᠂ ᠤᠰᠤ ᠰᠢᠷᠣᠢ ᠶᠢ ᠬᠠᠮᠠᠭᠠᠯᠠᠨ ᠤᠰᠤ ᠶᠢ ᠬᠠᠮᠠᠭᠠᠯᠠᠵᠤ ᠪᠤᠷᠳᠤᠭᠤᠷ ᠢ ᠬᠠᠮᠠᠭᠠᠯᠠᠬᠤ | ᠵᠣᠷᠢᠯᠭ᠎ᠠ ᠳᠤ ᠬᠦᠷᠴᠦ ᠪᠣᠯᠤᠨ᠎ᠠ︔ ︽ᠪᠤᠷᠭᠠᠰᠤᠨ ᠮᠤᠳᠤᠨ ᠪᠠᠭᠠᠨ᠎ᠠ︾ ᠪᠣᠯ ᠪᠦᠬᠦ᠋ᠢᠯᠡ ᠰᠤᠪᠠᠭ ᠤᠨ ᠳᠣᠲᠣᠷ᠎ᠠ | ᠨᠦᠬᠡ ᠮᠠᠯᠲᠠᠵᠤ ᠱᠣᠩ ᠬᠠᠰᠢᠵᠤ ᠂ ᠪᠤᠷᠭᠠᠰᠤ ᠶᠢ ᠰᠦᠯᠵᠢᠵᠦ ᠂ ᠬᠠᠷ᠎ᠠ ᠲᠤᠭᠤᠯᠭ᠎ᠠ ᠪᠠᠷ ᠪᠤᠷᠭᠠᠰᠤ ᠪᠣᠯᠤᠨ ᠮᠣᠳᠣᠨ | ᠪᠠᠭᠠᠨ᠎ᠠ ᠯᠤᠭ᠎ᠠ ᠨᠢᠭᠲᠠ ᠤᠶᠠᠯᠳᠤᠭᠤᠯᠵᠤ ᠂ ᠤᠷᠲᠤ ᠲᠣᠣᠷᠯᠢᠭ ᠳᠡᠭᠡᠷ᠎ᠡ ᠪᠠᠰᠠ ᠶᠡᠭᠡ ᠪᠠᠭ᠎ᠠ ᠨᠢ ᠠᠳᠠᠯᠢ ᠪᠤᠰᠤ | ᠬᠡᠰᠡᠭ ᠴᠢᠯᠠᠭᠤ ᠳᠡᠪᠢᠰᠴᠦ ᠂ ᠱᠠᠳᠤ ᠱᠠᠳᠤ ᠪᠠᠷ ᠰᠡᠷᠭᠡᠶᠢᠯᠡᠬᠦ ᠂ ᠠᠷᠪᠢᠯᠠᠨ ᠬᠠᠳᠠᠭᠠᠯᠠᠬᠤ ᠶᠢ ᠪᠡᠶᠡᠯᠡᠭᠦᠯᠵᠦ ᠂ | ᠤᠰᠤᠨ ᠤ ᠤᠷᠤᠰᠬᠠᠯ ᠤᠨ ᠬᠤᠷᠳᠤᠴᠠ ᠶᠢ ᠤᠳᠠᠭᠠᠰᠢᠷᠠᠭᠤᠯᠬᠤ ᠪᠣᠯᠤᠨ᠎ᠠ ᠃ | ︽︿ᠠᠭᠤᠯᠠ ᠶᠢᠨ ᠣᠷᠣᠢ ᠳᠤ ᠮᠣᠳᠣ ᠲᠠᠷᠢᠵᠤ ᠣᠶᠢᠵᠢᠭᠤᠯᠬᠤ ᠳᠤ ᠮᠠᠯᠠᠭᠠᠢ ᠡᠮᠦᠰᠬᠡᠵᠦ ᠂ ᠠᠭᠤᠯᠠ ᠶᠢᠨ | ᠣᠷᠣᠢ ᠳᠤ ᠲᠠᠷᠢᠶᠠᠯᠠᠬᠤ ᠪᠠᠨ ᠵᠣᠭᠰᠣᠵᠤ ᠡᠪᠡᠰᠦ ᠲᠡᠷᠯᠢᠭ ᠨᠥᠮᠥᠷᠴᠦ ᠂ ᠠᠭᠤᠯᠠ ᠶᠢᠨ ᠪᠡᠯ ᠳᠤ ᠱᠠᠲᠤᠨ | ᠲᠠᠷᠢᠶ᠎ᠠ ᠪᠠᠷ ᠪᠦᠰᠡ ᠪᠦᠰᠡᠯᠡᠵᠦ ᠂ ᠭᠤᠤ ᠭᠠᠩᠭ᠎ᠠ ᠶᠢᠨ ᠢᠷᠤᠭᠠᠷ ᠲᠤ ᠬᠠᠰᠢᠯᠭ᠎ᠠ ᠪᠠᠷᠢᠭᠠᠳ ᠨᠦᠯᠦᠮᠡᠯ ᠭᠠᠵᠠᠷ ᠲᠤ | ᠭᠤᠲᠤᠯ ᠡᠮᠦᠰᠦᠨ᠎ᠡ﹀ ᠃ ᠡᠨᠡ ᠪᠣᠯ ᠳᠠᠯᠠᠳ ᠬᠤᠰᠢᠭᠤᠨ ᠤ ᠵᠢᠵᠢᠭ ᠰᠠᠪᠠ ᠭᠠᠵᠠᠷ ᠢ ᠵᠠᠰᠠᠬᠤ ᠶᠠᠪᠤᠴᠠ ᠳᠤ | ᠳ᠋ᠦᠩᠨᠡᠨ ᠭᠠᠷᠭᠠᠭᠰᠠᠨ ᠲᠤᠷᠰᠢᠯᠭ᠎ᠠ ᠮᠥᠨ ᠃ ᠲᠠ ᠨᠠᠷ ᠡᠨᠡ ᠬᠦ ᠨᠦᠯᠦᠮᠡᠯ ᠭᠠᠵᠠᠷ ᠤᠨ ᠬᠠᠰᠢᠯᠭ᠎ᠠ ᠶᠢᠨ | ᠳᠣᠣᠷ᠎ᠠ ᠠᠴᠠ ᠡᠮᠦᠨ᠎ᠡ ᠴᠥᠮ ᠭᠤᠤ ᠭᠠᠩᠭ᠎ᠠ ᠪᠠᠶᠢᠵᠤ ᠂ ᠣᠳᠣ ᠠᠮᠤ ᠪᠤᠳᠠᠭ᠎ᠠ ᠲᠠᠷᠢᠵᠤ ᠴᠢᠳᠠᠬᠤ ᠪᠠᠷ ᠪᠠᠷᠠᠬᠤ | ᠦᠭᠡᠢ ᠂ ᠪᠠᠰᠠ ᠲᠠᠬᠢᠶ᠎ᠠ ᠲᠡᠵᠢᠭᠡᠵᠦ ᠂ ᠬᠤᠨᠢ ᠲᠡᠵᠢᠭᠡᠵᠦ ᠂ ᠲᠣᠰᠬᠤᠨ ᠤ ᠠᠷᠠᠳ ᠤᠨ ᠣᠷᠣᠯᠭ᠎ᠠ ᠶᠡᠭᠡ ᠪᠠᠷ | ᠨᠡᠮᠡᠭᠳᠡᠪᠡ︾ ᠭᠡᠵᠦ ᠸᠠᠩ ᠯᠢ ᠵᠢᠶᠦ᠋ᠨ ᠰᠤᠷᠪᠤᠯᠵᠢᠯᠠᠭᠴᠢ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ | ᠲᠠᠨᠢᠯᠴᠠᠭᠤᠯᠪᠠ ᠃ | ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠰᠢᠷᠣᠶ ᠶᠢ ᠬᠠᠮᠠᠭᠠᠯᠠᠬᠤ | ᠰᠠᠯᠠᠭᠠᠨ ᠤ ᠳᠠᠷᠤᠭ᠎ᠠ ᠵᠠᠩ ᠴᠢᠶᠠᠩ᠄ ︽ᠢᠨᠵᠧᠨᠧᠷᠢᠩ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ | ᠤᠬᠠᠭᠠᠨᠴᠢ ᠪᠠᠷ ᠵᠠᠳᠠᠯᠤᠨ ᠦᠨᠡᠯᠡᠬᠦ ᠶᠢᠨ ᠲᠥᠯᠥᠭᠡ ᠂ ᠡᠯᠡᠰᠦ ᠶᠢ ᠬᠠᠰᠢᠭᠰᠠᠨ ᠦᠷ᠎ᠡ ᠪᠦᠲᠦᠮᠵᠢ ᠶᠢ ᠬᠢᠨᠠᠨ | ᠬᠡᠮᠵᠢᠬᠦ ᠶᠢᠨ ᠣᠷᠳᠣ ᠬᠤᠭᠤᠴᠠᠭᠠᠲᠤ ᠴᠢᠨᠠᠷ ᠂ ᠦᠷᠭᠦᠯᠵᠢᠯᠡᠬᠦ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠵᠤ ᠂ | ᠪᠥᠬᠦ ᠬᠤᠲᠠ ᠪᠠᠷ ᠢᠶᠠᠨ ᠬᠠᠲᠤᠨ ᠭᠤᠤᠯ ᠤᠨ ᠰᠠᠪᠠ ᠭᠠᠵᠠᠷ ᠲᠤ ᠰᠢᠷ᠎ᠠ ᠰᠢᠪᠠᠷ ᠡᠯᠡᠰᠦ ᠶᠢ ᠬᠢᠨᠠᠨ ᠬᠡᠮᠵᠢᠬᠦ ᠠᠵᠢᠯ ᠢ | ᠤᠷᠢᠳᠠᠪᠠᠷ ᠥᠷᠨᠢᠭᠦᠯᠵᠦ ᠂ ᠠᠷᠪᠠᠨ ᠶᠡᠭᠡ ᠬᠦᠨᠳᠡᠢ ᠶᠢ ᠰᠢᠷ᠎ᠠ ᠰᠢᠪᠠᠷ ︵ᠰᠠᠯᠬᠢ︶ ᠡᠯᠡᠰᠦ ᠶᠢ ᠬᠢᠨᠠᠨ ᠬᠡᠮᠵᠢᠬᠦ | ᠥᠷᠲᠡᠭᠡ 17 ᠭᠠᠵᠠᠷ ᠪᠠ ᠠᠮᠢ ᠠᠬᠤᠶ ᠶᠢᠨ ᠦᠷ᠎ᠡ ᠠᠰᠢᠭ ᠢ ᠬᠢᠨᠠᠨ ᠬᠡᠮᠵᠢᠬᠦ ᠴᠡᠭ ᠢ 12 ᠪᠠᠶᠢᠭᠤᠯᠵᠤ | ᠳᠠᠭᠤᠰᠬᠠᠪᠠ ᠃ ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ ᠂ ︽ᠠᠷᠪᠠᠨ ᠶᠡᠭᠡ ᠬᠦᠨᠳᠡᠢ︾ ᠤᠨ ᠶᠡᠷᠦᠩᠬᠡᠶᠢᠯᠡᠨ | ᠵᠠᠰᠠᠬᠤ ᠬᠡᠮᠵᠢᠶ᠎ᠡ ᠶᠢ ᠤᠤᠯ ᠤᠨ 18.3% ᠪᠠᠶᠢᠭᠰᠠᠨ ᠠᠴᠠ 32.79% ᠪᠣᠯᠭᠠᠪᠠ ᠃ ᠳᠠᠯᠠᠳ ᠬᠤᠰᠢᠭᠤᠨ ᠤ | ᠤᠢ ᠰᠢᠭᠤᠢ ᠶᠢᠨ ᠪᠦᠷᠬᠦᠴᠡ ᠪᠠ ᠤᠷᠭᠤᠮᠠᠯ ᠤᠨ ᠪᠦᠷᠬᠦᠴᠡ ᠳᠤᠰ ᠳᠤᠰ 2001 ᠤᠨ ᠤ 10.2% ᠪᠠ 64. | 4% ᠪᠠᠶᠢᠭᠰᠠᠨ ᠠᠴᠠ ᠳᠡᠭᠡᠭᠰᠢᠯᠡᠭᠡᠳ ᠤᠳᠤᠬᠢ 28.9% ᠪᠠ 78.8% ᠳᠤ ᠬᠦᠷᠪᠡ︔ ᠨᠡᠶᠢᠳᠡ 3860 | ᠲᠡᠭᠰᠢ ᠳᠥᠷᠪᠡᠯᠵᠢᠨ ᠺᠢᠯᠤᠮᠧᠲᠷ ᠤᠨ ᠤᠰᠤ ᠰᠢᠷᠤᠢ ᠶᠢ ᠶᠡᠷᠦᠩᠬᠡᠶᠢᠯᠡᠨ ᠵᠠᠰᠠᠬᠤ ᠲᠠᠯᠠᠪᠠᠢ ᠶᠢ ᠪᠡᠶᠡᠯᠡᠬᠦᠯᠵᠦ ᠂ 167 | ᠺᠢᠯᠤᠮᠧᠲᠷ ᠬᠠᠰᠢᠯᠭ᠎ᠠ ᠶᠢ ᠪᠠᠶᠢᠭᠤᠯᠪᠠ ᠃ | ᠡᠯᠡᠰᠦ ᠶᠢ ᠬᠠᠰᠢᠵᠤ ᠤᠰᠤ ᠶᠢ ᠰᠣᠯᠢᠬᠤ ᠢᠨᠵᠧᠨᠧᠷᠢᠩ ᠨᠢ ᠤᠰᠤ ᠶᠢ ᠬᠤᠳᠠᠯᠳᠤᠬᠤ ᠭᠦᠢᠴᠡᠳᠬᠡᠯ | ᠲᠤᠭ᠎ᠠ ᠪᠠᠷ ᠭᠠᠷᠳᠠᠨ ᠣᠷᠣᠭᠤᠯᠬᠤ ᠴᠡᠭ ᠪᠣᠯᠭᠠᠵᠤ ᠂ 3 ᠵᠢᠯ ᠭᠠᠷᠤᠶ ᠶᠢᠨ ᠲᠤᠷᠰᠢ ᠂ ᠨᠡᠶᠢᠭᠡᠮ ᠤᠨ ᠬᠥᠷᠥᠩᠭᠡ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ ᠂ | ᠢᠨᠵᠧᠨᠧᠷᠢᠩ ᠤᠨ ᠪᠠᠯᠠ ᠣᠷᠣᠭᠤᠯᠤᠯᠲᠠ ᠶᠢ 6.15 ᠳ᠋ᠦᠩᠰᠢᠭᠤᠷ ᠲᠥᠭᠦᠷᠢᠭ ᠳᠠᠶᠢᠴᠢᠯᠠᠵᠤ ᠂ ᠡᠭᠦᠨ ᠳᠤ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠠᠶᠢᠵᠤ ᠂ ᠠᠵᠤ ᠠᠬᠤᠶᠢᠯᠠᠯ ᠤᠨ | ᠪᠠᠯᠠ ᠣᠷᠣᠭᠤᠯᠤᠯᠲᠠ ᠶᠢ 4.15 ᠳ᠋ᠦᠩᠰᠢᠭᠤᠷ ᠲᠥᠭᠦᠷᠢᠭ ᠳᠠᠶᠢᠴᠢᠯᠠᠪᠠ ᠃ | ᠠᠵᠤ ᠠᠬᠤᠶᠢᠯᠠᠯ ᠨᠢ ᠪᠡᠯᠡ ᠣᠷᠣᠭᠤᠯᠤᠭᠴᠢᠳ ᠮᠥᠷᠲᠡᠭᠡᠨ ᠠᠰᠢᠭ ᠬᠦᠷᠲᠡᠭᠴᠢ ᠪᠣᠯᠬᠤ ᠪᠠᠷ ᠪᠠᠷᠠᠬᠤ ᠦᠭᠡᠢ ᠂ | ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠱᠠᠩᠬᠠᠢ ᠶᠢᠨ ᠮᠢᠶᠣᠤ ᠴᠠᠬᠢᠯᠭᠠᠨ ᠦᠢᠯᠡᠳᠪᠦᠷᠢ ᠂ | ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠬᠡᠦᠷᠰᠢᠭᠦᠯᠦᠯᠲᠡ ᠵᠡᠷᠭᠡ ᠬᠡᠳᠦᠨ ᠵᠠᠭᠤᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ 4 ᠴᠢᠬᠤᠯᠠ ᠶᠡᠭᠡ | ᠠᠵᠤ ᠦᠢᠯᠡᠳᠪᠦᠷᠢ ᠶᠢᠨ ᠲᠦᠷᠦᠯ ᠵᠦᠢᠯ ᠵᠠᠯᠭᠠᠭ᠎ᠠ ᠪᠠᠷ ᠠᠵᠢᠯ ᠡᠬᠢᠯᠡᠭᠦᠯᠦᠭᠰᠡᠨ ᠪᠠ ᠠᠰᠢᠭᠯᠠᠯᠲᠠ ᠳᠤ ᠣᠷᠣᠵᠤ ᠂ | ᠪᠤᠢ ᠪᠣᠯᠤᠭᠰᠠᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠯᠤᠲᠤ ᠶᠡᠭᠡ ᠪᠠᠶᠢᠪᠠ ᠃ | ᠡᠯᠡᠰᠦ ᠶᠢ ᠬᠠᠰᠢᠵᠤ ᠤᠰᠤ ᠶᠢ ᠰᠣᠯᠢᠬᠤ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠪᠦᠷᠢ ᠶᠢᠨ | ᠳᠤᠮᠳᠠᠴᠢ ᠰᠣᠯᠢᠬᠤ ᠤᠰᠤᠨ ᠤ ᠬᠡᠮᠵᠢᠶ᠎ᠡ 2800 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ ᠂ ᠭᠤᠣᠯ | ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠬᠦ ᠤᠰᠤ ᠶᠢ 1600 ᠲᠦᠮᠡᠨ ᠪᠣᠰᠤᠭ᠎ᠠ ᠳᠥᠷᠪᠡᠯᠵᠢᠨ | ᠮᠧᠲᠷ ᠲᠣᠬᠢᠷᠠᠭᠤᠯᠬᠤ ᠠᠴᠠ ᠭᠠᠳᠠᠨ᠎ᠠ ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠷᠡᠭᠯᠡᠬᠦ ᠤᠰᠤ ᠶᠢ 750 | ᠲᠦᠮᠡᠨ ᠪᠣᠰᠤᠭ᠎ᠠ ᠳᠥᠷᠪᠡᠯᠵᠢᠨ ᠮᠧᠲᠷ ᠂ ᠴᠢ ᠫᠠᠨ ᠵᠢᠩ ᠤᠨ ᠭᠠᠵᠠᠷ ᠣᠷᠣᠨ ᠤ ᠠᠮᠢᠳᠤᠷᠠᠯ ᠤᠨ ᠤᠰᠤᠨ ᠤ | ᠬᠡᠮᠵᠢᠶ᠎ᠡ ᠶᠢ 450 ᠲᠦᠮᠡᠨ ᠪᠣᠰᠤᠭ᠎ᠠ ᠳᠥᠷᠪᠡᠯᠵᠢᠨ ᠮᠧᠲᠷ ᠬᠤᠪᠢᠶᠠᠷᠢᠯᠠᠪᠠ ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ | ᠶᠢᠨ ᠲᠣᠭᠲᠠᠭᠠᠯ ᠢ ᠦᠨᠳᠦᠰᠦᠯᠡᠨ ᠂ ᠤᠯᠤᠰ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ ᠂ ᠬᠠᠲᠤᠨ ᠭᠤᠤᠯ ᠤᠨ ᠰᠠᠪᠠ | ᠭᠠᠵᠠᠷ ᠲᠤ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠳᠡᠮᠵᠢᠨ᠎ᠡ ᠃ ︽ᠡᠯᠡᠰᠦ ᠶᠢ | ᠬᠠᠰᠢᠵᠤ ᠤᠰᠤ ᠶᠢ ᠰᠣᠯᠢᠬᠤ︾ ᠢᠨᠵᠧᠨᠧᠷᠢᠩ ᠨᠢ ᠪᠥᠬᠦ ᠤᠯᠤᠰ ᠲᠤ ᠤᠰᠤᠨ ᠤ ᠡᠷᠬᠡ ᠶᠢ ᠰᠣᠯᠢᠬᠤ | ᠥᠭᠡᠷᠡᠴᠢᠯᠡᠯᠲᠡ ᠶᠢᠨ ᠤᠷᠢᠳᠠᠴᠢ ᠰᠢᠲᠠᠷ᠎ᠠ ᠶᠢ ᠰᠠᠶᠢᠲᠤᠷ ᠲᠠᠯᠪᠢᠭᠰᠠᠨ ᠢᠶᠠᠷ ᠪᠠᠷᠠᠬᠤ ᠥᠬᠡᠶ ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ | ᠰᠡᠳᠬᠢᠮᠵᠢ ᠬᠠᠩᠭᠠᠭᠰᠠᠨ ᠪᠠᠶᠢᠨ᠎ᠠ ᠃ | | ︵︽ᠥᠪᠥᠷ ᠮᠣᠩᠭᠤᠯ ᠤᠨ ᠡᠳᠦᠷ ᠤᠨ ᠰᠣᠨᠢᠨ︾ ᠠᠴᠠ ᠰᠢᠯᠵᠢᠭᠦᠯᠪᠡ ︵2024 ᠣᠨ ᠤ 9 ᠳ᠋ᠦ᠋ᠭᠡᠷ | ᠰᠠᠷ᠎ᠠ ᠶᠢᠨ 23 ᠤ ᠡᠳᠦᠷ︶ | |