ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠂ ᠲᠡᠷᠢᠭᠦᠨ ᠤ ᠠᠵᠢᠯᠲᠠᠨ ᠢ ᠲᠠᠨᠢᠯᠴᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/25
  ︽ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠂ ᠲᠡᠷᠢᠭᠦᠨ ᠤ ᠠᠵᠢᠯᠲᠠᠨ ᠪᠠ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠰᠤᠨ ᠠᠰᠢᠭᠯᠠᠯᠲᠠ ᠶᠢᠨ ᠶᠠᠮᠤᠨ ᠤ ᠵᠠᠬᠢᠳᠠᠯ ﹇2024﹈ 61 ᠳ᠋ᠤᠭᠡᠷ ᠲᠣᠭᠠᠲᠤ︶ ︽ᠤᠰᠤᠨ ᠠᠰᠢᠭᠯᠠᠯᠲᠠ ᠶᠢᠨ ᠶᠠᠮᠤᠨ ᠤ ᠠᠵᠢᠯᠲᠠᠨ ᠤ ᠶᠠᠪᠤᠳᠠᠯ ᠤᠨ ᠵᠤᠷᠭᠠᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ︿ᠬᠤᠤᠰ ᠲᠡᠷᠢᠬᠦᠨ﹀᠎ ᠢ ᠰᠢᠯᠭᠠᠷᠠᠭᠤᠯᠤᠨ ᠬᠥᠬᠢᠭᠦᠯᠬᠦ ᠠᠩᠬᠠᠨ ᠤ ᠬᠢᠨᠠᠯᠲᠠ ᠶᠢᠨ ᠰᠠᠨᠠᠯ ᠢ ᠬᠠᠷᠢᠭᠤ ᠲᠤᠰᠬᠠᠬᠤ ᠲᠤᠬᠠᠶ ᠪᠢᠴᠢᠭ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠠᠩᠬᠠᠨ ᠤ ᠬᠢᠨᠠᠯᠲᠠ ᠦᠨᠡᠯᠡᠯᠲᠡ ᠶᠢ ᠳᠡᠮᠵᠢᠨ ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠲᠠᠨᠢᠯᠴᠠᠭᠤᠯᠬᠤ ᠪᠠᠷ ᠪᠠᠶᠢᠭ᠎ᠠ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠂ ᠲᠡᠷᠢᠭᠦᠨ ᠤ ᠠᠵᠢᠯᠲᠠᠨ ᠢ ᠵᠠᠷᠯᠠᠨ ᠨᠡᠶᠢᠲᠡᠯᠡᠪᠡ ᠃  ᠨᠢᠭᠡ ᠂ ᠲᠡᠷᠢᠭᠦᠨ ᠤ ᠬᠠᠮᠲᠤ  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠬᠤᠶᠠᠷᠬᠤᠳᠳᠤᠭ ᠤᠨ ᠬᠦᠳᠡᠭᠡ ᠶᠢᠨ ᠬᠠᠲᠤᠨ ᠭᠤᠤᠯ ᠤᠨ ᠳᠡᠭᠡᠭᠰᠢ ᠵᠠᠯᠠᠬᠤ ᠤᠰᠤᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ  ᠬᠤᠶᠠᠷ ᠂ ᠲᠡᠷᠢᠭᠦᠨ ᠤ ᠠᠵᠢᠯᠲᠠᠨ  1. ᠰᠦᠨ ᠴᠢ ᠸᠧᠶ ︵ᠡᠮᠡᠭᠲᠡᠶ ᠂ ᠬᠤᠲᠣᠩ ᠦᠨᠳᠦᠰᠦᠲᠡᠨ︶  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ  2. ᠮᠠ ᠵᠢᠶᠠᠨ ᠵᠢᠶᠦ᠋ᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠠᠯᠠᠱᠠ ᠦᠬᠠᠶ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠯᠠᠩ ᠰᠢᠨ ᠱᠠᠨ ᠤᠰᠤᠨ ᠰᠢᠨᠵᠢᠯᠡᠭᠡᠨ ᠤ ᠥᠷᠲᠡᠭᠡᠨ ᠳᠠᠷᠤᠭ᠎ᠠ  3. ᠪᠤᠤ ᠵᠢᠶᠠᠨ ᠮᠢᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠠᠵᠢᠯ ᠤᠨ ᠥᠷᠲᠡᠭᠡᠨ ᠳᠠᠷᠤᠭ᠎ᠠ  4. ᠹᠠᠨ ᠰᠢᠶᠠ ᠰᠢᠶᠠ ︵ᠡᠮᠡᠭᠲᠡᠢ︶  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ  5. ᠰᠦᠨ ᠬᠤᠢ ᠴᠧᠩ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ  ᠭᠤᠷᠪᠠ ᠂ ᠢᠯᠡ ᠨᠡᠶᠢᠲᠡᠯᠡᠭᠰᠡᠨ ᠪᠠᠶᠢᠳᠠᠯ  ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2024 ᠣᠨ ᠤ 9 ᠳ᠋ᠦ᠋ᠭᠡᠷ ᠰᠠᠷ᠎ᠠ ᠶᠢᠨ 25᠎ ᠤ ᠡᠳᠦᠷ ᠠᠴᠠ 2024 ᠣᠨ ᠤ 9 ᠳ᠋ᠦ᠋ᠭᠡᠷ ᠰᠠᠷ᠎ᠠ ᠶᠢᠨ 30᠎ ᠤ ᠡᠳᠦᠷ  ᠳᠥᠷᠪᠡ ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ  ᠨᠢᠭᠡᠴᠢ ᠪᠠ ᠬᠤᠪᠢ ᠬᠥᠮᠦᠨ ᠰᠤᠷᠪᠤᠯᠵᠢᠯᠠᠯ ᠂ ᠵᠠᠬᠢᠳᠠᠯ ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ ᠃  ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡ ᠳᠤ ᠳᠣᠭᠢᠷᠠᠭᠤᠯᠪᠠ ᠃  ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 13᠄ 30 — 17᠄ 00 ᠴᠠᠭ  ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 5259546 ︵0471︶ 6917080  ᠣᠨᠴᠠᠭᠠᠶᠢᠯᠠᠨ ᠵᠠᠷᠯᠠᠪᠠ    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ  2024 ᠣᠨ ᠤ 9 ᠳ᠋ᠦ᠋ᠭᠡᠷ ᠰᠠᠷ᠎ᠠ ᠶᠢᠨ 24᠎ ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号