ᠠᠷᠠᠳ ᠤᠨ ᠡᠳᠦᠷ ᠤᠨ ᠰᠣᠨᠢᠨ᠄ ᠡᠨᠡ ᠵᠢᠯ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠭᠤᠤᠯᠳᠠᠯᠭ᠎ᠠ ᠲᠠᠢ ᠤᠰᠤᠨ ᠴᠥᠭᠦᠷᠥᠮ ᠤᠨ ᠡᠯᠡᠰᠦ ᠭᠠᠳᠠᠭᠰᠢᠯᠠᠭᠤᠯᠬᠤ ᠬᠠᠮᠲᠤᠷᠠᠭᠰᠠᠨ ᠲᠤᠬᠢᠷᠠᠭᠤᠯᠤᠯᠲᠠ ᠳᠠᠭᠤᠰᠴᠤ ᠂ ᠤᠰᠤᠨ ᠴᠦᠬᠦᠷᠦᠮ ᠤᠨ ᠡᠯᠡᠰᠦ ᠶᠢ ᠭᠠᠳᠠᠭᠰᠢᠯᠠᠭᠤᠯᠵᠤ ᠬᠤᠷᠠᠭᠰᠠᠨ ᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/9/25
  ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠭᠤᠣᠯᠳᠠᠯᠭ᠎ᠠ ᠲᠠᠢ ᠤᠰᠤᠨ ᠴᠥᠭᠦᠷᠥᠮ ᠤᠨ ᠪᠠᠭᠲᠠᠭᠠᠮᠵᠢ ᠶᠢ ᠰᠡᠷᠭᠦᠭᠡᠵᠦ ᠂ ᠤᠰᠤᠨ ᠴᠥᠭᠦᠷᠥᠮ ᠤᠨ ᠴᠢᠳᠠᠮᠵᠢ ᠶᠢ ᠬᠡᠪ ᠢᠶᠠᠷ ᠪᠠᠶᠢᠯᠭᠠᠬᠤ ᠶᠢ ᠪᠠᠲᠤᠯᠠᠬᠤ ᠶᠢᠨ ᠲᠤᠰᠠᠳᠠ ᠂ ᠤᠰᠤᠨ ᠠᠰᠢᠭᠯᠠᠯᠲᠠ ᠶᠢᠨ ᠶᠠᠮᠤᠨ ᠤᠶᠢᠷ᠎ᠠ ᠶᠢᠨ ᠡᠳᠦᠷ ᠬᠠᠲᠤᠨ ᠭᠤᠣᠯ ᠤᠨ ᠤᠰᠤᠨ ᠠᠰᠢᠭᠯᠠᠯᠲᠠ ᠎ ᠶᠢᠨ ᠺᠣᠮᠢᠰ ᠠᠴᠠ ᠨᠢᠩᠰᠢᠶᠠ ᠂ ᠥᠪᠥᠷ ᠮᠣᠩᠭᠤᠯ ᠤᠨ ᠭᠤᠣᠯ ᠤᠨ ᠬᠡᠰᠡᠭ ᠤᠨ ᠤᠰᠤᠯᠠᠯᠲᠠ ᠶᠢ ᠵᠣᠭᠰᠣᠭᠠᠬᠤ ᠴᠠᠭ ᠲᠣᠬᠢᠶᠠᠯ ᠢ ᠠᠰᠢᠭᠯᠠᠵᠤ ᠂ ᠬᠠᠮᠲᠤᠷᠠᠨ ᠡᠯᠡᠰᠦ ᠭᠠᠳᠠᠭᠰᠢᠯᠠᠭᠤᠯᠬᠤ ᠶᠢ ᠵᠢᠯᠣᠭᠤᠳᠤᠨ ᠂ ᠱᠠ ᠫᠦᠸᠧ ᠲᠧᠦ ᠂ ᠴᠢᠩ ᠲᠦᠩ ᠰᠢᠶᠠ ᠂ ᠬᠠᠶᠢᠷᠤᠪ ᠤᠨ ᠲᠣᠬᠤᠢ ᠂ ᠸᠠᠨ ᠵᠢᠶᠠ ᠵᠠᠢ ᠪᠣᠯᠤᠨ ᠯᠦᠩ ᠺᠧᠦ ᠵᠡᠷᠭᠡ 5 ᠬᠥᠮᠥᠷᠭᠡ ᠨᠡᠶᠢᠲᠡ 1.44 ᠳ᠋ᠦᠩᠰᠢᠭᠤᠷ ᠲᠤᠨ ᠡᠯᠡᠰᠦ ᠶᠢ ᠭᠠᠳᠠᠭᠰᠢᠯᠠᠭᠤᠯᠵᠤ ᠂ ᠡᠭᠦᠨ ᠳᠤ ᠴᠥᠭᠦᠷᠥᠮ ᠤᠨ ᠣᠷᠣᠨ ᠤ ᠡᠯᠡᠰᠦ ᠶᠢ ᠨᠡᠶᠢᠲᠡ 6790 ᠲᠦᠮᠡᠨ ᠲᠤᠨ ᠢ ᠭᠠᠳᠠᠭᠰᠢᠯᠠᠭᠤᠯᠵᠠᠢ ᠃  9 ᠳ᠋ᠦ᠋ᠭᠡᠷ ᠰᠠᠷ᠎ᠠ ᠶᠢᠨ 5᠎ ᠤ ᠡᠳᠦᠷ ᠤᠨ 20 ᠴᠠᠭ ᠠᠴᠠ ᠡᠬᠢᠯᠡᠨ ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠠᠴᠠ ᠬᠠᠲᠤᠨ ᠭᠤᠤᠯ ᠤᠨ ᠳᠡᠭᠡᠳᠦ ᠤᠷᠤᠰᠬᠠᠯ ᠤᠨ ᠯᠦᠩ ᠶᠠᠩ ᠰᠢᠶᠠ ᠂ ᠯᠢᠦ ᠵᠢᠶᠠ ᠰᠢᠶᠠ ᠶᠢᠨ ᠤᠰᠤᠨ ᠴᠥᠭᠦᠷᠥᠮ ᠢ ᠬᠠᠮᠲᠤᠷᠠᠨ ᠲᠣᠬᠢᠷᠠᠭᠤᠯᠵᠤ ᠂ 1800 ᠪᠣᠰᠤᠭ᠎ᠠ ᠳᠥᠷᠪᠡᠯᠵᠢᠨ ᠮᠧᠲᠷ ᠰᠧᠺᠦ᠋ᠨ᠋ᠳ᠋ ᠤᠨ ᠤᠷᠤᠰᠬᠠᠯ ᠤᠨ ᠬᠡᠮᠵᠢᠶ᠎ᠡ ︵ᠯᠠᠨᠵᠧᠦ ᠶᠢᠨ ᠤᠰᠤᠨ ᠰᠢᠨᠵᠢᠯᠡᠭᠡᠨ ᠤ ᠥᠷᠲᠡᠭᠡ︶᠎ ᠶᠢᠨ ᠶᠠᠪᠤᠴᠠ ᠶᠢ ᠪᠠᠷᠤᠭ 8 ᠡᠳᠦᠷ ᠪᠠᠶᠢᠭᠤᠯᠬᠤ ᠶᠢᠨ ᠬᠠᠮᠲᠤ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠭᠤᠤᠯ ᠤᠷᠤᠰᠬᠠᠯ ᠤᠨ ᠱᠠ ᠫᠦᠸᠧ ᠲᠧᠦ ᠂ ᠴᠢᠩ ᠲᠦᠩ ᠰᠢᠶᠠ ᠂ ᠬᠠᠶᠢᠷᠤᠪ ᠤᠨ ᠲᠣᠬᠤᠢ ᠂ ᠯᠦᠩ ᠺᠸᠦ ᠵᠡᠷᠭᠡ ᠭᠤᠤᠯᠳᠠᠯᠭ᠎ᠠ ᠲᠠᠢ ᠤᠰᠤᠨ ᠴᠥᠭᠦᠷᠥᠮ ᠤᠨ ᠡᠯᠡᠰᠦ ᠭᠠᠳᠠᠭᠰᠢᠯᠠᠭᠤᠯᠬᠤ ᠳᠤ ᠬᠠᠮᠲᠤᠷᠠᠨ ᠲᠣᠬᠢᠷᠠᠭᠤᠯᠪᠠ ᠃ 9 ᠳ᠋ᠦ᠋ᠭᠡᠷ ᠰᠠᠷ᠎ᠠ ᠶᠢᠨ 21᠎ ᠤ ᠡᠳᠦᠷ ᠤᠨ 8 ᠴᠠᠭ ᠲᠤ ᠂ ᠸᠠᠨ ᠵᠢᠶᠠ ᠵᠠᠢ ᠤᠰᠤᠨ ᠴᠥᠭᠦᠷᠥᠮ ᠢ 954 ᠮᠧᠲᠷ ᠪᠣᠯᠭᠠᠨ ᠬᠠᠳᠠᠭᠠᠯᠠᠵᠤ ᠂ ᠴᠠᠬᠢᠯᠭᠠᠨ ᠭᠠᠷᠭᠠᠬᠤ ᠳᠤ ᠰᠢᠯᠵᠢᠭᠦᠯᠦᠨ ᠬᠡᠷᠡᠭᠯᠡᠭᠰᠡᠨ ᠨᠢ ᠲᠤᠰ ᠤᠳᠠᠭ᠎ᠠ ᠶᠢᠨ ᠬᠠᠮᠲᠤᠷᠠᠭᠰᠠᠨ ᠡᠯᠡᠰᠦ ᠭᠠᠳᠠᠭᠰᠢᠯᠠᠭᠤᠯᠬᠤ ᠶᠢ ᠲᠤᠬᠢᠷᠠᠭᠤᠯᠤᠨ ᠬᠡᠷᠡᠭᠯᠡᠬᠦ ᠠᠵᠢᠯ ᠵᠢᠩᠬᠢᠨᠢ ᠪᠠᠷ ᠳᠠᠭᠤᠰᠤᠭᠰᠠᠨ ᠢ ᠬᠠᠷᠠᠭᠤᠯᠵᠤ ᠪᠠᠶᠢᠨ᠎ᠠ ᠃  ᠲᠣᠰ ᠤᠳᠠᠭᠠᠨ ᠤ ᠬᠤᠯᠪᠣᠭᠠᠯᠠᠨ ᠡᠯᠡᠰᠦ ᠶᠢ ᠲᠣᠬᠢᠷᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠠᠮᠤᠷ ᠲᠦᠪᠰᠢᠨ ᠢ ᠡᠵᠡᠮᠳᠡᠵᠦ ᠪᠣᠯᠬᠤ ᠂ ᠨᠢᠭᠡᠳᠦᠯᠲᠡᠶ ᠲᠥᠯᠥᠪᠯᠡᠨ ᠨᠡᠶᠢᠳᠡᠮ ᠳᠤᠨᠢ ᠬᠠᠷᠠᠭᠠᠯᠵᠠᠬᠤ ᠵᠠᠷᠴᠢᠮ ᠶᠣᠰᠣᠭᠠᠷ ᠂ ︽2024 ᠣᠨ ᠤ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠭᠤᠤᠯᠳᠠᠯᠭ᠎ᠠ ᠲᠠᠢ ᠤᠰᠤᠨ ᠴᠥᠭᠦᠷᠥᠮ ᠤᠨ ᠬᠤᠯᠪᠣᠭᠠᠯᠠᠨ ᠡᠯᠡᠰᠦ ᠶᠢ ᠲᠣᠬᠢᠷᠠᠭᠤᠯᠬᠤ ᠲᠥᠰᠦᠯ︾᠎ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠳᠡᠭᠡᠳᠦ ᠤᠷᠤᠰᠬᠠᠯ ᠤᠨ ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠂ ᠯᠦᠩ ᠶᠠᠩ ᠰᠢᠶᠠ ᠂ ᠯᠢᠦ ᠵᠢᠶᠠ ᠰᠢᠶᠠ ᠤᠰᠤᠨ ᠴᠥᠭᠦᠷᠥᠮ ᠵᠢᠴᠢ ᠳᠡᠭᠡᠳᠦ ᠤᠷᠤᠰᠬᠠᠯ ᠤᠨ ᠭᠤᠤᠯ ᠰᠠᠯᠪᠤᠷᠢ ᠤᠷᠤᠰᠬᠠᠯ ᠤᠨ ᠴᠢᠬᠤᠯᠠ ᠱᠠᠲᠤᠯᠢᠭ ᠤᠰᠤᠨ ᠴᠠᠬᠢᠯᠭᠠᠨ ᠤ ᠥᠷᠲᠡᠭᠡ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ ᠂ ᠭᠤᠤᠯᠳᠠᠯᠭ᠎ᠠ ᠲᠠᠢ ᠤᠰᠤᠨ ᠴᠥᠭᠦᠷᠥᠮ ᠤᠨ ᠡᠯᠡᠰᠦ ᠶᠢ ᠭᠠᠳᠠᠭᠰᠢᠯᠠᠭᠤᠯᠤᠭᠰᠠᠨ ᠪᠠᠶᠢᠳᠠᠯ ᠢ ᠨᠢᠭᠲᠠ ᠮᠥᠷᠳᠡᠵᠦ ᠂ ᠠᠵᠢᠯᠯᠠᠬᠤ ᠳᠤᠭᠤᠶᠢᠯᠠᠩ ᠲᠣᠮᠢᠯᠠᠨ ᠭᠠᠨᠰᠦ ᠂ ᠥᠪᠥᠷ ᠮᠣᠩᠭᠤᠯ ᠤᠨ ᠭᠤᠤᠯᠳᠠᠯᠭ᠎ᠠ ᠲᠠᠢ ᠭᠤᠤᠯ ᠤᠨ ᠬᠡᠰᠡᠭ ᠤᠨ ᠲᠤᠬᠠᠶ ᠶᠢᠨ ᠲᠠᠯᠠᠪᠠᠶ ᠳᠤ ᠤᠰᠤᠨ ᠴᠥᠭᠦᠷᠥᠮ ᠤᠨ ᠲᠣᠬᠢᠷᠠᠭᠤᠯᠤᠯᠲᠠ ᠪᠠ ᠭᠤᠤᠯ ᠤᠨ ᠵᠠᠮ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ ᠂ ᠡᠯᠡᠰᠦ ᠭᠠᠳᠠᠭᠰᠢᠯᠠᠭᠤᠯᠬᠤ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠬᠦᠴᠦᠲᠡᠶ ᠪᠠᠲᠤᠯᠠᠪᠠ ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号