ᠣᠶᠢᠷ᠎ᠠ ᠳᠤ ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠠᠯᠪᠠᠨ ᠲᠢᠩᠬᠢᠮ ᠲᠠᠢ ᠬᠠᠮᠲᠤᠷᠠᠨ ︽ᠤᠰᠤ ᠰᠢᠷᠤᠢ ᠶᠢᠨ ᠢᠳᠡᠭᠳᠡᠯ ᠤᠨ ᠵᠠᠰᠠᠯᠲᠠ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ | ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠃ ᠡᠳᠦᠭᠡ ︽ᠵᠢᠯᠣᠭᠤᠳᠬᠤ ᠰᠠᠨᠠᠯ︾ | ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ ᠃ | ᠨᠢᠭᠡ ᠂ ᠲᠣᠭᠲᠠᠭᠠᠭᠰᠠᠨ ᠠᠬᠤᠶ ᠪᠠᠶᠢᠳᠠᠯ | ︵ᠨᠢᠭᠡ︶ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠦᠰᠦᠭ︾ ᠤᠨ ᠤᠰᠤ ᠶᠢ | ᠵᠠᠰᠠᠬᠤ ᠰᠡᠳᠭᠢᠴᠡ ᠶᠢᠨ ᠵᠠᠶᠢᠯᠠᠰᠢ ᠦᠭᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ | ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠤ ᠪᠠᠨ᠄ ︽ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠤᠨ | ᠳᠤᠬᠢᠷᠠᠭᠤᠯᠤᠯᠳᠠ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠂ ᠵᠠᠰᠠᠭ ᠤᠨ ᠤᠷᠳᠤᠨ ᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠬᠤ ᠪᠣᠯ ᠴᠢᠬᠤᠯᠠ ᠶᠡᠭᠡ ᠤᠨᠤᠯ ᠤᠨ ᠰᠡᠳᠦᠪ ᠪᠣᠯᠬᠤ ᠪᠠᠷ ᠪᠠᠷᠠᠬᠤ ᠦᠭᠡᠢ ᠂ ᠪᠠᠰᠠ ᠴᠤ | ᠴᠢᠬᠤᠯᠠ ᠶᠡᠭᠡ ᠦᠢᠯᠡᠳᠦᠯᠭᠡ ᠶᠢᠨ ᠰᠡᠳᠦᠪ ᠪᠣᠯᠤᠨ᠎ᠠ︾ ᠭᠡᠵᠡᠢ ᠃ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ | ᠨᠡᠶᠢᠭᠡᠮ ᠤᠨ ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠪᠣᠯ ᠵᠠᠰᠠᠭ ᠤᠨ ᠣᠷᠳᠣᠨ ᠤ ᠦᠢᠯᠡᠳᠦᠯ | ᠪᠠ ᠵᠠᠬ᠎ᠠ ᠳᠡᠯᠭᠡᠭᠦᠷ ᠤᠨ ᠲᠣᠭᠲᠠᠴᠠ ᠶᠢ ᠪᠠᠷᠢᠮᠲᠠᠯᠠᠬᠤ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠵᠦ ᠂ ᠡᠬᠢ | ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ | ᠭᠦᠢᠴᠡᠳ ᠪᠠᠳᠠᠷᠠᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ ᠃ ᠰᠢᠨ᠎ᠡ ᠴᠠᠭ ᠦᠶ᠎ᠡ ᠳᠤ ᠤᠰᠤ ᠰᠢᠷᠤᠢ ᠶᠢ | ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠠᠮᠢᠵᠢᠷᠠᠯ ᠤᠨ ᠬᠦᠴᠦᠨ ᠢ ᠬᠥᠭᠵᠢᠭᠡᠵᠦ ᠂ ︽ᠨᠢᠳᠦᠨ ᠳᠤ ᠦᠵᠡᠭᠳᠡᠬᠦ | ᠥᠬᠡᠶ ᠭᠠᠷ︾ ᠪᠠ ︽ᠨᠢᠳᠦᠨ ᠳᠤ ᠦᠵᠡᠭᠳᠡᠬᠦ ᠭᠠᠷ︾ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠡᠬᠢ | ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ | ᠪᠠᠳᠠᠷᠠᠭᠤᠯᠵᠤ ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠤᠰᠤ ᠰᠢᠷᠤᠢ ᠶᠢ | ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠰᠢᠰᠲ᠋ᠧᠮ ᠤᠨ ᠬᠤᠷᠠᠮᠳᠤᠯ ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ ᠂ | ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠬᠤ | ᠬᠡᠷᠡᠭᠲᠡᠶ ᠭᠡᠵᠦ ᠵᠢᠭᠠᠵᠤ ᠭᠠᠷᠭᠠᠪᠠ ᠃ | ︵ᠬᠤᠶᠠᠷ︶ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠶᠢᠯᠠᠰᠢ ᠦᠭᠡᠢ | ᠱᠠᠭᠠᠷᠳᠠᠯᠭ᠎ᠠ ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠮᠢ | ᠠᠬᠤᠶ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ | ᠲᠤᠬᠠᠶ ᠰᠠᠨᠠᠯ︾ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ | ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠴᠥᠮ ᠨᠡᠶᠢᠭᠡᠮ ᠤᠨ | ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠬᠤ | ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠂ | ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠤᠯᠠᠨ ᠡᠰᠢᠴᠢᠯᠡᠭᠰᠡᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ ᠃ ᠤᠰᠤ | ᠰᠢᠷᠤᠢ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠪᠠᠰᠠ ᠣᠯᠠᠨ ᠡᠰᠢᠵᠢᠭᠰᠡᠨ | ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠤᠰᠤ ᠰᠢᠷᠤᠢ ᠶᠢᠨ | ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠶ | ᠲᠣᠳᠣᠷᠬᠠᠶ ᠲᠣᠭᠲᠠᠭᠠᠯ ᠭᠠᠷᠭᠠᠪᠠ ᠃ | ︵ᠭᠤᠷᠪᠠ︶ ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠵᠠᠶᠢᠯᠠᠰᠢ ᠦᠭᠡᠶ ᠱᠠᠭᠠᠷᠳᠠᠯᠭ᠎ᠠ ᠶᠢ | ᠲᠦᠷᠭᠡᠳᠬᠡᠨ ᠠᠬᠢᠭᠤᠯᠬᠤ ᠬᠡᠷᠡᠭᠲᠡᠶ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ | ᠤᠯᠤᠰ ᠤᠨ ᠤᠰᠤ ᠰᠢᠷᠤᠢ ᠶᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠂ ᠤᠰᠤ ᠰᠢᠷᠤᠢ ᠶᠢᠨ | ᠢᠳᠡᠭᠳᠡᠯ ᠤᠨ ᠲᠠᠯᠠᠪᠠᠶ ᠪᠣᠯᠤᠨ ᠬᠦᠴᠦᠯᠡᠴᠡ ᠨᠢ ᠦᠷᠭᠦᠯᠵᠢᠯᠡᠨ ︽ᠬᠤᠤᠰ ᠪᠠᠭᠤᠷᠠᠯᠲᠠ︾ ᠢᠯᠡᠷᠡᠪᠡ ᠂ ᠭᠡᠪᠡᠴᠦ | ᠮᠠᠨ ᠤ ᠤᠯᠤᠰ ᠤᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠪᠠᠰᠠ ᠲᠣᠭᠲᠠᠭᠤᠨ | ᠪᠤᠰᠤ ᠪᠠᠶᠢᠵᠤ ᠂ ᠮᠥᠨ ᠬᠦ 140 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠤᠰᠤ ᠰᠢᠷᠤᠢ ᠶᠢᠨ ᠢᠳᠡᠭᠳᠡᠯ ᠤᠨ | ᠲᠠᠯᠠᠪᠠᠶ ᠶᠢ ᠵᠠᠰᠠᠬᠤ ᠴᠢᠬᠤᠯᠠ ᠲᠠᠢ ᠪᠠᠶᠢᠵᠤ ᠂ ᠰᠡᠷᠭᠡᠶᠢᠯᠡᠨ ᠵᠠᠰᠠᠬᠤ ᠡᠭᠦᠷᠭᠡ ᠮᠥᠨ ᠬᠦ ᠨᠦᠰᠡᠷ ᠬᠦᠨᠳᠦ ᠪᠠᠶᠢᠵᠤ ᠂ | ᠤᠰᠤ ᠰᠢᠷᠤᠢ ᠶᠢᠨ ᠢᠳᠡᠭᠳᠡᠯ ᠢ ᠵᠠᠰᠠᠬᠤ ᠪᠡᠯᠡ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠤᠭᠰᠠᠨ ᠬᠡᠷᠡᠭᠴᠡᠭᠡ ᠱᠠᠭᠠᠷᠳᠠᠯᠭ᠎ᠠ ᠮᠥᠨ ᠬᠦ ᠴᠢᠩᠭ᠎ᠠ ᠪᠠᠶᠢᠭᠰᠠᠭᠠᠷ ᠃ ᠡᠭᠦᠨ ᠤ ᠬᠠᠮᠲᠤ ᠂ ᠤᠰᠤ | ᠰᠢᠷᠤᠢ ᠶᠢᠨ ᠢᠳᠡᠭᠳᠡᠯ ᠢ ᠵᠠᠰᠠᠬᠤ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠡᠭᠦᠷᠭᠡ ᠪᠣᠯᠬᠤ ᠪᠥᠭᠡᠳ ᠪᠠᠰᠠ | ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠨᠡᠯᠢᠶᠡᠳ ᠴᠢᠩᠭ᠎ᠠ ᠪᠣᠯᠬᠤᠷ ᠂ ᠥᠩᠭᠡᠷᠡᠭᠰᠡᠨ ᠵᠢᠯ ᠤᠳ ᠤᠨ ᠲᠤᠷᠰᠢ | ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠪᠠᠷ ᠢᠯᠡᠭᠦᠬᠡᠨ ᠭᠤᠤᠯ ᠪᠣᠯᠭᠠᠨ ᠂ | ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠶᠢ ᠲᠦᠷᠭᠡᠳᠬᠡᠨ ᠠᠬᠢᠭᠤᠯᠵᠤ ᠂ ᠤᠰᠤ ᠰᠢᠷᠤᠢ ᠶᠢᠨ | ᠢᠳᠡᠭᠳᠡᠯ ᠢ ᠵᠠᠰᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠤᠰᠤ ᠰᠢᠷᠤᠢ ᠶᠢ ᠬᠠᠮᠠᠭᠠᠯᠠᠬᠤ | ᠬᠦᠷᠢᠶ᠎ᠡ ᠶᠢ ᠥᠷᠭᠡᠵᠢᠭᠦᠯᠬᠦ ᠪᠡᠯᠡ ᠮᠥᠩᠭᠦ ᠬᠤᠷᠠᠮᠳᠤᠭᠤᠯᠬᠤ ᠠᠷᠭ᠎ᠠ ᠵᠠᠮ ᠢ ᠲᠤᠯᠭᠠᠮ᠎ᠠ ᠱᠠᠭᠠᠷᠳᠠᠵᠤ ᠪᠤᠶ ᠃ ︽ | ᠵᠢᠯᠣᠭᠤᠳᠬᠤ ᠰᠠᠨᠠᠯ︾ ᠢ ᠲᠣᠭᠲᠠᠭᠠᠬᠤ ᠨᠢ ᠤᠰᠤ ᠰᠢᠷᠤᠢ ᠶᠢ ᠬᠠᠮᠠᠭᠠᠯᠠᠬᠤ ᠪᠡᠯᠡ ᠣᠷᠣᠭᠤᠯᠤᠯᠲᠠ ᠶᠢᠨ | ᠢᠷᠡᠯᠲᠡ ᠶᠢᠨ ᠠᠷᠭ᠎ᠠ ᠵᠠᠮ ᠪᠣᠯᠤᠨ ᠬᠡᠪᠴᠢᠶ᠎ᠡ ᠶᠢ ᠥᠷᠭᠡᠳᠬᠡᠬᠦ ᠂ ᠤᠰᠤ ᠰᠢᠷᠤᠢ ᠶᠢ ᠬᠠᠮᠠᠭᠠᠯᠠᠬᠤ | ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠲᠣᠭᠲᠠᠴᠠ ᠶᠢ ᠲᠡᠭᠦᠯᠳᠡᠷᠵᠢᠭᠦᠯᠬᠦ ᠂ ᠤᠰᠤ ᠰᠢᠷᠤᠢ ᠶᠢᠨ | ᠢᠳᠡᠭᠳᠡᠯ ᠢ ᠵᠠᠰᠠᠬᠤ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠬᠤᠶᠠᠷ ᠂ ᠭᠤᠣᠯ ᠠᠭᠤᠯᠭ᠎ᠠ | ︽ᠵᠢᠯᠣᠭᠤᠳᠬᠤ ᠰᠠᠨᠠᠯ︾ ᠳᠤ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ | ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠶᠢᠨ ᠴᠢᠬᠤᠯᠠ ᠴᠢᠨᠠᠷ ᠂ ᠪᠠᠷᠢᠯᠭ᠎ᠠ ᠶᠢᠨ ᠲᠥᠷᠥᠯ ᠵᠦᠢᠯ ᠤᠨ ᠲᠥᠷᠥᠯ | ᠬᠡᠯᠪᠡᠷᠢ ᠵᠢᠴᠢ ᠠᠰᠢᠭ ᠬᠦᠷᠲᠡᠬᠦ ᠠᠷᠭ᠎ᠠ ᠮᠠᠶ᠋ᠢᠭ ᠂ ᠳᠡᠮᠵᠢᠬᠦ ᠲᠥᠷᠥ ᠶᠢᠨ ᠪᠣᠳᠣᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ | ᠵᠡᠷᠭᠡ ᠳᠥᠷᠪᠡᠨ ᠬᠡᠰᠡᠭ ᠨᠡᠶᠢᠲᠡ 11 ᠵᠦᠢᠯ ᠪᠠᠭᠲᠠᠨ᠎ᠠ ᠃ | ︵ᠨᠢᠭᠡ︶ ᠴᠢᠬᠤᠯᠠ ᠴᠢᠨᠠᠷ ᠃ ᠭᠤᠤᠯᠳᠠᠭᠤ ︽ᠵᠢᠯᠣᠭᠤᠳᠬᠤ ᠰᠠᠨᠠᠯ︾ ᠳᠤ ᠲᠣᠭᠲᠠᠭᠠᠭᠰᠠᠨ ᠬᠤᠯᠪᠣᠭᠳᠠᠯ | ᠪᠥᠬᠦᠶ ᠠᠬᠤᠶ ᠪᠠᠶᠢᠳᠠᠯ ᠵᠢᠴᠢ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ ᠂ ᠤᠰᠤ | ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ | ᠪᠣᠯ ᠤᠰᠤ ᠰᠢᠷᠤᠢ ᠶᠢ ᠬᠠᠮᠠᠭᠠᠯᠠᠬᠤ ᠴᠢᠳᠠᠮᠵᠢ ᠪᠠ ᠠᠮᠢ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠲᠣᠳᠣᠷᠬᠠᠶ ᠲᠣᠭᠲᠠᠭᠠᠪᠠ ᠃ | ︵ᠬᠤᠶᠠᠷ︶ ᠪᠠᠷᠢᠯᠭ᠎ᠠ ᠶᠢᠨ ᠲᠥᠷᠥᠯ ᠵᠦᠢᠯ ᠵᠢᠴᠢ ᠠᠰᠢᠭ ᠬᠦᠷᠲᠡᠬᠦ ᠠᠷᠭ᠎ᠠ ᠮᠠᠶ᠋ᠢᠭ ᠃ ᠭᠤᠤᠯᠳᠠᠭᠤ | ᠨᠡᠶᠢᠭᠡᠮ ᠤᠨ ᠬᠥᠷᠥᠩᠭᠡ ᠠᠴᠠ ᠪᠠᠯᠠ ᠣᠷᠣᠭᠤᠯᠤᠨ ᠣᠷᠣᠯᠴᠠᠵᠤ ᠪᠣᠯᠬᠤ ᠤᠰᠤ ᠰᠢᠷᠤᠢ ᠶᠢ ᠬᠠᠮᠠᠭᠠᠯᠠᠬᠤ | ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠵᠢᠴᠢ ᠪᠣᠳᠠᠲᠠᠶ ᠭᠤᠭᠴᠤᠭ᠎ᠠ ᠳᠤ ᠲᠣᠭᠲᠠᠭᠠᠯ ᠭᠠᠷᠭᠠᠭᠰᠠᠨ | ᠪᠥᠭᠡᠳ ᠨᠡᠶᠢᠭᠡᠮ ᠤᠨ ᠬᠥᠷᠥᠩᠭᠡ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠬᠤᠶᠠᠷ | ᠳᠠᠪᠬᠤᠷᠭ᠎ᠠ ᠠᠴᠠ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠪᠠᠯᠠ ᠣᠷᠣᠭᠤᠯᠤᠨ ᠣᠷᠣᠯᠴᠠᠭᠰᠠᠨ ᠤ ᠳᠠᠷᠠᠭ᠎ᠠ | ᠬᠠᠤᠯᠢ ᠲᠣᠭᠲᠠᠭᠠᠯ ᠶᠣᠰᠣᠭᠠᠷ ᠵᠦᠶ ᠵᠣᠬᠢᠰᠲᠠᠶ ᠠᠰᠢᠭ ᠤᠯᠬᠤ ᠭᠤᠤᠯ ᠠᠷᠭ᠎ᠠ ᠵᠠᠮ ᠢ ᠲᠣᠳᠣᠷᠬᠠᠶ ᠲᠣᠭᠲᠠᠭᠠᠪᠠ ᠃ | ︵ᠭᠤᠷᠪᠠ︶ ᠳᠡᠮᠵᠢᠬᠦ ᠲᠥᠷᠥ ᠶᠢᠨ ᠪᠤᠳᠣᠯᠭ᠎ᠠ ᠃ ᠭᠤᠤᠯᠳᠠᠭᠤ ᠠᠵᠤ ᠦᠢᠯᠡᠰ ᠤᠨ ᠨᠡᠭᠡᠭᠡᠯᠲᠡ ᠬᠢᠬᠦ ᠳᠤ | ᠬᠡᠷᠡᠭᠯᠡᠬᠦ ᠭᠠᠵᠠᠷ ᠂ ᠮᠥᠩᠭᠦᠨ ᠭᠦᠢᠯᠭᠡᠭᠡᠨ ᠂ ᠥᠮᠴᠢᠯᠡᠬᠦ ᠡᠷᠬᠡ ᠂ ᠣᠷᠣᠭᠤᠯᠤᠯᠲᠠ ᠂ ᠪᠤᠰᠤᠳ ᠵᠡᠷᠭᠡ ᠲᠠᠪᠤᠨ ᠶᠡᠭᠡ | ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠭᠲᠠᠨ᠎ᠠ ᠃ | ᠠᠵᠤ ᠦᠢᠯᠡᠰ ᠤᠨ ᠨᠡᠭᠡᠭᠡᠨ ᠬᠥᠭᠵᠢᠭᠦᠯᠬᠦ ᠳᠤ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ | ᠲᠤᠬᠠᠢ ᠃ ︽ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ | ᠵᠣᠷᠢᠭᠵᠢᠭᠤᠯᠬᠤ ᠪᠠ ᠳᠡᠮᠵᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ᠳᠤ᠄ ︽ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠲᠥᠪᠯᠡᠷᠡᠭᠦᠯᠦᠨ ᠥᠷᠨᠢᠭᠦᠯᠬᠦ ᠨᠢ ᠵᠣᠬᠢᠬᠤ | ᠬᠡᠪᠴᠢᠶ᠎ᠡ ᠪᠠ ᠵᠢᠱᠢᠭᠰᠡᠨ ᠬᠠᠷᠠᠯᠲᠠ ᠳᠤ ᠬᠦᠷᠦᠭᠰᠡᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠭᠤᠤᠯ ᠴᠣᠭᠴᠠ ᠳᠤ | ᠬᠠᠤᠯᠢ ᠲᠣᠭᠲᠠᠭᠠᠯ ᠶᠣᠰᠣᠭᠠᠷ ᠵᠣᠬᠢᠬᠤ ᠬᠤᠪᠢ ᠶᠢᠨ ᠲᠣᠭᠠᠨ ᠤ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠡᠷᠡᠭᠯᠡᠬᠦ ᠡᠷᠬᠡ ᠶᠢ ᠣᠯᠵᠤ ᠂ ᠵᠢᠭᠤᠯᠴᠢᠯᠠᠯ ᠂ ᠡᠷᠡᠭᠦᠯᠵᠢᠯ ᠰᠤᠪᠢᠯᠠᠯᠲᠠ ᠂ ᠪᠡᠶ᠎ᠡ ᠶᠢᠨ ᠲᠠᠮᠢᠷ ᠂ | ᠪᠡᠯᠡᠳᠭᠡᠮᠵᠢᠳᠤ ᠲᠠᠷᠢᠶᠠᠯᠠᠩ ᠵᠡᠷᠭᠡ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠵᠥᠪᠰᠢᠶᠡᠷᠡᠨ᠎ᠡ︔ ᠡᠭᠦᠨ ᠳᠤ ᠣᠶ | ᠰᠢᠭᠤᠶ ᠡᠪᠡᠰᠦ ᠪᠡᠯᠴᠢᠭᠡᠷ ᠢ ᠵᠠᠰᠠᠨ ᠰᠡᠷᠭᠦᠭᠡᠬᠦ ᠪᠠᠷ ᠭᠤᠤᠯ ᠪᠣᠯᠭᠠᠭᠰᠠᠨ ᠲᠥᠷᠥᠯ ᠵᠦᠢᠯ ᠢ ᠠᠰᠢᠭᠯᠠᠵᠤ ᠪᠣᠯᠬᠤ | ᠪᠥᠭᠡᠳ ᠠᠰᠢᠭᠯᠠᠵᠤ ᠪᠣᠯᠬᠤ ᠶᠢ 3% ᠠᠴᠠ ᠬᠡᠲᠦᠷᠡᠭᠦᠯᠬᠦ ᠥᠬᠡᠶ ᠂ ᠠᠮᠢ ᠠᠬᠤᠶ ᠶᠢᠨ ᠠᠵᠤ ᠦᠢᠯᠡᠰ ᠢ ᠨᠡᠭᠡᠭᠡᠨ | ᠬᠥᠭᠵᠢᠭᠦᠯᠵᠦ ᠪᠣᠯᠤᠨ᠎ᠠ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠭᠦᠢᠴᠡᠳ ᠵᠣᠯᠭᠠᠭᠤᠯᠵᠤ ᠂ ᠨᠡᠶᠢᠭᠡᠮ ᠤᠨ ᠬᠥᠷᠥᠩᠭᠡ ᠶᠢᠨ ᠭᠤᠤᠯ ᠴᠣᠭᠴᠠ ᠶᠢᠨ ᠤᠰᠤ ᠰᠢᠷᠤᠢ ᠶᠢᠨ | ᠢᠳᠡᠭᠳᠡᠯ ᠢ ᠵᠠᠰᠠᠬᠤ ᠠᠵᠢᠯ ᠢ ᠪᠥᠬᠦ ᠲᠤᠭ᠎ᠠ ᠪᠠᠷ ᠲᠥᠪᠯᠡᠷᠡᠭᠦᠯᠦᠨ ᠵᠠᠯᠭᠠᠯᠳᠤᠭᠤᠯᠤᠨ ᠥᠷᠨᠢᠭᠦᠯᠵᠦ ᠪᠣᠯᠬᠤ ᠶᠢ | ᠲᠣᠳᠣᠷᠬᠠᠶᠢᠯᠠᠭᠰᠠᠨ ᠤ ᠳᠠᠷᠠᠭ᠎ᠠ ᠂ ᠬᠠᠤᠯᠢ ᠲᠣᠭᠲᠠᠭᠠᠯ ᠶᠣᠰᠣᠭᠠᠷ ᠵᠣᠬᠢᠬᠤ ᠬᠠᠷᠢᠴᠠᠯ ᠤᠨ ᠰᠢᠨ᠎ᠡ ᠪᠠᠷ ᠨᠡᠮᠡᠭᠳᠡᠭᠰᠡᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠣᠯᠵᠤ ᠪᠣᠯᠬᠤ ᠶᠢ ᠲᠣᠳᠣᠷᠬᠠᠶᠢᠯᠠᠬᠤ ᠶᠢᠨ | ᠬᠠᠮᠲᠤ ᠂ ᠣᠶᠢᠷ᠎ᠠ ᠶᠢᠨ ᠵᠢᠯ ᠤᠳ ᠲᠤ ᠡᠯ᠎ᠡ ᠭᠠᠵᠠᠷ ᠤᠨ ᠬᠡᠷᠡᠭᠵᠢᠭᠦᠯᠦᠭᠰᠡᠨ ᠤᠰᠤ ᠰᠢᠷᠤᠢ ᠶᠢ ᠬᠠᠮᠠᠭᠠᠯᠠᠬᠤ | ᠭᠤᠤᠯᠳᠠᠯᠭ᠎ᠠ ᠲᠠᠢ ᠢᠨᠵᠧᠨᠧᠷᠢᠩ ᠤᠨ ᠵᠠᠰᠠᠯᠲᠠ ᠶᠢᠨ ᠬᠡᠪᠴᠢᠶ᠎ᠡ ᠪᠠᠷ ᠯᠠᠪᠯᠠᠯᠲᠠ ᠪᠣᠯᠭᠠᠵᠤ ᠂ ᠠᠳᠠᠯᠢ ᠪᠤᠰᠤ ᠲᠥᠷᠥᠯ | ᠵᠦᠢᠯ ᠤᠨ ᠵᠠᠰᠠᠯᠲᠠ ᠶᠢᠨ ᠲᠠᠯᠠᠪᠠᠶ ᠶᠢᠨ ᠳᠣᠣᠷᠠᠳᠤ ᠬᠢᠵᠠᠭᠠᠷ ᠢ ᠨᠠᠷᠢᠯᠢᠬᠵᠢᠭᠤᠯᠤᠨ ᠲᠣᠳᠣᠷᠬᠠᠶᠢᠯᠠᠪᠠ ᠂ ᠳᠠᠷᠤᠶ ︽ | ᠵᠢᠵᠢᠭ ᠰᠠᠪᠠ ᠭᠠᠵᠠᠷ ᠤᠨ ᠶᠡᠷᠦᠩᠬᠡᠶᠢᠯᠡᠨ ᠵᠠᠰᠠᠬᠤ ᠲᠠᠯᠠᠪᠠᠶ ᠶᠢ 5000 ᠮᠦ ᠠᠴᠠ ᠪᠠᠭ᠎ᠠ ᠪᠤᠰᠤ ᠪᠠᠶᠢᠯᠭᠠᠵᠤ ᠂ | ᠨᠠᠯᠠᠤ ᠲᠠᠷᠢᠶᠠᠨ ᠭᠠᠵᠠᠷ ᠤᠨ ᠲᠠᠯᠠᠪᠠᠶ ᠶᠢ 500 ᠮᠦ ᠠᠴᠠ ᠪᠠᠭ᠎ᠠ ᠪᠤᠰᠤ ᠶᠡᠷᠦᠩᠬᠡᠶᠢᠯᠡᠨ ᠵᠠᠰᠠᠵᠤ ᠂ ᠨᠤᠷᠠᠯᠲᠠ ᠶᠢᠨ | ᠭᠠᠵᠠᠷ ᠢ ᠵᠠᠰᠠᠭᠰᠠᠨ ᠲᠠᠯᠠᠪᠠᠢ ᠶᠢ 250 ᠮᠦ ᠠᠴᠠ ᠪᠠᠭ᠎ᠠ ᠪᠠᠶᠢᠯᠭᠠᠵᠤ ᠪᠣᠯᠬᠤ ᠦᠭᠡᠢ︾ ᠭᠡᠵᠦ ᠶᠡᠷᠦᠩᠬᠡᠶᠢᠯᠡᠨ | ᠴᠡᠭᠴᠡᠯᠡᠨ ᠵᠠᠰᠠᠪᠠ ᠃ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠃ 2022 ᠣᠨ ᠠᠴᠠ | ᠨᠠᠭᠠᠰᠢ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠂ | ᠤᠰᠤᠨ ᠠᠰᠢᠭᠯᠠᠯᠲᠠ ᠶᠢᠨ ᠶᠠᠮᠤᠨ ᠵᠢᠴᠢ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠭᠤᠷᠢ | ᠲᠥᠬᠦᠭᠡᠷᠦᠮᠵᠢ ᠶᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ ᠂ ︽ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠤ ︿ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ | ᠰᠠᠨᠠᠯ﹀︾ ᠂ ︽ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠤᠯᠲᠠ ᠲᠠᠷᠢᠶᠠᠯᠠᠩ ᠬᠥᠳᠡᠭᠡ ᠲᠣᠰᠬᠤᠨ ᠤ | ᠵᠢᠯᠣᠭᠤᠳᠣᠯᠭ᠎ᠠ ︵2022 ᠣᠨ︶︾ ᠂ ︽ᠤᠰᠤᠨ ᠠᠰᠢᠭᠯᠠᠯᠲᠠ ᠶᠢᠨ ᠶᠠᠮᠤᠨ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ | ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠶ ᠰᠠᠨᠠᠯ︾ | ᠵᠡᠷᠭᠡ ᠶᠢ ᠳᠠᠷᠤᠮᠠᠯᠯᠠᠨ ᠲᠠᠷᠬᠠᠭᠠᠵᠤ ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ | ᠲᠣᠭᠲᠠᠴᠠ ᠶᠢᠨ ᠰᠢᠨ᠎ᠡ ᠶᠢ ᠡᠭᠦᠳᠦᠨ ᠥᠷᠭᠡᠳᠬᠡᠬᠦ ᠶᠢ ᠠᠬᠢᠭᠤᠯᠵᠤ ᠂ ᠠᠷᠠᠳ ᠤᠨ ᠪᠠᠯᠠ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠪᠡ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠨᠢᠭᠲᠠ ᠵᠣᠯᠭᠠᠯᠳᠤᠭᠤᠯᠵᠤ ᠂ ᠣᠷᠣᠨ ᠨᠤᠲᠤᠭ ᠤᠨ ᠤᠯᠤᠰ ᠤᠨ ᠵᠢᠭᠡᠯᠡᠯᠭᠡ ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠂ ᠮᠥᠩᠭᠦᠨ ᠭᠦᠢᠯᠭᠡᠭᠡᠨ ᠤ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠬᠤ ᠂ ᠤᠯᠠᠨ ᠡᠰᠢᠵᠢᠭᠰᠡᠨ ᠪᠡᠯᠡ | ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠴᠦ ᠂ ᠨᠡᠶᠢᠭᠡᠮ ᠤᠨ ᠬᠥᠷᠥᠩᠭᠡ ᠶᠢ ᠲᠠᠳᠠᠨ ᠤᠰᠤ | ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠤᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠰᠤ | ᠰᠢᠷᠤᠢ ᠶᠢ ᠬᠠᠮᠠᠭᠠᠯᠠᠬᠤ ᠲᠥᠷᠥᠯ ᠵᠦᠢᠯ ᠳᠤ ᠣᠷᠣᠯᠴᠠᠬᠤ ᠶᠢ ᠳᠡᠮᠵᠢᠵᠦ ᠂ ᠲᠣᠬᠢᠷᠠᠮᠵᠢᠲᠠᠶ ᠮᠥᠩᠭᠦᠨ ᠭᠦᠢᠯᠭᠡᠭᠡᠨ ᠤ | ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠬᠦ ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠬᠦ ᠶᠢ | ᠳᠡᠮᠵᠢᠵᠦ ᠂ ᠤᠰᠤ ᠰᠢᠷᠤᠢ ᠶᠢᠨ ᠢᠳᠡᠭᠳᠡᠯ ᠢ ᠵᠠᠰᠠᠬᠤ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ | ᠲᠤᠬᠠᠶ ᠲᠣᠳᠣᠷᠬᠠᠶ ᠲᠣᠭᠲᠠᠭᠠᠯ ᠭᠠᠷᠭᠠᠪᠠ ᠃ | ᠥᠮᠴᠢᠯᠡᠬᠦ ᠡᠷᠬᠡ ᠶᠢ ᠳᠡᠮᠵᠢᠬᠦ ᠲᠥᠷᠥ ᠶᠢᠨ ᠪᠤᠳᠣᠯᠭ᠎ᠠ ᠃ ᠵᠠᠰᠠᠯᠲᠠ ᠳᠤ ᠣᠷᠣᠯᠴᠠᠭᠰᠠᠨ ᠤ ᠳᠠᠷᠠᠭ᠎ᠠ | ᠣᠯᠤᠭᠰᠠᠨ ᠭᠠᠵᠠᠷ ᠰᠢᠷᠣᠶ ᠬᠡᠷᠡᠭᠯᠡᠬᠦ ᠡᠷᠬᠡ ᠵᠡᠷᠭᠡ ᠬᠠᠤᠯᠢ ᠶᠣᠰᠣᠭᠠᠷ ᠡᠷᠭᠢᠯᠳᠦᠭᠦᠯᠦᠨ ᠰᠢᠢᠳᠪᠦᠷᠢᠯᠡᠬᠦ ᠡᠷᠬᠡ | ᠠᠰᠢᠭ ᠢ ᠨᠢ ᠲᠣᠳᠣᠷᠬᠠᠶᠢᠯᠠᠬᠤ ᠪᠣᠯ ᠨᠡᠶᠢᠭᠡᠮ ᠤᠨ ᠬᠥᠷᠥᠩᠭᠡ ᠶᠢᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠂ ᠪᠡᠯᠡ ᠣᠷᠣᠭᠤᠯᠤᠯᠲᠠ ᠶᠢᠨ ᠢᠳᠡᠪᠬᠢ ᠴᠢᠨᠠᠷ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ | ᠮᠥᠨ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠠᠭᠤᠷᠢᠨ | ᠳᠡᠭᠡᠷ᠎ᠡ ᠂ ᠨᠡᠶᠢᠭᠡᠮ ᠤᠨ ᠬᠥᠷᠥᠩᠭᠡ ᠶᠢᠨ ᠬᠠᠮᠢᠶ᠎ᠠ ᠪᠦᠬᠦᠢ ᠡᠷᠬᠡ ᠠᠰᠢᠭ ᠲᠤ ᠲᠣᠭᠲᠠᠭᠠᠯ ᠭᠠᠷᠭᠠᠵᠤ ᠂ ︽ᠬᠡᠨ ᠪᠡᠯᠡ | ᠣᠷᠣᠭᠤᠯᠪᠠᠯ ᠂ ᠬᠡᠨ ᠠᠰᠢᠭ ᠬᠦᠷᠲᠡᠬᠦ︾ ᠵᠠᠷᠴᠢᠮ ᠶᠣᠰᠣᠭᠠᠷ ᠂ ᠨᠡᠶᠢᠭᠡᠮ ᠤᠨ ᠬᠥᠷᠥᠩᠭᠡ ᠶᠢᠨ ᠭᠤᠣᠯ ᠴᠣᠭᠴᠠ ᠨᠢ | ᠤᠰᠤ ᠰᠢᠷᠣᠢ ᠶᠢ ᠬᠠᠮᠠᠭᠠᠯᠠᠬᠤ ᠢᠨᠵᠧᠨᠧᠷᠢᠩ ᠢ ᠪᠦᠲᠦᠭᠡᠨ ᠪᠠᠶᠢᠭᠤᠯᠵᠤ ᠤᠰᠤ ᠰᠢᠷᠣᠢ ᠶᠢᠨ ᠢᠳᠡᠭᠳᠡᠯ ᠢ | ᠵᠠᠰᠠᠬᠤ ᠶᠢᠨ ᠬᠠᠮᠲᠤ ᠬᠠᠤᠯᠢ ᠶᠣᠰᠣᠭᠠᠷ ᠣᠯᠣᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠵᠡᠷᠭᠡ ᠬᠠᠮᠢᠶ᠎ᠠ ᠪᠦᠬᠦᠢ | ᠡᠷᠬᠡ ᠠᠰᠢᠭ ᠲᠤ ᠪᠦᠬᠦ ᠲᠤᠭ᠎ᠠ ᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠂ ᠵᠠᠰᠠᠵᠤ ᠰᠡᠷᠭᠦᠭᠡᠬᠦ | ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠂ ᠬᠠᠤᠯᠢ ᠲᠣᠭᠲᠠᠭᠠᠯ ᠶᠣᠰᠣᠭᠠᠷ ᠡᠷᠭᠢᠯᠳᠦᠭᠦᠯᠬᠦ ᠶᠢᠨ ᠬᠠᠮᠲᠤ ᠵᠣᠬᠢᠬᠤ | ᠠᠰᠢᠭ ᠣᠷᠣᠯᠭ᠎ᠠ ᠣᠯᠵᠤ ᠪᠣᠯᠣᠨ᠎ᠠ ᠭᠡᠵᠦ ᠲᠣᠳᠣᠷᠬᠠᠶᠢᠯᠠᠪᠠ ᠃ | ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢᠨ ᠲᠤᠬᠠᠢ ᠃ ᠤᠰᠤᠨ ᠠᠰᠢᠭᠯᠠᠯᠲᠠ ᠶᠢᠨ ᠶᠠᠮᠤᠨ ᠠᠴᠠ ︽ | ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠬᠤ ᠶᠢᠨ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ | ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ ᠂ ᠣᠷᠣᠨ ᠨᠤᠲᠤᠭ ᠢ ᠵᠢᠯᠣᠭᠤᠳᠤᠨ ᠳᠡᠮᠵᠢᠵᠦ ᠪᠠᠶᠢᠭᠠᠳ | ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠵᠠᠭᠪᠤᠷ ᠢ ᠠᠪᠴᠤ ᠂ ᠨᠡᠶᠢᠭᠡᠮ ᠤᠨ ᠬᠥᠷᠥᠩᠭᠡ ᠶᠢ ᠲᠠᠲᠠᠵᠤ ᠤᠰᠤ | ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠬᠤ ᠬᠡᠷᠡᠭᠲᠡᠶ ᠃ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ | ᠴᠠᠭ ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠳᠤ ︽ᠱᠠᠩᠨᠠᠬᠤ ᠪᠠᠷ | ᠨᠥᠬᠦᠪᠥᠷᠢ ᠶᠢ ᠣᠷᠣᠯᠠᠭᠤᠯᠬᠤ ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠪᠥᠲᠥᠭᠡᠨ | ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠶ ᠬᠡᠷᠡᠭᠵᠢᠭᠦᠯᠵᠦ ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠂ | ᠭᠠᠵᠠᠷ ᠰᠢᠷᠣᠶ ᠶᠢᠨ ᠬᠡᠷᠡᠭᠯᠡᠭᠴᠢ ᠂ ᠳᠠᠭᠠᠭᠠᠴᠢᠯᠠᠨ ᠡᠵᠡᠩᠨᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ | ᠨᠡᠶᠢᠭᠡᠮ ᠤᠨ ᠬᠥᠷᠥᠩᠭᠡ ᠪᠠ ᠵᠠᠰᠠᠯᠲᠠ ᠶᠢᠨ ᠣᠷᠣᠨ ᠤ ᠣᠯᠠᠨ ᠲᠦᠮᠡᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠪᠠ ᠬᠥᠲᠥᠯᠦᠨ ᠵᠢᠯᠣᠭᠤᠳᠤᠨ᠎ᠠ ᠭᠡᠵᠦ ᠲᠣᠳᠣᠷᠬᠠᠶ ᠳᠤᠷᠠᠳᠤᠨ | ᠭᠠᠷᠭᠠᠵᠠᠢ︾ ᠃ ︽ᠵᠢᠯᠣᠭᠤᠳᠬᠤ ᠰᠠᠨᠠᠯ︾ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ | ᠣᠷᠣᠨ ᠨᠤᠲᠤᠭ ᠤᠨ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠭᠡᠨ ᠠᠪᠴᠤ ᠂ ᠣᠷᠣᠨ ᠨᠤᠲᠤᠭ ᠤᠨ ᠬᠢᠨ ᠤ | ᠣᠳᠣ ᠶᠢᠨ ᠪᠠᠶᠢᠭ᠎ᠠ ᠪᠡᠯᠡ ᠣᠷᠣᠭᠤᠯᠤᠯᠲᠠ ᠶᠢᠨ ᠠᠷᠭ᠎ᠠ ᠵᠠᠮ ᠢᠶᠠᠨ ᠠᠰᠢᠭᠯᠠᠬᠤ ᠶᠢ ᠳᠡᠮᠵᠢᠵᠦ ᠂ ᠱᠠᠩᠨᠠᠬᠤ ᠪᠠᠷ | ᠨᠥᠬᠦᠪᠦᠷᠢ ᠶᠢ ᠣᠷᠣᠯᠠᠭᠤᠯᠬᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠥᠷᠥᠯ ᠵᠦᠢᠯ ᠢ | ᠬᠡᠷᠡᠭᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠵᠦ ᠂ ᠤᠰᠤ ᠰᠢᠷᠣᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ | ᠬᠥᠷᠥᠩᠭᠡ ᠶᠢᠨ ᠭᠤᠣᠯ ᠴᠣᠭᠴᠠ ᠶᠢᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ | ᠪᠤᠰᠤᠳ ᠳᠡᠮᠵᠢᠬᠦ ᠲᠥᠷᠥ ᠶᠢᠨ ᠪᠤᠳᠣᠯᠭ᠎ᠠ ᠶᠢᠨ ᠲᠤᠬᠠᠶ ᠃ ᠤᠢᠢᠷ᠎ᠠ ᠶᠢᠨ ᠵᠢᠯ ᠠᠴᠠ ᠂ ᠡᠯ᠎ᠡ ᠭᠠᠵᠠᠷ ᠤᠨ ᠬᠢᠨ | ᠨᠡᠶᠢᠭᠡᠮ ᠤᠨ ᠬᠦᠷᠦᠩᠭᠡ ᠶᠢᠨ ᠤᠰᠤ ᠰᠢᠷᠣᠢ ᠶᠢᠨ ᠢᠳᠡᠭᠳᠡᠯ ᠢ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠬᠤ | ᠲᠠᠯ᠎ᠠ ᠪᠠᠷ ᠦᠢᠯᠡᠳᠦᠯᠭᠡ ᠶᠢᠨ ᠰᠦᠪᠡᠭᠴᠢᠯᠡᠯᠲᠡ ᠶᠢ ᠢᠳᠡᠪᠬᠢᠲᠡᠢ ᠥᠷᠨᠢᠭᠦᠯᠵᠦ ᠂ ᠱᠠᠨᠰᠢ ᠶᠢᠨ ᠴᠢᠶᠠᠨ ᠶᠠᠩ ᠰᠢᠶᠠᠨ | ᠵᠢᠴᠢ ᠠᠨᠾᠦ᠋ᠢ ᠶᠢᠨ ᠳ᠋ᠢᠩ ᠶᠤᠸᠠᠨ ᠰᠢᠶᠠᠨ ᠤ ᠨᠠᠯᠠᠤ ᠲᠠᠷᠢᠶᠠᠨ ᠭᠠᠵᠠᠷ ᠤᠨ ᠤᠰᠤ ᠰᠢᠷᠣᠢ ᠶᠢᠨ ᠢᠳᠡᠭᠳᠡᠯ ᠢ ᠵᠠᠰᠠᠬᠤ | ᠲᠦᠷᠦᠯ ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠰᠢᠨ᠎ᠡ ᠪᠠᠷ ᠨᠡᠮᠡᠭᠳᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢᠨ ᠠᠷᠠᠯᠵᠢᠶ᠎ᠠ ᠂ ᠹᠦᠵᠢᠶᠠᠨ ᠤ ᠴᠠᠩᠲ᠋ᠢᠩ ᠨᠡᠭᠦᠷᠡᠰᠦᠲᠥ᠋ᠷᠥᠭᠴᠢ ᠶᠢᠨ ᠬᠤᠷᠠᠮᠠᠯ ᠤᠨ | ᠠᠷᠠᠯᠵᠢᠶ᠎ᠠ ᠂ ᠵᠧᠵᠢᠶᠠᠩ ᠤᠨ ᠠᠨ ᠵᠢᠢ ᠤᠰᠤ ᠰᠢᠷᠣᠢ ᠶᠢᠨ ᠠᠮᠢ ᠠᠬᠤᠢ ᠶᠢᠨ ᠦᠷᠳᠡᠭ ᠢ ᠬᠠᠮᠠᠭᠠᠯᠠᠬᠤ ᠵᠡᠷᠭᠡ | ᠠᠵᠢᠯᠯᠠᠭ᠎ᠠ ᠪᠠᠷ ᠲᠥᠯᠥᠭᠡᠯᠡᠭᠦᠯᠦᠭᠰᠡᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠪᠦᠷᠢᠯᠳᠦᠭᠦᠯᠵᠦ ᠂ ᠰᠠᠶᠢᠨ | ᠰᠠᠶᠢᠬᠠᠨ ᠠᠮᠢ ᠠᠬᠤᠢ ᠶᠢᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ | ᠠᠰᠢᠭ ᠢ ᠣᠯᠤᠭᠰᠠᠨ ᠪᠠᠶᠢᠨ᠎ᠠ ᠂ ︽ᠵᠢᠯᠣᠭᠤᠳᠬᠤ ᠰᠠᠨᠠᠯ︾ ᠨᠢ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠶᠢᠨ | ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ ᠂ ᠤᠰᠤ ᠰᠢᠷᠣᠢ ᠶᠢ ᠬᠠᠮᠠᠭᠠᠯᠠᠬᠤ ᠠᠮᠢ | ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠂ ᠤᠰᠤ ᠰᠢᠷᠣᠢ ᠶᠢ ᠬᠠᠮᠠᠭᠠᠯᠠᠨ ᠨᠡᠭᠦᠷᠡᠰᠦᠲᠥ᠋ᠷᠥᠭᠴᠢ ᠶᠢ | ᠬᠤᠷᠠᠭᠤᠯᠵᠤ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠵᠡᠷᠭᠡ | ᠦᠢᠯᠡᠳᠦᠯᠭᠡ ᠶᠢᠨ ᠰᠦᠪᠡᠭᠴᠢᠯᠡᠯᠲᠡ ᠶᠢ ᠢᠳᠡᠪᠬᠢᠲᠡᠢ ᠥᠷᠨᠢᠭᠦᠯᠬᠦ ᠳᠤ ᠲᠣᠭᠲᠠᠭᠠᠯ ᠭᠠᠷᠭᠠᠪᠠ ᠃ | ︵ᠲᠦᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠃ ᠭᠤᠤᠯᠳᠠᠭᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠂ ᠬᠠᠮᠢᠶᠠᠷᠤᠯᠲᠠ ᠦᠢᠯᠡᠴᠢᠯᠡᠭᠡ ᠂ ᠲᠦᠭᠰᠢᠭᠦᠷᠢ ᠶᠢ ᠰᠡᠷᠭᠡᠶᠢᠯᠡᠬᠦ ᠪᠠ ᠤᠬᠠᠭᠤᠯᠵᠤ ᠬᠥᠲᠥᠯᠥᠨ | ᠵᠢᠯᠣᠭᠤᠳᠬᠤ ᠳᠥᠷᠪᠡᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ ᠃ ᠡᠭᠦᠨ ᠳᠤ ᠲᠦᠭᠰᠢᠭᠦᠷᠢ ᠶᠢ | ᠰᠡᠷᠭᠡᠶᠢᠯᠡᠬᠦ ᠲᠠᠯ᠎ᠠ ᠪᠠᠷ ᠂ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ | ᠶᠠᠪᠤᠴᠠ ᠳᠤ ︽ᠬᠡᠰᠡᠭ ᠪᠤᠰᠠᠭ ᠪᠣᠯᠭᠠᠬᠤ︾ ᠂ ︽ᠪᠠᠶᠢᠷᠢ ᠰᠤᠯᠢᠭᠳᠠᠬᠤ︾ ᠵᠠᠰᠠᠯᠲᠠ ᠶᠢᠨ ᠠᠰᠠᠭᠤᠳᠠᠯ ᠭᠠᠷᠬᠤ ᠶᠢ | ᠭᠤᠤᠯᠳᠠᠯᠭ᠎ᠠ ᠲᠠᠢ ᠪᠣᠳᠣᠯᠬᠢᠯᠠᠵᠤ ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠲᠣᠭᠲᠠᠴᠠ ᠶᠢ ᠰᠦᠪᠡᠭᠴᠢᠯᠡᠨ | ᠪᠠᠶᠢᠭᠤᠯᠵᠤ ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠰᠢᠷᠤᠢ ᠶᠢᠨ ᠢᠳᠡᠭᠳᠡᠯ ᠢ | ᠵᠠᠰᠠᠬᠤ ᠳᠤ ᠣᠷᠣᠯᠴᠠᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ ᠃ ᠡᠭᠦᠨ ᠤ ᠬᠠᠮᠲᠤ ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠥᠭᠡᠷᠡᠴᠢᠯᠡᠯᠲᠡ ᠶᠢᠨ ᠰᠢᠨ᠎ᠡ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠵᠣᠯᠭᠠᠭᠤᠯᠵᠤ ᠂ ᠣᠷᠣᠨ ᠨᠤᠲᠤᠭ ᠬᠢᠭᠡᠳ ᠨᠡᠶᠢᠭᠡᠮ ᠤᠨ ᠬᠥᠷᠥᠩᠭᠡ ᠶᠢᠨ ᠠᠰᠢᠭ | ᠲᠤᠰᠠ ᠶᠢᠨ ᠬᠥᠳᠡᠯᠭᠡᠭᠦᠷ ᠳᠣᠤᠷ᠎ᠠ ᠵᠥᠪᠬᠡᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠦᠢᠴᠡᠳᠭᠡᠯ | ᠲᠤᠭ᠎ᠠ ᠶᠢ ᠬᠥᠭᠡᠭᠡᠴᠡᠯᠳᠦᠬᠦ ᠂ ᠣᠷᠣᠰᠢᠨ ᠲᠣᠭᠲᠠᠨᠢᠬᠤ ᠨᠥᠬᠦᠴᠡᠯ ᠢ ᠥᠯᠥ ᠬᠠᠶᠢᠬᠤᠷᠤᠨ ᠠᠯᠪᠠᠳᠠᠯᠭ᠎ᠠ ᠪᠠᠷ | ᠨᠥᠬᠦᠪᠥᠷᠢᠯᠡᠬᠦ ᠦᠢᠯᠡ ᠠᠵᠢᠯᠯᠠᠭ᠎ᠠ ᠳᠤ ᠲᠣᠳᠣᠷᠬᠠᠶ ᠲᠣᠭᠲᠠᠭᠠᠯ ᠭᠠᠷᠭᠠᠪᠠ ᠃ | ᠭᠤᠷᠪᠠ ᠂ ︽ᠵᠢᠯᠣᠭᠤᠳᠬᠤ ᠰᠠᠨᠠᠯ︾ ᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠠᠯ᠎ᠠ ᠪᠠᠷ ᠬᠢ | ᠪᠣᠳᠣᠯᠬᠢᠯᠠᠯ | ᠨᠢᠭᠡ ᠳᠤ ᠂ ᠠᠵᠢᠯ ᠤᠨ ᠠᠬᠢᠭᠤᠯᠤᠯᠲᠠ ᠶᠢ ᠴᠢᠩᠭᠠᠳᠬᠠᠨ᠎ᠠ ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠲᠠᠢ ᠤᠯᠠᠮ ᠨᠢᠭᠡ ᠠᠯᠬᠤᠮ ᠵᠣᠯᠭᠠᠭᠤᠯᠵᠤ ᠂ ︽ᠵᠢᠯᠣᠭᠤᠳᠬᠤ ᠰᠠᠨᠠᠯ︾ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠬᠠᠮᠲᠤ ᠪᠠᠷ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ | ᠬᠡᠷᠡᠭᠳᠡᠢ ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠣᠬᠢᠷᠠᠮᠵᠢᠲᠠᠶ ᠭᠠᠵᠠᠷ ᠣᠷᠣᠨ ᠢ ᠤᠷᠢᠳᠠᠪᠠᠷ ᠲᠤᠷᠰᠢᠨ ᠤᠷᠢᠳᠠᠪᠠᠷ ᠲᠤᠷᠰᠢᠨ ᠬᠡᠷᠡᠭᠵᠢᠭᠦᠯᠵᠦ ᠂ ᠠᠳᠠᠯᠢ ᠪᠤᠰᠤ | ᠣᠷᠣᠨ ᠪᠦᠰᠡ ᠶᠢ ᠬᠠᠮᠤᠷᠤᠭᠰᠠᠨ ᠂ ᠠᠳᠠᠯᠢ ᠪᠤᠰᠤ ᠵᠠᠰᠠᠯᠲᠠ ᠶᠢᠨ ᠵᠠᠭᠪᠤᠷ ᠢ ᠬᠠᠮᠤᠷᠤᠭᠰᠠᠨ ᠨᠢᠭᠡ ᠪᠦᠯᠦᠭ ᠵᠢᠱᠢᠶ᠎ᠡ | ᠦᠵᠡᠭᠦᠯᠬᠦ ᠬᠡᠷᠡᠭ ᠤᠨ ᠵᠢᠱᠢᠶ᠎ᠡ ᠵᠢᠴᠢ ᠲᠤᠷᠰᠢᠯᠭ᠎ᠠ ᠬᠢᠳᠡᠯ ᠢ ᠠᠭᠤᠳᠠᠯᠤᠨ ᠪᠦᠷᠢᠯᠳᠦᠭᠦᠯᠵᠦ ᠂ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ ᠃ | ᠬᠤᠶᠠᠷ ᠲᠤ ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ ᠃ ᠣᠯᠠᠨ ᠵᠦᠢᠯ ᠤᠨ ᠠᠷᠭ᠎ᠠ ᠵᠠᠮ ᠪᠠ | ᠬᠡᠯᠪᠡᠷᠢ ᠪᠠᠷ ᠳᠠᠮᠵᠢᠭᠤᠯᠤᠨ ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠭᠦᠨᠵᠡᠭᠡᠶ ᠨᠠᠷᠢᠨ | ᠨᠢᠮᠪᠠᠶ ᠰᠠᠶᠢᠲᠤᠷ ᠬᠢᠵᠦ ᠂ ᠡᠯ᠎ᠡ ᠱᠠᠲᠤᠨ ᠤ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠨᠡᠶᠢᠭᠡᠮ ᠤᠨ ᠬᠥᠷᠥᠩᠭᠡ ᠶᠢᠨ ᠭᠤᠤᠯ ᠴᠣᠭᠴᠠ ᠶᠢ ᠵᠢᠯᠣᠭᠤᠳᠤᠨ | ᠠᠵᠤ ᠦᠢᠯᠡᠰ ᠤᠨ ᠨᠡᠭᠡᠭᠡᠨ ᠬᠥᠭᠵᠢᠭᠦᠯᠬᠦ ᠳᠤ ᠭᠠᠵᠠᠷ ᠬᠡᠷᠡᠭᠯᠡᠬᠦ ᠂ ᠮᠦᠩᠭᠦᠨ ᠭᠦᠢᠯᠭᠡᠭᠡ ᠂ ᠲᠠᠷᠢᠶᠠᠨ ᠭᠠᠵᠠᠷ ᠢ | ᠡᠵᠡᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠲᠠᠢ ᠪᠠᠶᠢᠯᠭᠠᠬᠤ ᠂ ᠠᠮᠢ ᠠᠬᠤᠢ ᠶᠢᠨ ᠪᠦᠲᠦᠭᠡᠭᠳᠡᠭᠦᠨ ᠤ ᠦᠷᠲᠡᠭ ᠢ | ᠪᠡᠶᠡᠯᠡᠭᠦᠯᠬᠦ ᠵᠡᠷᠭᠡ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠯᠡᠨ᠎ᠡ ᠃ | ᠭᠤᠷᠪᠠ ᠳᠤ ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ ᠃ ᠣᠲᠣ ᠶᠢᠨ ᠪᠠᠶᠢᠭ᠎ᠠ ᠪᠠᠯᠠ | ᠣᠷᠣᠭᠤᠯᠤᠯᠲᠠ ᠶᠢᠨ ᠠᠷᠭ᠎ᠠ ᠵᠠᠮ ᠢ ᠠᠰᠢᠭᠯᠠᠨ ᠂ ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠶᠢ | ᠦᠷᠭᠦᠯᠵᠢᠯᠡᠨ ᠲᠦᠷᠭᠡᠳᠬᠡᠨ ᠠᠬᠢᠭᠤᠯᠤᠨ᠎ᠠ ᠃ ᠤᠰᠤ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠂ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠬᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠬᠡᠪ | ᠵᠠᠭᠪᠤᠷ ᠢ ᠶᠡᠬᠡᠪᠡᠷ ᠬᠡᠷᠡᠭᠵᠢᠭᠦᠯᠵᠦ ᠂ ᠨᠡᠶᠢᠭᠡᠮ ᠤᠨ ᠬᠥᠷᠥᠩᠭᠡ ᠪᠣᠯᠤᠨ ᠵᠠᠰᠠᠬᠤ ᠣᠷᠣᠨ ᠤ ᠣᠯᠠᠨ ᠲᠦᠮᠡᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠪᠠ ᠬᠥᠲᠥᠯᠥᠨ ᠵᠢᠯᠣᠭᠤᠳᠤᠨ᠎ᠠ ᠃ | |