︽ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠂ ᠲᠡᠷᠢᠭᠦᠨ ᠤ | ᠠᠵᠢᠯᠲᠠᠨ ᠪᠠ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠬᠦ | ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠰᠤᠨ ᠠᠰᠢᠭᠯᠠᠯᠲᠠ ᠶᠢᠨ | ᠶᠠᠮᠤᠨ ᠤ ᠵᠠᠬᠢᠳᠠᠯ ﹇2024﹈ 61 ᠳ᠋ᠤᠭᠡᠷ ᠲᠣᠭᠠᠲᠤ︶ ︽ᠤᠰᠤᠨ ᠠᠰᠢᠭᠯᠠᠯᠲᠠ ᠶᠢᠨ ᠶᠠᠮᠤᠨ ᠤ ᠠᠵᠢᠯᠲᠠᠨ ᠤ | ᠶᠠᠪᠤᠳᠠᠯ ᠤᠨ ᠵᠤᠷᠭᠠᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ︿ᠬᠤᠤᠰ ᠲᠡᠷᠢᠬᠦᠨ﹀ ᠢ | ᠰᠢᠯᠭᠠᠷᠠᠭᠤᠯᠤᠨ ᠬᠥᠬᠢᠭᠦᠯᠬᠦ ᠠᠩᠬᠠᠨ ᠤ ᠬᠢᠨᠠᠯᠲᠠ ᠶᠢᠨ ᠰᠠᠨᠠᠯ ᠢ ᠬᠠᠷᠢᠭᠤ ᠲᠤᠰᠬᠠᠬᠤ ᠲᠤᠬᠠᠶ ᠪᠢᠴᠢᠭ︾ ᠤᠨ | ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠠᠩᠬᠠᠨ ᠤ ᠬᠢᠨᠠᠯᠲᠠ ᠦᠨᠡᠯᠡᠯᠲᠡ ᠶᠢ ᠳᠡᠮᠵᠢᠨ ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠲᠠᠨᠢᠯᠴᠠᠭᠤᠯᠬᠤ ᠪᠠᠷ ᠪᠠᠶᠢᠭ᠎ᠠ ᠪᠥᠬᠦ ᠤᠯᠤᠰ ᠤᠨ | ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠂ ᠲᠡᠷᠢᠭᠦᠨ ᠤ ᠠᠵᠢᠯᠲᠠᠨ ᠢ ᠵᠠᠷᠯᠠᠨ ᠨᠡᠶᠢᠲᠡᠯᠡᠪᠡ ᠃ | ᠨᠢᠭᠡ ᠂ ᠲᠡᠷᠢᠭᠦᠨ ᠤ ᠬᠠᠮᠲᠤ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠬᠤᠶᠠᠷᠬᠤᠳᠳᠤᠭ ᠤᠨ | ᠬᠦᠳᠡᠭᠡ ᠶᠢᠨ ᠬᠠᠲᠤᠨ ᠭᠤᠤᠯ ᠤᠨ ᠳᠡᠭᠡᠭᠰᠢ ᠵᠠᠯᠠᠬᠤ ᠤᠰᠤᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ | ᠬᠤᠶᠠᠷ ᠂ ᠲᠡᠷᠢᠭᠦᠨ ᠤ ᠠᠵᠢᠯᠲᠠᠨ | 1. ᠰᠦᠨ ᠴᠢ ᠸᠧᠶ ︵ᠡᠮᠡᠭᠲᠡᠶ ᠂ ᠬᠤᠲᠣᠩ ᠦᠨᠳᠦᠰᠦᠲᠡᠨ︶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠭᠤᠤᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ | 2. ᠮᠠ ᠵᠢᠶᠠᠨ ᠵᠢᠶᠦ᠋ᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ | ᠤᠰᠤᠨ ᠤ ᠡᠬᠢ ᠰᠤᠷᠪᠤᠯᠵᠢ ᠶᠢᠨ ᠲᠥᠪ ᠠᠯᠠᠱᠠ ᠦᠬᠠᠶ ᠶᠢᠨ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠤᠪᠢᠶᠠᠷᠢ ᠲᠥᠪ ᠤᠨ ᠯᠠᠩ ᠰᠢᠨ ᠱᠠᠨ ᠤᠰᠤᠨ ᠰᠢᠨᠵᠢᠯᠡᠭᠡᠨ ᠤ ᠥᠷᠲᠡᠭᠡᠨ ᠳᠠᠷᠤᠭ᠎ᠠ | 3. ᠪᠤᠤ ᠵᠢᠶᠠᠨ ᠮᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠠᠵᠢᠯ ᠤᠨ | ᠥᠷᠲᠡᠭᠡᠨ ᠳᠠᠷᠤᠭ᠎ᠠ | 4. ᠹᠠᠨ ᠰᠢᠶᠠ ᠰᠢᠶᠠ ︵ᠡᠮᠡᠭᠲᠡᠢ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠬᠡᠬᠤᠲᠠ ᠶᠢᠨ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠭᠤᠣᠯ | ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ | 5. ᠰᠦᠨ ᠬᠤᠢ ᠴᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ | ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ | ᠭᠤᠷᠪᠠ ᠂ ᠢᠯᠡ ᠨᠡᠶᠢᠲᠡᠯᠡᠭᠰᠡᠨ ᠪᠠᠶᠢᠳᠠᠯ | ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2024 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ ᠠᠴᠠ | 2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ | ᠳᠥᠷᠪᠡ ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠰᠤᠷᠪᠤᠯᠵᠢᠯᠠᠯ ᠂ ᠵᠠᠬᠢᠳᠠᠯ ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ | ᠪᠣᠯᠤᠨ᠎ᠠ ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ ᠂ | ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ | ᠣᠪᠣᠭ ᠨᠡᠷ᠎ᠡ ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ | ᠬᠠᠩᠭᠠᠵᠤ ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ ᠃ | ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡ ᠳᠤ ᠳᠣᠭᠢᠷᠠᠭᠤᠯᠪᠠ ᠃ | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ | ᠦᠳᠡ ᠶᠢᠨ ᠬᠤᠶᠢᠨ᠎ᠠ 13᠄ 30 — 17᠄ 00 ᠴᠠᠭ | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 5259546 ︵0471︶ 6917080 | ᠣᠨᠴᠠᠭᠠᠶᠢᠯᠠᠨ ᠵᠠᠷᠯᠠᠪᠠ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 24 ᠤ ᠡᠳᠦᠷ | |