ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠶᠢ ᠵᠦᠪᠰᠢᠶᠡᠷᠡᠬᠦ ᠳᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/9/4
  ᠬᠡᠯᠬᠢᠶᠡᠰᠦᠨ ᠨᠣᠮᠧᠷ᠄ 000014348/2024 — 05463  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 18 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 8 ᠳ᠋ᠤᠭᠠᠷ ᠰᠠᠷ᠎ᠠ ᠶᠢᠨ 1 3 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ 280 ᠳ᠋ᠤᠭᠠᠷ ᠲᠣᠭᠠᠲᠤ︶ ᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠦᠰᠦᠯ ᠢ ᠰᠢᠯᠵᠢᠭᠦᠯᠦᠨ ᠲᠤᠰᠢᠶᠠᠬᠤ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠤᠬᠠᠶ ᠬᠠᠲᠤᠨ ᠭᠤᠤᠯ ᠤᠨ ᠵᠥᠪᠯᠡᠯ ᠤᠨ ᠵᠠᠬᠢᠳᠠᠯ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇ 2020﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠂ ᠮᠠᠨ ᠤ ᠲᠢᠩᠬᠢᠮ ᠲᠠᠨ ᠤ ᠺᠣᠮᠫᠠᠨᠢ ᠶᠢᠨ ᠵᠢᠯ ᠳᠤ 400 ᠲᠣᠨ N — ᠰᠢᠪᠲᠦᠷ ᠤᠨ ᠪᠦᠯᠦᠭ — 3 — ᠠᠽᠣᠲ ᠬᠤᠯᠢᠮᠠᠭ ᠬᠤᠣᠰ ᠴᠠᠭᠠᠷᠢᠭ ﹇ 3 ᠂ 3 ᠂ 0﹈ ᠣᠺᠡᠲ᠋ᠠᠨ ᠳᠠᠪᠤᠰᠤᠨ ᠬᠦᠴᠢᠯ ᠤᠨ ᠳᠠᠪᠤᠰᠤ ᠵᠡᠷᠭᠡ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠲᠦᠰᠦᠯ ︵ᠨᠢᠭᠡᠳᠦᠭᠡᠷ ᠬᠤᠭᠤᠴᠠᠭ᠎ᠠ︶ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ ᠪᠠᠶᠢᠴᠠᠭᠠᠭᠰᠠᠨ ᠢᠶᠠᠷ ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠵᠦᠢᠯ ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ       ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ ᠃  ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠷᠢᠯᠢᠬᠵᠢᠭᠤᠯᠤᠭᠰᠠᠨ ᠠᠵᠤ ᠦᠢᠯᠡᠳᠪᠦᠷᠢ ᠶᠢᠨ ᠣᠷᠣᠨ ᠪᠦᠰᠡ ᠳᠤ ᠪᠠᠶᠢᠷᠢᠯᠠᠵᠤ ᠂ 2019 ᠣᠨ ᠤ 7 ᠳ᠋ᠤᠭᠠᠷ ᠰᠠᠷ᠎ᠠ ᠶᠢᠨ 10 ᠤ ᠡᠳᠦᠷ ᠂ ᠤᠳᠠ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠳᠠᠩᠰᠠᠯᠠᠭᠤᠯᠵᠤ ᠂ ᠲᠦᠰᠦᠯ ᠤᠨ ᠳ᠋ᠤᠭᠠᠷ ᠨᠢ 2019 — 150304 — 27 — 03 — 018125 ᠪᠣᠯᠤᠨ᠎ᠠ ᠃  ᠲᠤᠰ ᠲᠦᠰᠦᠯ ᠤᠨ ᠨᠢᠭᠡᠳᠦᠭᠡᠷ ᠬᠤᠭᠤᠴᠠᠭᠠᠨ ᠤ ᠳᠠᠩᠰᠠᠯᠠᠭᠤᠯᠤᠭᠰᠠᠨ ᠬᠡᠪᠴᠢᠶ᠎ᠡ ᠨᠢ ᠵᠢᠯ ᠳᠤ 400 ᠲᠣᠨ N ᠰᠢᠪᠲᠦᠷ ᠤᠨ ᠪᠦᠯᠦᠭ-3-ᠠᠽᠣᠲ ᠬᠤᠯᠢᠮᠠᠭ ᠬᠤᠣᠰ ᠴᠠᠭᠠᠷᠢᠭ ﹇ 3 ᠂ 0 ᠂ 0 ﹈ ᠣᠺᠲ᠋ᠠᠨ ᠳᠠᠪᠤᠰᠤᠨ ᠬᠦᠴᠢᠯ ᠤᠨ ᠳᠠᠪᠤᠰᠤ ᠂ 2000 ᠲᠣᠨ ODB-2 ᠂ 300 ᠲᠣᠨ ︵S︶-1 ︵4-ᠬᠤᠶᠠᠷ ᠹᠧᠨᠽᠧᠨ︶ — 2 — ᠾᠯᠣᠷ ᠫᠷᠤᠫᠢᠯ ᠬᠤᠶᠠᠷ ᠮᠣᠯᠧᠺᠦ᠋ᠯ — 3 — ᠣᠺᠡᠲ᠋ᠠᠨ ᠂ 500 ᠲᠣᠨ 2 ᠂ 4 ᠂ 5 — ᠭᠤᠷᠪᠠᠨ ᠹᠯᠣᠷ-3-ᠮᠧᠲ᠋ᠢᠯ ᠪᠧᠨᠽᠧᠨ᠋ᠲᠦ ᠮᠧᠲ᠋ᠢᠯ ᠾᠯᠣᠷ ᠪᠣᠯᠣᠨ᠎ᠠ ᠃ 2019 ᠣᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ ᠂ 2020 ᠣᠨ ᠤ 7 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ ᠃ ᠲᠦᠰᠦᠯ ᠳᠤ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠤᠰᠤ ᠲᠠᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠂ ᠦᠬᠠᠶ ᠬᠤᠲᠠ ᠶᠢᠨ ᠤᠳᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠣᠰ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠪᠡ ᠃  ᠲᠦᠰᠦᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ︵ᠠᠶᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠯ ᠲᠤᠭ᠎ᠠ ᠶᠢ ᠪᠠᠭᠲᠠᠭᠠᠨ᠎ᠠ︔ ᠳ᠋ᠠ ᠵᠥᠩ ᠠᠭᠤᠷᠬᠠᠶ ᠶᠢᠨ ᠦᠢᠯᠡᠰ ᠢ ᠰᠢᠢᠳᠪᠦᠷᠢᠯᠡᠬᠦ ᠤᠰᠤᠨ ᠤ ᠭᠦᠢᠴᠡᠳᠬᠡᠯ ᠲᠤᠭ᠎ᠠ ᠶᠢ ᠪᠠᠭᠲᠠᠭᠠᠨ᠎ᠠ︔ ᠤᠳᠠ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠠᠴᠠ ᠲᠦᠭᠡᠭᠡᠯ ᠤᠰᠤ ᠶᠢ ᠠᠮᠢᠳᠤᠷᠠᠯ ᠤᠨ ᠤᠰᠤ ᠲᠠᠲᠠᠬᠤ︶ ᠤᠰᠤᠨ ᠰᠤᠷᠪᠤᠯᠵᠢ ᠪᠣᠯᠭᠠᠵᠤ ᠂   ᠤᠳᠠ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠲᠦᠭᠡᠭᠡᠯ ᠤᠰᠤᠨ ᠤ ᠠᠮᠢᠳᠤᠷᠠᠯ ᠢ ᠤᠰᠤ ᠠᠪᠬᠤ ᠤᠰᠤᠨ ᠤ ᠡᠬᠢ ᠪᠣᠯᠭᠠᠵᠦ ᠂ ᠠᠭᠤᠷ ᠤᠨ ᠭᠠᠳᠠᠨ᠎ᠠ ᠠᠴᠠ ᠦᠬᠠᠶ ᠬᠤᠲᠠ ᠶᠢᠨ ᠵᠢᠤᠢ ᠶᠤᠸᠠᠨ ᠠᠭᠤᠷ ᠪᠣᠷᠣᠯᠠᠭᠤᠯᠬᠤ ᠬᠢᠵᠠᠭᠠᠷᠲᠤ ᠺᠣᠮᠫᠠᠨᠢ ︵ᠮᠠᠰᠢᠨ ᠲᠡᠷᠭᠡ ᠨᠢ ᠦᠬᠠᠶ ᠬᠤᠲᠠ ᠶᠢᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠬᠦ ᠳᠠᠷᠤᠯᠲᠠᠲᠤ ᠮᠠᠶ᠋ᠢᠭ ᠤᠨ ᠮᠠᠰᠢᠨ ᠴᠣᠭᠴᠠᠯᠠᠪᠤᠷᠢ ᠶᠢᠨ ᠲᠦᠰᠦᠯ ︵ᠨᠢᠭᠡᠳᠦᠭᠡᠷ ᠬᠤᠭᠤᠴᠠᠭ᠎ᠠ︶ ᠪᠣᠯᠤᠨ ᠦᠬᠠᠶ ᠶᠢᠨ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠦᠬᠠᠶ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠦᠰᠦᠯ ᠂ ᠭᠠᠳᠠᠨ᠎ᠠ ᠠᠭᠤᠷ ᠤᠨ ᠤᠰᠤ ᠬᠠᠩᠭᠠᠬᠤ ᠬᠦᠢᠴᠡᠳᠬᠡᠯ ᠲᠤᠭ᠎ᠠ ᠶᠢ ᠠᠭᠤᠷ ᠤᠨ ᠲᠠᠯ᠎ᠠ ᠶᠢᠨ ᠤᠰᠤ ᠬᠠᠩᠭᠠᠬᠤ ᠵᠥᠪᠰᠢᠶᠡᠷᠡᠯ ᠤᠨ ᠬᠡᠪᠴᠢᠶᠡᠨ ᠳᠣᠲᠣᠷ᠎ᠠ ᠪᠠᠭᠲᠠᠭᠠᠨ᠎ᠠ ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ ᠂ ᠲᠤᠰ ᠲᠦᠰᠦᠯ ᠤᠨ ᠶᠡᠷᠦᠩᠬᠡᠢ ᠤᠰᠤ ᠲᠠᠲᠠᠭᠰᠠᠨ ᠬᠡᠮᠵᠢᠶ᠎ᠡ 5.21 ᠲᠦᠮᠡᠨ m3/a ︵ᠭᠠᠳᠠᠨ᠎ᠠ ᠠᠴᠠ ᠬᠤᠳᠠᠯᠳᠤᠨ ᠠᠪᠤᠭᠰᠠᠨ ᠠᠭᠤᠷ 6.55 ᠲᠦᠮᠡᠨ m3/a ᠪᠠᠭᠲᠠᠬᠤ ᠦᠭᠡᠢ︶ ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠭᠰᠠᠨ ᠬᠡᠮᠵᠢᠶ᠎ᠡ 4.64 ᠲᠦᠮᠡᠨ m3/a ᠪᠠᠶᠢᠵᠤ ᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ 0.57 ᠲᠦᠮᠡᠨ m3/a ᠪᠤᠢ ᠃ ᠠᠭᠤᠷ ᠤᠨ ᠤᠰᠤ ᠶᠢᠨ ᠬᠡᠮᠵᠢᠶ᠎ᠡ ᠳᠤ ᠣᠷᠣᠭᠤᠯᠵᠤ ᠲᠣᠭᠳᠠᠭᠠᠬᠤ ᠳᠤ ᠂ ᠭᠤᠣᠯ ᠪᠣᠯᠬᠤ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ᠲᠤᠰ ᠪᠦᠷᠢ N-ᠰᠢᠪᠲᠦᠷᠲᠦ — 3 ᠠᠽᠣᠲ ᠬᠤᠯᠢᠮᠠᠭ ᠬᠤᠣᠰ ᠴᠠᠭᠠᠷᠢᠭ ﹇3 ᠂ 0 ᠂ 0﹈ ᠣᠺᠲ᠋ᠠᠨ ᠳᠠᠪᠤᠰᠤᠨ ᠬᠦᠴᠢᠯ ᠤᠨ ᠳᠠᠪᠤᠰᠤ 2735m3/t ᠂ ODB—2—391m3/t ᠂ ︵S︶ —1— ︵ 4 — 2 ᠪᠧᠨᠧᠨ︶ —2 — ᠤᠰᠤᠮᠠᠭ ᠪᠦᠯᠦᠭ — 3 — ᠡᠾᠯᠤᠷᠲᠦ ᠫᠷᠤᠫᠢᠯ ᠠᠯᠺᠠ 2069m3/t ᠂ 2 ᠂ 4 ᠂ 5 — ᠭᠤᠷᠪᠠᠨ ᠹᠯᠣᠷ — 3-ᠮᠧᠲ᠋ᠢᠯ ᠪᠧᠨ᠋ᠽᠧᠨ᠋ᠲᠤ ᠮᠧᠲ᠋ᠢᠯ ᠠᠯᠺᠣᠣᠯ ᠠᠰᠢᠯᠲᠤ ᠡᠾᠯᠤᠷ ᠶᠢᠨ 1622m3/t ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠳᠤ ᠴᠥᠮ ᠬᠠᠮᠢᠶ᠎ᠠ ᠪᠦᠬᠦᠢ ᠤᠰᠤ ᠬᠡᠷᠡᠭᠯᠡᠬᠦ ᠨᠣᠷᠮ᠎ᠠ ᠦᠭᠡᠢ ᠪᠣᠯᠬᠤᠷ ᠪᠦᠬᠦ ᠤᠯᠤᠰ ᠤᠨ ᠡᠯ᠎ᠡ ᠭᠠᠵᠠᠷ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠳᠤ ᠴᠥᠮ ᠬᠠᠮᠢᠶ᠎ᠠ ᠪᠦᠬᠦᠢ ᠤᠰᠤ ᠬᠡᠷᠡᠭᠯᠡᠬᠦ ᠨᠣᠷᠮ᠎ᠠ ᠶᠢᠨ ᠲᠣᠭᠲᠠᠭᠠᠯ ᠦᠭᠡᠢ ᠂ ᠭᠠᠷ ᠤᠷᠠᠯᠠᠯ ᠤᠨ ᠵᠦᠶ ᠵᠣᠬᠢᠰᠲᠠᠶ ᠂ ᠭᠤᠤᠯ ᠪᠣᠯᠬᠤ ᠤᠰᠤ ᠬᠡᠷᠡᠭᠯᠡᠬᠦ ᠨᠢᠭᠡᠴᠢ ᠶᠢᠨ ᠤᠰᠤ ᠬᠡᠷᠡᠭᠯᠡᠬᠦ ᠵᠦᠢ ᠶᠣᠰᠣᠴᠢ ᠴᠢᠨᠠᠷ ᠬᠢᠭᠡᠳ ᠪᠣᠬᠢᠷ ᠤᠰᠤ ᠰᠢᠢᠳᠪᠦᠷᠢᠯᠡᠬᠦ ᠲᠥᠰᠦᠯ ᠳᠤ ᠵᠦᠢ ᠵᠣᠬᠢᠰᠲᠤ ᠭᠤᠷᠪᠠᠨ ᠲᠠᠯ᠎ᠠ ᠪᠠᠷ ᠵᠠᠳᠠᠯᠤᠯᠲᠠ ᠬᠢᠭᠰᠡᠨ ᠢᠶᠠᠷ ᠲᠤᠰ ᠲᠦᠰᠦᠯ ᠤᠨ ᠡᠯ᠎ᠡ ᠨᠢᠭᠡᠴᠢ ᠶᠢᠨ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ᠵᠦᠢ ᠵᠣᠬᠢᠰᠲᠠᠶ ᠪᠠᠶᠢᠳᠠᠭ ᠃ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ ᠪᠣᠯ 70L / ᠬᠥᠮᠦᠨ · d ᠪᠣᠯᠤᠨ᠎ᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385 — 2020︶ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ ᠃ ᠲᠦᠰᠦᠯ ᠨᠢ ᠤᠰᠤ ᠲᠠᠲᠠᠵᠤ ᠬᠡᠷᠡᠭᠯᠡᠬᠦ ᠨᠢ ᠦᠨᠳᠦᠰᠦᠨ ᠳᠡᠭᠡᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃  ᠲᠦᠰᠦᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠡᠭᠡᠨ ᠵᠥᠪᠰᠢᠶᠡᠷᠡᠨ᠎ᠡ ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃  ᠲᠦᠰᠦᠯ ᠤᠨ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠥᠷᠲᠡᠭᠡ ᠪᠠᠷ ᠳᠠᠮᠵᠢᠭᠤᠯᠤᠨ ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠂ ᠠᠮᠢᠳᠤᠷᠠᠯ ᠤᠨ ᠪᠣᠬᠢᠷ ᠤᠰᠤ ᠲᠠᠢ ᠬᠠᠮᠲᠤ ᠤᠳᠠ ᠲᠣᠭᠤᠷᠢᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠤᠷᠤᠭᠤᠯᠪᠠ ᠃  ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠪᠠ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠲᠦᠷᠢᠮ︾ ︵GB/T28714 — 2023︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤ ᠠᠪᠬᠤ ᠬᠠᠮᠢᠶᠠᠷᠤᠯᠲᠠ ᠶᠢᠨ ᠲᠠᠪᠴᠠᠩ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃  ᠲᠣᠰ ᠲᠦᠰᠦᠯ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠭᠰᠠᠨ ᠪᠠᠶᠢᠳᠠᠯ ᠢ ᠦᠨᠳᠦᠰᠦᠯᠡᠨ ᠂ ᠲᠠᠨ ᠤ ᠺᠣᠮᠫᠠᠨᠢ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠠ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠲᠣᠰ ᠴᠣᠬᠤᠯᠠᠪᠤᠷᠢ ᠶᠢ ᠣᠯᠤᠭᠰᠠᠨ ᠤ ᠳᠠᠷᠠᠭ᠎ᠠ ᠳᠠᠷᠤᠶ ᠮᠠᠨ ᠤ ᠲᠢᠩᠬᠢᠮ ᠳᠤ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠪᠠᠷ ᠭᠤᠶᠤᠴᠢᠯᠠᠵᠤ ᠪᠣᠯᠤᠨ᠎ᠠ ᠃  ᠳᠠᠭᠠᠯᠳᠤᠭᠤᠯᠤᠯ᠄ ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 400 ᠲᠣᠨ N — ᠰᠢᠪᠲᠦᠷ ᠤᠨ ᠪᠦᠯᠦᠭ — 3 — ᠠᠽᠣᠲ ᠬᠤᠯᠢᠮᠠᠭ ᠬᠤᠣᠰ ᠴᠠᠭᠠᠷᠢᠭ ﹇ 3 ᠂ 3 ᠂ 0﹈ ᠤᠺᠠᠲ᠋ᠠᠨ ᠤ ᠳᠠᠪᠤᠰᠤᠨ ᠬᠦᠴᠢᠯ ᠤᠨ ᠳᠠᠪᠤᠰᠤ ᠵᠡᠷᠭᠡ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠲᠦᠰᠦᠯ ︵ᠨᠢᠭᠡᠳᠦᠭᠡᠷ ᠬᠤᠭᠤᠴᠠᠭ᠎ᠠ︶ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠪᠠᠶᠢᠴᠠᠭᠠᠭᠰᠠᠨ ᠰᠠᠨᠠᠯ︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠳᠡᠭᠦᠯᠦᠯᠲᠡ    2024 ᠣᠨ ᠤ 8 ᠳ᠋ᠤᠭᠠᠷ ᠰᠠᠷ᠎ᠠ ᠶᠢᠨ 13 ᠤ ᠡᠳᠦᠷ 
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号