ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ | ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ | ᠶᠠᠷᠢᠶ᠎ᠠ ᠲᠠᠯᠪᠢᠪᠠ ᠃ ᠰᠢ ᠶᠢᠨ ᠫᠢᠩ ᠂ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | ᠠᠹᠷᠢᠺᠠ ᠲᠢᠪ ᠤᠨ ᠪᠦᠭᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ | ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠵᠦ ᠂ ᠳᠤᠮᠳᠠᠳᠤ ᠠᠹᠷᠢᠺᠠ ᠶᠢᠨ | ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ | ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠭᠦᠷᠲᠡᠯ᠎ᠡ ᠳᠡᠭᠡᠭᠰᠢᠯᠡᠭᠦᠯᠵᠦ ᠂ | ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ | ᠬᠡᠷᠡᠭᠵᠢᠭᠦᠯᠦᠨ᠎ᠡ ᠭᠡᠵᠦ ᠨᠡᠶᠢᠲᠡᠯᠡᠪᠡ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ | ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠣᠷᠣᠯᠴᠠᠪᠠ ᠃ | | | | | | 9 ᠰᠠᠷ᠎ᠠ ᠶᠢᠨ 5 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ | ᠪᠥᠭᠡᠳ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | | | 9 ᠰᠠᠷ᠎ᠠ ᠶᠢᠨ 5 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ | ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠵᠢᠷᠤᠭ ᠪᠣᠯ ᠡᠭᠢᠯᠡᠯᠲᠡ ᠶᠢᠨ ᠶᠣᠰᠣᠯᠠᠯ ᠠᠴᠠ ᠡᠮᠦᠨ᠎ᠡ ᠂ ᠰᠢ ᠶᠢᠨ | ᠫᠢᠩ ᠲᠦᠷᠦᠭᠦᠴᠦᠳ ᠤᠨ ᠬᠤᠷᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠶᠢᠨ | ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠨᠠᠮᠤᠷ ᠤᠨ ᠡᠬᠢᠨ ᠤ ᠪᠡᠭᠡᠵᠢᠩ ᠨᠠᠯᠠᠭᠠᠷᠳᠠᠨ ᠴᠡᠩᠬᠡᠷᠯᠡᠨ᠎ᠡ ᠃ ᠲᠢᠶᠠᠨ ᠠᠨ ᠮᠧᠨ ᠲᠠᠯᠠᠪᠠᠢ ᠪᠣᠯᠣᠨ ᠴᠠᠩ ᠠᠨ | ᠵᠡᠭᠡᠯᠢ ᠶᠢᠨ ᠬᠤᠶᠠᠷ ᠬᠠᠵᠠᠭᠤ ᠪᠠᠷ ᠬᠤᠷᠴᠠ ᠢᠯᠡᠲᠡᠢ ᠲᠠᠪᠤᠨ ᠣᠳᠣᠲᠤ ᠤᠯᠠᠭᠠᠨ ᠲᠤᠭ ᠪᠣᠯᠣᠨ ᠠᠹᠷᠢᠺᠠ ᠲᠢᠪ ᠤᠨ | 53 ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ ᠃ | | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠰᠠᠨ 51 ᠨᠡᠷᠡᠰ ᠠᠹᠷᠢᠺᠠ ᠲᠢᠪ ᠤᠨ | ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠶᠡᠷᠦᠩᠬᠡᠶᠢᠯᠡᠭᠴᠢ ᠶᠢᠨ 2 ᠲᠥᠯᠥᠭᠡᠯᠡᠭᠴᠢ ᠂ | ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ | ᠪᠣᠯᠣᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ | ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ | ᠰᠢ ᠶᠢᠨ ᠫᠢᠩ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ ᠂ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠭᠠᠳᠠᠭᠠᠳᠤ ᠶᠢᠨ | ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ | ᠰᠢ ᠶᠢᠨ ᠫᠢᠩ ᠂ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ ᠂ ᠰᠢᠨ᠎ᠡ ᠬᠠᠭᠤᠴᠢᠨ ᠨᠠᠶᠢᠵᠠ | ᠨᠠᠷ ᠲᠠᠢ ᠪᠠᠨ ᠪᠡᠭᠡᠵᠢᠩ ᠳᠤ ᠴᠤᠭᠯᠠᠷᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠭᠦᠷᠰᠡᠭ | ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ ᠂ ᠠᠭᠤᠯᠠ ᠲᠠᠯᠠᠢ ᠶᠢ ᠳᠠᠪᠠᠵᠤ ᠂ ᠦᠶ᠎ᠡ ᠶᠢᠨ | ᠦᠶ᠎ᠡ ᠳᠤ ᠤᠯᠠᠮᠵᠢᠯᠠᠭᠳᠠᠨ᠎ᠠ ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ | ᠪᠠᠶᠢᠭᠤᠯᠤᠭᠳᠠᠭᠰᠠᠨ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠂ ᠳᠤᠮᠳᠠᠳᠤ ᠤᠯᠤᠰ | ᠠᠹᠷᠢᠺᠠ ᠲᠢᠪ ᠤᠨ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ | ᠣᠶᠢᠯᠠᠭᠠᠭᠳᠠᠬᠤᠨ ᠢᠶᠠᠷ ᠂ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ | ᠭᠠᠷ ᠢᠶᠠᠨ ᠬᠤᠯᠪᠣᠵᠤ ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠠᠵᠤ ᠠᠬᠤᠢ ᠶᠢᠨ | ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ ᠂ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠵᠤ ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ | ᠲᠦᠮᠡᠨ ᠳᠤ ᠠᠰᠢᠭ ᠭᠦᠷᠲᠡᠭᠡᠪᠡ︔ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ | ᠬᠠᠮᠲᠤᠳᠬᠠᠵᠤ ᠂ ᠬᠠᠮᠲᠤ ᠪᠠᠷ ᠲᠡᠮᠡᠴᠡᠵᠦ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ | ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠲᠡᠮᠵᠢᠵᠤ ᠂ ᠰᠢᠨ᠎ᠡ | ᠭᠡᠯᠪᠡᠷᠢ ᠶᠢᠨ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ 70 ᠵᠢᠯ ᠰᠢᠬᠠᠮ ᠤᠨ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭ ᠲᠡᠦᠬᠡ ᠶᠢᠨ | ᠬᠠᠮᠤᠭ ᠤᠨ ᠰᠠᠶᠢᠬᠠᠨ ᠴᠠᠭ ᠦᠶ᠎ᠡ ᠳᠤ ᠣᠷᠣᠰᠢᠵᠤ ᠪᠠᠶᠢᠨ᠎ᠠ ᠃ ᠢᠷᠡᠭᠡᠳᠦᠢ ᠳᠤ ᠬᠠᠨᠳᠤᠵᠤ ᠂ ᠳᠤᠮᠳᠠᠳᠤ ᠶᠢᠨ | ᠲᠠᠯ᠎ᠠ ᠠᠴᠠ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦᠶᠢᠯᠡ | ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ | ᠲᠦᠪᠰᠢᠨ ᠳᠤ ᠭᠦᠷᠲᠡᠯ᠎ᠡ ᠲᠡᠭᠡᠭᠰᠢᠯᠡᠭᠦᠯᠵᠦ ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ | ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠳᠤ ᠭᠦᠷᠲᠡᠯ᠎ᠡ ᠳᠡᠭᠡᠭᠰᠢᠯᠡᠭᠦᠯᠭᠦ ᠶᠢ ᠰᠠᠨᠠᠭᠠᠴᠢᠯᠠᠵᠤ ᠪᠠᠶᠢᠨ᠎ᠠ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ | ᠪᠣᠯᠣᠰᠢ ᠦᠭᠡᠢ ᠡᠷᠬᠡ ᠮᠥᠨ ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠃ ᠠᠹᠷᠢᠺᠠ ᠲᠢᠪ ᠴᠦ ᠰᠢᠨ᠎ᠡ | ᠰᠡᠬᠡᠭᠡᠷᠡᠯᠲᠡ ᠶᠢ ᠶᠠᠭ ᠥᠩᠭᠡᠷᠡᠭᠡᠵᠦ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠣᠨ ᠤ | ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ | ᠪᠠᠶᠢᠨ᠎ᠠ ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ | ᠤᠷᠤᠭᠰᠢᠯᠠᠵᠤ ᠪᠠᠶᠢᠭ᠎ᠠ ᠶᠠᠪᠤᠳᠠᠯ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠤᠢ ᠪᠤᠯᠭᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠳᠤᠮᠳᠠᠳᠤ ᠠᠹᠷᠢᠺᠠ ︽ᠵᠢᠷᠭᠤᠭᠠᠨ ᠣᠳᠣᠬᠢᠴᠢᠯᠠᠯᠲᠠ︾ ᠶᠢ ᠭᠠᠷ ᠬᠤᠯᠪᠣᠯᠴᠠᠨ | ᠠᠬᠢᠭᠤᠯᠤᠶ᠎ᠠ ᠃ | — ᠲᠥᠪ ᠭᠤᠤᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠤᠯᠤᠰ | ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ | ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ ᠂ ᠡᠯ᠎ᠡ ᠤᠯᠤᠰ ᠤᠨ ᠬᠢᠨ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ | ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠲᠡᠮᠵᠢᠵᠤ ᠂ ᠡᠯ᠎ᠡ ᠤᠯᠤᠰ ᠤᠨ ᠡᠷᠬᠡ ᠠᠰᠢᠭ ᠨᠢ ᠲᠥᠪ | ᠭᠤᠤᠯᠴᠢ ᠂ ᠠᠵᠠ ᠲᠣᠭᠢᠶᠠᠯ ᠨᠢ ᠲᠥᠪ ᠭᠤᠤᠯᠴᠢ ᠪᠠᠶᠢᠬᠤ ᠶᠢ ᠪᠠᠲᠤᠯᠠᠨ᠎ᠠ ᠃ | — ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠲᠡᠭᠦ ᠣᠳᠣᠬᠢᠴᠢᠯᠠᠯᠲᠠ ᠶᠢ ᠭᠠᠷ ᠬᠤᠯᠪᠣᠯᠴᠠᠨ | ᠠᠬᠢᠭᠤᠯᠤᠶ᠎ᠠ ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠭᠡᠳᠦ ᠶᠢᠨ ᠪᠠ | ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠯᠤᠭ᠎ᠠ ᠠᠵᠤ ᠦᠢᠯᠡᠳᠪᠦᠷᠢ ᠂ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠠᠷᠠᠯᠵᠢᠶ᠎ᠠ ᠪᠡᠯᠡ | ᠣᠷᠣᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠦᠯᠢᠭᠡᠷ ᠬᠡᠪ ᠢ ᠬᠠᠮᠲᠤ ᠪᠠᠷ ᠴᠣᠭᠴᠠᠯᠠᠨ᠎ᠠ ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠥᠮᠥᠨ ᠤ | ᠡᠷᠬᠡ ᠴᠢᠯᠦᠭᠡ ᠲᠠᠢ ᠪᠦᠭᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ | ᠬᠠᠷᠠᠯᠲᠠ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠢᠳᠡᠪᠬᠢᠲᠡᠢ ᠥᠷᠨᠢᠭᠦᠯᠵᠦ ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ | ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ ᠂ ᠣᠳᠣᠬᠢᠴᠢᠯᠠᠯᠲᠠ | ᠪᠠᠷ ᠪᠦᠭᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ | ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ | ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ | ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ | ᠠᠬᠢᠭᠤᠯᠤᠨ᠎ᠠ ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ | ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ | ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ | ᠬᠥᠳᠡᠯᠭᠡᠭᠦᠷ︾ ᠢ ᠴᠣᠭᠴᠠᠯᠠᠵᠤ ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ ᠂ | ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ ᠂ ᠪᠦᠭᠦ | ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠬᠠᠮᠲᠤ ᠪᠠᠷ ᠠᠬᠢᠭᠤᠯᠤᠨ᠎ᠠ ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ | ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ | ᠦᠭᠡᠢ ᠶᠤᠮ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ | ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ | ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠳᠤᠷᠠᠳᠪᠠ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ | ᠭᠤᠷᠪᠠᠨ ᠤ ᠨᠢᠭᠡ ᠬᠤᠪᠢ ᠶᠢ ᠡᠵᠡᠯᠡᠨ᠎ᠡ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ | ᠳᠡᠯᠡᠬᠡᠢ ᠶᠢᠨ ᠣᠳᠣᠬᠢᠴᠢᠯᠠᠯᠲᠠ ᠪᠠᠶᠢᠵᠤ ᠴᠢᠳᠠᠬᠤ ᠦᠭᠡᠢ ᠃ ᠢᠷᠡᠭᠡᠳᠦᠢ ᠶᠢᠨ 3 ᠵᠢᠯ ᠳᠤ ᠂ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ | ᠬᠤᠯᠪᠣᠯᠴᠠᠨ ᠠᠬᠢᠭᠤᠯᠵᠤ ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ ᠃ | ᠨᠢᠭᠡᠳᠦᠭᠡᠷ ᠲᠤ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ | ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠵᠤ ᠂ ᠠᠹᠷᠢᠺᠠ | ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ | ᠬᠢᠯᠭᠡᠨ᠎ᠡ ᠃ | ᠬᠤᠶᠠᠳᠤᠭᠠᠷ ᠲᠤ ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ ᠂ | ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ | ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠠᠪᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ ᠂ ᠳᠤᠮᠳᠠᠳᠤ | ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ ᠃ | ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠥᠷᠭᠡᠳᠬᠡᠵᠦ ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ︽ | ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ | ᠪᠣᠷᠣ ᠲᠥᠯᠥᠪ ᠢ ᠵᠥᠪᠳᠡᠯᠴᠡᠨ ᠲᠣᠭᠲᠠᠵᠤ ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ | ᠤᠷᠳᠤ ᠬᠤᠭᠤᠴᠠᠭᠠᠨ ᠤ ᠂ ᠲᠣᠭᠲᠠᠭᠤᠨ ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ ᠃ | ᠭᠤᠷᠪᠠᠳᠤᠭᠠᠷ ᠲᠤ ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ | ᠲᠣᠭᠤᠷᠢᠭ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ | ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ | ᠬᠦᠴᠦᠨ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ | ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 | ᠲᠦᠷᠦᠯ ᠵᠦᠢᠯ ᠢ ᠪᠠᠶᠢᠭᠤᠯᠤᠨ᠎ᠠ ᠃ | ᠳᠥᠷᠪᠡᠳᠦᠭᠡᠷ ᠲᠤ ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ | ᠬᠡᠷᠡᠭᠵᠢᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ | ᠬᠤᠯᠪᠣᠯᠴᠠᠨ ᠠᠬᠢᠭᠤᠯᠵᠤ ᠂ ᠡᠬᠡ ᠬᠠᠭᠤᠷᠠᠢ ᠪᠠ ᠲᠡᠯᠡᠶ ᠲᠠᠩᠭᠢᠰ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ | ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ ᠃ ᠠᠹᠷᠢᠺᠠ ᠲᠢᠪ ᠤᠨ | ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ | ᠬᠠᠩᠭᠠᠵᠤ ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ | ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃ | ᠲᠠᠪᠤᠳᠤᠭᠠᠷ ᠲᠤ ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ | ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ ᠂ | ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ | ᠬᠡᠷᠡᠭᠵᠢᠭᠦᠯᠦᠨ᠎ᠡ ᠃ ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭᠠᠨ ᠤ ᠰᠠᠭᠤᠷᠢ | ᠮᠥᠩᠭᠦ ᠳᠤ ᠪᠡᠯᠡ ᠣᠷᠣᠭᠤᠯᠤᠨ᠎ᠠ ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ | ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ ᠂ ᠬᠥᠭᠵᠢᠯᠲᠡ ᠶᠢᠨ | ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠃ | | ᠵᠢᠷᠭᠤᠳᠤᠭᠠᠷ ᠲᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ | ᠪᠠᠶᠢᠭᠤᠯᠵᠤ ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ ᠃ ᠠᠹᠷᠢᠺᠠ ᠲᠢᠪ ᠲᠤ | 2000 ᠡᠮᠴᠢᠯᠡᠭᠡᠨ ᠤ ᠠᠵᠢᠯᠲᠠᠨ ᠲᠣᠮᠢᠯᠠᠵᠤ ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ | ᠡᠰᠡᠷᠭᠦᠴᠡᠬᠦ 20 ᠲᠦᠷᠦᠯ ᠵᠦᠢᠯ ᠢ ᠬᠡᠷᠡᠭᠵᠢᠭᠦᠯᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ | ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ | ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠠᠹᠷᠢᠺᠠ ᠲᠢᠪ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠠᠹᠷᠢᠺᠠ | ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠃ | ᠳᠣᠯᠣᠳᠤᠭᠠᠷ ᠲᠤ ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ ᠃ | ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠠᠮᠤ | ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ | ᠦᠵᠡᠭᠦᠯᠭᠦ ᠣᠷᠣᠨ ᠢ ᠪᠠᠶᠢᠭᠤᠯᠵᠤ ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ ᠂ ᠳᠤᠮᠳᠠᠳᠤ | ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ | ᠪᠠᠶᠢᠭᠤᠯᠤᠨ᠎ᠠ ᠃ ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ | ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ | ᠪᠣᠰᠬᠠᠬᠤ ᠶᠢ ᠵᠣᠷᠢᠭᠵᠢᠭᠤᠯᠵᠤ ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ | ᠥᠭᠭᠦᠨ᠎ᠡ ᠃ | ᠨᠠᠢᠮᠠᠳᠤᠭᠠᠷ ᠲᠤ ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠯᠦᠭᠡ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠬᠠᠮᠲᠤ ᠪᠠᠷ ᠪᠠᠶᠢᠭᠤᠯᠵᠤ ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ ᠃ | ᠠᠹᠷᠢᠺᠠ ᠲᠢᠪ ᠤᠨ ᠡᠮᠡᠭᠲᠡᠶᠢᠴᠦᠳ ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠂ ᠰᠤᠳᠤᠯᠤᠨ | ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ | ︾ ᠤᠨ ᠲᠥᠯᠥᠪᠯᠡᠭᠡ ᠪᠠ ︽ᠷᠠᠳᠢᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ | ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ ᠃ 2026 ᠣᠨ ᠢ ︽ᠳᠤᠮᠳᠠᠳᠤ | ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠲᠣᠭᠲᠠᠭᠠᠨ᠎ᠠ ᠃ | ᠶᠢᠰᠦᠳᠦᠭᠡᠷ ᠲᠤ ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ ᠂ ᠴᠠᠭ ᠠᠭᠤᠷ ᠤᠨ | ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ ᠃ ᠳᠤᠮᠳᠠᠳᠤ ᠠᠹᠷᠢᠺᠠ ᠶᠢᠨ ᠴᠥᠮ᠎ᠡ ᠶᠢᠨ | ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ ᠂ ᠳᠠᠭᠠᠭᠤᠯᠢ ᠤᠳᠤᠨ ᠤ ᠠᠯᠤᠰ | ᠰᠡᠷᠡᠯ ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ ᠂ ᠠᠹᠷᠢᠺᠠ | ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ | ᠠᠷᠪᠠᠳᠤᠭᠠᠷ ᠲᠤ ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ | ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ ᠂ ᠠᠹᠷᠢᠺᠠ ᠶᠢᠨ ᠲᠠᠯ᠎ᠠ ᠳᠤ 6000 ᠴᠡᠷᠢᠭ ᠠᠩᠭᠢ ᠶᠢᠨ | ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠤᠨ | ᠥᠭᠴᠦ ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ ᠃ | ᠳᠤᠮᠳᠠᠳᠤ ᠠᠹᠷᠢᠺᠠ ᠶᠢᠨ ᠴᠡᠷᠢᠭ ᠠᠨᠬᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠪᠠ | ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ | ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ ᠂ ᠠᠵᠢᠯᠲᠠᠨ ᠪᠠ ᠲᠦᠷᠦᠯ ᠵᠦᠢᠯ ᠤᠨ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠨ᠎ᠠ ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠳᠤᠮᠳᠠᠳᠤ | ᠤᠯᠤᠰ ᠤᠨ ᠵᠠᠰᠠᠭ ᠤᠨ ᠣᠷᠳᠣᠨ ᠳᠤᠷᠠᠲᠠᠶ᠎ᠠ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ ᠃ ᠡᠨᠡ ᠨᠢ ᠳᠤᠮᠳᠠᠳᠤ ᠤᠯᠤᠰ ᠢ ᠤᠯᠠᠮ ᠨᠢᠭᠡ | ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ | ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ ᠂ ᠰᠢᠨ᠎ᠡ | ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠶᠤᠮ ᠃ ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ | ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ | ᠣᠷᠬᠢᠭᠳᠠᠭᠤᠯᠵᠤ ᠪᠤᠯᠬᠤ ᠦᠭᠡᠢ ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ ᠃ ᠪᠢᠳᠡ 28 | ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠳᠤᠮᠳᠠᠳᠤ | ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠣᠳᠣᠬᠢᠴᠢᠯᠠᠯᠲᠠ ᠳᠤ ᠬᠦᠴᠦᠨ ᠨᠡᠮᠡᠷᠢᠯᠡᠵᠦ ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ | ᠰᠢᠨ᠎ᠡ ᠵᠢᠷᠤᠭ ᠲᠥᠰᠥᠪ ᠢ ᠵᠢᠷᠤᠭᠯᠠᠵᠤ ᠂ ᠳᠡᠯᠡᠬᠡᠢ ᠳ᠋ᠠᠬᠢᠨ ᠤ ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ | ᠴᠡᠴᠡᠭᠯᠡᠯ ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠤᠶ᠎ᠠ | ᠭᠡᠵᠦ ᠴᠢᠬᠤᠯᠠᠴᠢᠯᠠᠪᠠ ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ | ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ | ᠲᠡᠷᠢᠭᠦᠯᠡᠭᠴᠢ ᠤᠯᠤᠰ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠂ ᠠᠹᠷᠢᠺᠠ ᠲᠢᠪ ᠤᠨ ᠳᠡᠳ᠋ ᠣᠷᠣᠨ | ᠪᠦᠰᠡ ᠶᠢᠨ ᠲᠥᠯᠥᠭᠡᠯᠡᠭᠴᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠂ ᠺᠣᠩᠭᠣ᠋ ︵ᠪᠷᠡᠽᠸᠢᠯ︶ ᠶᠢᠨ | ᠶᠡᠷᠦᠩᠬᠡᠶᠢᠯᠡᠭᠴᠢ ᠰᠠᠰᠥ᠋ ᠂ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠥ᠋ᠪᠦ᠋ ᠂ ᠲᠠᠨᠽᠠᠨᠢᠶ᠎ᠠ ᠶᠢᠨ ᠶᠡᠷᠦᠩᠬᠡᠶᠢᠯᠡᠭᠴᠢ | ᠬᠠᠰᠠᠩ ᠂ ᠲᠦᠷᠦᠭᠦᠴᠦᠳ ᠤᠨ ᠬᠤᠷᠠᠯ ᠤᠨ ᠣᠨᠴᠠ ᠤᠷᠢᠭᠰᠠᠨ ᠵᠣᠴᠢᠨ ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠸᠶᠢᠰ ᠂ ᠠᠹᠷᠢᠺᠠ ᠲᠢᠪ ᠤᠨ ᠤᠯᠤᠰ ᠤᠳ ᠤᠨ | ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠪᠠᠰᠠ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ ᠃ | | ᠠᠹᠷᠢᠺᠠ ᠲᠢᠪ ᠤᠨ ᠬᠢᠨ ᠤ ᠤᠳᠤᠷᠢᠳᠬᠤ ᠬᠥᠮᠥᠰ ᠳᠤᠮᠳᠠᠳᠤ ᠤᠯᠤᠰ ᠤᠨ ᠡᠨᠡ ᠤᠳᠠᠭ᠎ᠠ ᠶᠢᠨ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ | ᠭᠤᠣᠯᠯᠠᠨ ᠡᠷᠭᠢᠯᠡᠭᠰᠡᠨ ᠳᠤ ᠲᠠᠯᠠᠷᠬᠠᠵᠤ ᠂ ᠠᠹᠷᠢᠺᠠ ᠳᠤᠮᠳᠠᠳᠤ ᠶᠢᠨ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ | ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ | ᠢᠯᠠᠩᠭᠤᠶ᠎ᠠ 2018 ᠣᠨ ᠤ ᠪᠡᠭᠡᠵᠢᠩ ᠤᠨ ᠲᠦᠷᠦᠭᠦᠴᠦᠳ ᠤᠨ ᠬᠤᠷᠠᠯ ᠠᠴᠠ ᠨᠠᠭᠠᠰᠢ ᠣᠯᠣᠭᠰᠠᠨ ᠢᠳᠡᠪᠬᠢᠲᠡᠢ | ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ | ᠳᠤᠮᠳᠠᠳᠤ ᠠᠹᠷᠢᠺᠠ ᠶᠢᠨ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ︽ᠠᠷᠪᠠᠨ ᠶᠡᠭᠡ ᠬᠠᠨᠢᠲᠠᠨ ᠤ | ᠠᠵᠢᠯᠯᠠᠭ᠎ᠠ︾ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ ᠃ ᠳᠡᠳᠡ ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠳᠤᠮᠳᠠᠳᠤ ᠶᠢᠨ ᠬᠠᠨᠢᠲᠠᠨ ᠤ ᠬᠠᠷᠢᠯᠴᠠᠭ᠎ᠠ ᠶᠢᠨ | ᠬᠥᠭᠵᠢᠯᠲᠡ ᠶᠢ ᠠᠬᠢᠭᠤᠯᠬᠤ ᠪᠦᠲᠦᠮᠵᠢᠲᠡᠢ ᠲᠠᠪᠴᠠᠩ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠵᠠᠢ ᠃ | ᠶᠠᠷᠢᠶᠠᠨ ᠤ ᠲᠠᠪᠴᠠᠩ ᠤᠨ ᠬᠠᠮᠲᠤᠷᠠᠯᠴᠠᠭ᠎ᠠ ᠨᠢ ᠨᠥᠬᠦᠷᠯᠡᠯ ᠂ ᠬᠦᠨᠳᠦᠳᠬᠡᠯ ᠪᠠ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠲᠡᠭᠦ ᠳᠤ ᠰᠠᠭᠤᠷᠢᠯᠠᠵᠤ ᠂ ᠳᠤᠮᠳᠠᠳᠤ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠠᠮᠠᠷᠪᠠ | ᠤᠯᠤᠰ ᠲᠦᠷᠦ ᠶᠢᠨ ᠨᠡᠮᠡᠯᠲᠡ ᠨᠥᠬᠦᠴᠡᠯ ᠪᠠᠶᠢᠬᠤ ᠦᠭᠡᠢ ᠨᠢ ᠠᠹᠷᠢᠺᠠ ᠲᠢᠪ ᠤᠨ ᠤᠯᠤᠰ ᠤᠳ ᠤᠨ ᠬᠤᠯᠪᠣᠯᠳᠤᠨ | ᠨᠡᠪᠲᠡᠷᠡᠯᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠪᠠ ᠃ ᠣᠳᠣᠬᠠᠨ ᠤ ᠡᠭᠡᠳᠡᠷᠡᠭᠡᠨ | ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠨᠢ ᠠᠹᠷᠢᠺᠠ ᠲᠢᠪ ᠤᠨ ᠤᠯᠤᠰ ᠤᠳ ᠤᠨ ᠠᠮᠤᠷ ᠲᠦᠪᠰᠢᠨ ᠂ ᠲᠣᠭᠲᠠᠭᠤᠨ ᠪᠠ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠵᠠᠢ ᠃ ᠠᠹᠷᠢᠺᠠ ᠳᠤᠮᠳᠠᠳᠤ ᠶᠢᠨ ᠣᠶᠢᠯᠠᠭᠠᠭᠳᠠᠬᠤᠨ | ᠤᠶᠢᠷᠠᠯᠴᠠᠭ᠎ᠠ ᠶᠤᠮ ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠣᠶᠢᠯᠠᠭᠠᠭᠳᠠᠬᠤᠨ ᠪᠣᠯᠣᠨ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ | ᠪᠦᠷᠢᠮᠦᠰᠦᠨ ᠲᠡᠮᠵᠢᠵᠤ ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠦᠷᠳᠡᠭ ᠢ ᠰᠠᠨᠠᠭᠠᠴᠢᠯᠠᠵᠤ ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠲᠡᠮᠵᠢᠨ᠎ᠠ ᠃ ᠠᠹᠷᠢᠺᠠ ᠶᠢᠨ ᠬᠢᠨ ᠨᠢᠭᠡ ᠳᠤᠮᠳᠠᠳᠤ ᠤᠯᠤᠰ | ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠵᠦ ᠂ | ᠭᠠᠳᠠᠭᠠᠳᠤ ᠶᠢᠨ ᠬᠦᠴᠦᠨ ᠤ ᠲᠠᠶᠢᠸᠠᠨ ᠂ ᠬᠥᠮᠥᠨ ᠤ ᠡᠷᠬᠡ ᠵᠡᠷᠭᠡ ᠠᠰᠠᠭᠤᠳᠠᠯ ᠢ ᠠᠰᠢᠭᠯᠠᠨ ᠳᠤᠮᠳᠠᠳᠤ ᠤᠯᠤᠰ ᠤᠨ | ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ ᠃ ᠠᠹᠷᠢᠺᠠ ᠲᠢᠪ ᠤᠨ ᠬᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠠᠹᠷᠢᠺᠠ ᠲᠢᠪ ᠤᠨ ᠤᠯᠤᠰ ᠤᠳ ᠢ ᠪᠠᠭᠲᠠᠭᠠᠭᠰᠠᠨ ᠳᠡᠯᠡᠬᠡᠢ ᠶᠢᠨ | ᠡᠯ᠎ᠡ ᠤᠯᠤᠰ ᠲᠤ ᠨᠡᠩ ᠤᠯᠠᠨ ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ ᠃ ᠠᠹᠷᠢᠺᠠ | ᠲᠢᠪ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ | ᠪᠣᠯᠣᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠷᠢᠮᠲᠠᠯᠠᠵᠤ ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠢ | ᠨᠠᠶᠢᠳᠠᠪᠤᠷᠢᠵᠢᠭᠤᠯᠵᠤ ᠂ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠭᠠᠷ | ᠬᠤᠯᠪᠣᠨ ᠠᠬᠢᠭᠤᠯᠵᠤ ᠂ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠠᠹᠷᠢᠺᠠ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠂ | ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠬᠠᠮᠲᠤ ᠪᠠᠷ ᠤᠷᠤᠭᠰᠢᠯᠠᠨ᠎ᠠ ᠭᠡᠵᠦ ᠢᠯᠡᠳᠬᠡᠵᠡᠭᠡᠪᠡ ᠃ | ᠲᠦᠷᠦᠭᠦᠴᠦᠳ ᠤᠨ ᠬᠤᠷᠠᠯ ᠠᠴᠠ ︽ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠳᠤ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠪᠡᠭᠡᠵᠢᠩ ᠤᠨ | ᠲᠤᠩᠬᠠᠭ︾ ᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — ᠪᠡᠭᠡᠵᠢᠩ ᠤᠨ | ᠠᠵᠢᠯᠯᠠᠭᠠᠨ ᠤ ᠲᠥᠯᠥᠪᠯᠡᠭᠡ ︵2025 — 2027︶︾ ᠶᠢ ᠪᠠᠲᠤᠯᠠᠪᠠ ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ | ᠪᠦᠷᠢᠯᠳᠦᠭᠦᠨ ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠂ ᠲᠥᠯᠥᠭᠡᠯᠡᠭᠴᠢᠳ ᠤᠨ | ᠪᠦᠯᠭᠦᠮ ᠤᠨ ᠳᠠᠷᠤᠭ᠎ᠠ ᠵᠢᠴᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠵᠡᠷᠭᠡ ᠳᠤᠮᠳᠠᠳᠤ ᠭᠠᠳᠠᠭᠠᠳᠤ ᠶᠢᠨ ᠡᠯ᠎ᠡ ᠡᠲᠡᠭᠡᠳ ᠤᠨ 3200 ᠭᠠᠷᠤᠢ ᠬᠥᠮᠥᠨ | ᠡᠭᠢᠯᠡᠯᠲᠡ ᠶᠢᠨ ᠶᠣᠰᠣᠯᠠᠯ ᠳᠤ ᠣᠷᠣᠯᠴᠠᠪᠠ ᠃ | ᠶᠢᠨ ᠯᠢ ᠂ ᠯᠢ ᠱᠤ᠋ ᠯᠧᠢ ᠂ ᠾᠧ ᠯᠢ ᠹᠧᠩ ᠂ ᠸᠠᠩ ᠰᠢᠶᠣᠣ ᠬᠤᠩ ᠨᠠᠷ ᠬᠤᠷᠠᠯ ᠳᠤ ᠣᠷᠣᠯᠴᠠᠪᠠ ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ 2000 ᠣᠨ ᠳᠤ ᠪᠠᠶᠢᠭᠤᠯᠤᠭᠳᠠᠵᠤ ᠂ | ᠣᠳᠣᠬᠠᠨ ᠳᠤ ᠳᠤᠮᠳᠠᠳᠤ ᠤᠯᠤᠰ ᠂ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ | ᠲᠢᠪ ᠤᠨ 53 ᠤᠯᠤᠰ ᠪᠠ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠵᠡᠷᠭᠡ ᠨᠡᠶᠢᠲᠡ 55 | ᠪᠦᠷᠢᠯᠳᠦᠭᠦᠨ ᠪᠠᠶᠢᠨ᠎ᠠ ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠭᠤᠣᠯ ᠰᠡᠳᠦᠪ ᠨᠢ ︽ᠭᠠᠷ | ᠬᠤᠯᠪᠣᠨ ᠣᠳᠣᠬᠢᠴᠢᠯᠠᠯᠲᠠ ᠶᠢ ᠠᠬᠢᠭᠤᠯᠵᠤ ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ ᠃ ᠡᠭᠢᠯᠡᠯᠲᠡ ᠶᠢᠨ ᠶᠣᠰᠣᠯᠠᠯ ᠤᠨ | ᠳᠠᠷᠠᠭ᠎ᠠ ᠪᠠᠰᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠂ ᠠᠵᠤ ᠦᠢᠯᠡᠳᠪᠦᠷᠢᠵᠢᠯᠲᠡ ᠪᠣᠯᠣᠨ ᠲᠠᠷᠢᠶᠠᠯᠠᠩ ᠤᠨ | ᠣᠳᠣᠬᠢᠴᠢᠯᠠᠯᠲᠠ ᠂ ᠡᠩᠬᠡ ᠲᠠᠶᠢᠪᠤᠩ ᠠᠮᠤᠷ ᠲᠦᠪᠰᠢᠨ ᠪᠣᠯᠣᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠡᠳᠦᠪ ᠪᠤᠯᠭᠠᠬᠰᠠᠨ 4 ᠲᠠᠯᠠᠪᠤᠷ ᠳᠡᠭᠡᠳᠦ ᠲᠡᠰ ᠤᠨ ᠬᠤᠷᠠᠯ | ᠬᠤᠷᠠᠯᠳᠤᠭᠤᠯᠤᠨ᠎ᠠ ᠃ | |