— ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ | ︵2024 ᠣᠨ ᠤ 9 ᠰᠠᠷ᠎ᠠ ᠶᠢᠨ 5 ᠤ ᠡᠳᠦᠷ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠹᠠᠶᠧ ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ | ᠵᠢᠶᠠᠽᠸᠠᠨᠢ ᠂ | ᠬᠦᠨᠳᠦᠲᠦ ᠡᠯ᠎ᠡ ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠂ ᠲᠥᠯᠥᠭᠡᠯᠡᠭᠴᠢᠳ ᠤᠨ | ᠪᠦᠯᠬᠦᠮ ᠤᠨ ᠳᠠᠷᠤᠭ᠎ᠠ ᠨᠠᠷ ᠂ | ᠬᠦᠨᠳᠦᠲᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ | ᠠᠪᠤᠭᠠᠢ ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ ᠂ | ᠨᠠᠶᠢᠵᠠ ᠨᠠᠷ ᠠ᠋ ᠂ ᠡᠷᠬᠢᠮ ᠵᠣᠴᠢᠳ ᠠ᠋᠄ | ᠴᠡᠴᠡᠭ ᠳᠡᠯᠭᠡᠷᠡᠨ ᠦᠷ᠎ᠡ ᠰᠠᠭᠤᠵᠤ ᠂ ᠠᠯᠢᠪᠠ ᠪᠥᠬᠦᠨ ᠡᠯᠪᠡᠭ ᠳᠡᠯᠪᠡᠭ ᠃ ᠡᠨᠡ ᠬᠦ ᠡᠯᠪᠡᠭ ᠬᠤᠷᠢᠶᠠᠯᠲᠠ ᠶᠢᠨ | ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ ᠂ ᠰᠢᠨ᠎ᠡ ᠴᠠᠭ ᠦᠶ᠎ᠡ ᠶᠢᠨ | ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ | ᠪᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ | ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ | ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕ | ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ ᠂ ᠠᠭᠤᠯᠠ ᠳᠠᠯᠠᠢ ᠶᠢ ᠳᠠᠪᠠᠵᠤ ᠂ | ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ ᠃ 2000 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷ᠎ᠡ | ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ ᠃ 24 ᠵᠢᠯ ᠤᠨ ᠲᠤᠷᠰᠢ ᠢᠯᠠᠩᠭᠤᠶ᠎ᠠ ᠰᠢᠨ᠎ᠡ | ᠴᠠᠭ ᠦᠶ᠎ᠡ ᠶᠢᠨ ᠠᠴᠠ ᠨᠠᠭᠠᠰᠢ ᠳᠤᠮᠳᠠᠳᠤ ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ | ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ ᠭᠠᠷ ᠬᠤᠯᠪᠣᠨ ᠤᠷᠤᠭᠰᠢᠯᠠᠪᠠ ᠃ ᠪᠢᠳᠡ | ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ ᠂ ᠵᠦᠢ | ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ | ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ ᠂ | ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ | ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ ᠂ | ᠬᠠᠮᠲᠤ ᠪᠠᠷ ᠲᠡᠮᠡᠴᠡᠵᠦ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ | ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠳᠡᠮᠵᠢᠵᠦ ᠂ ᠰᠢᠨ᠎ᠡ ᠬᠡᠯᠪᠡᠷᠢ ᠶᠢᠨ ᠣᠯᠠᠨ | ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ ᠃ | 70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ | ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠡᠭᠡᠨ ᠬᠦᠷᠴᠦ ᠢᠷᠡᠯ᠎ᠡ ᠃ ᠢᠷᠡᠭᠡᠳᠦᠢ ᠳᠤ ᠬᠠᠨᠳᠤᠵᠤ | ᠪᠢ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠬᠦᠶᠢᠯᠡ ᠤᠯᠤᠰ | ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ | ᠬᠦᠷᠲᠡᠯ᠎ᠡ ᠳᠡᠭᠡᠭᠰᠢᠯᠡᠭᠦᠯᠵᠦ ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ | ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠥᠬᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠳᠤ ᠬᠦᠷᠲᠡᠯ᠎ᠡ ᠳᠡᠭᠡᠭᠰᠢᠯᠡᠭᠦᠯᠬᠦ ᠶᠢ ᠰᠠᠨᠠᠭᠠᠴᠢᠯᠠᠵᠤ ᠪᠠᠶᠢᠨ᠎ᠠ︕ | ᠨᠠᠶᠢᠵᠠ ᠨᠠᠷ ᠠ᠋ ᠂ ᠡᠷᠬᠢᠮ ᠵᠣᠴᠢᠳ ᠠ᠋︕ | ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ | ᠮᠥᠨ ᠃ ᠥᠷᠥᠨᠡᠳᠠᠬᠢᠨ ᠤ ᠣᠳᠣᠬᠢᠴᠢᠯᠠᠯᠲᠠ ᠶᠢᠨ ᠠᠬᠢᠴᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ | ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠶᠤᠮ ᠃ ᠳᠡᠯᠡᠬᠡᠢ ᠶᠢᠨ ᠬᠤᠶᠠᠳᠤᠭᠠᠷ ᠳᠠᠶᠢᠨ | ᠳᠠᠭᠤᠰᠤᠭᠰᠠᠨ ᠤ ᠳᠠᠷᠠᠭ᠎ᠠ ᠳᠤᠮᠳᠠᠳᠤ ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ | ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ ᠂ | ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ ᠪᠤᠰᠤ ᠪᠠᠶᠢᠳᠠᠯ ᠢ ᠲᠠᠰᠤᠷᠠᠯᠲᠠ ᠦᠭᠡᠢ ᠵᠠᠯᠠᠷᠠᠭᠤᠯᠪᠠ ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ 75 ᠵᠢᠯ ᠤᠨ ᠣᠢ ᠪᠠᠨ ᠤᠭᠲᠤᠬᠤ ᠪᠣᠯᠣᠨ᠎ᠠ ᠃ | ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ ᠭᠤᠶᠢᠪᠢᠰᠢ ᠦᠭᠡᠢ ᠪᠥᠬᠦ | ᠲᠠᠯ᠎ᠠ ᠪᠠᠷ ᠠᠬᠢᠭᠤᠯᠵᠤ ᠪᠠᠶᠢᠨ᠎ᠠ ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ ᠂ ᠠᠹᠷᠢᠺᠠ | ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ | ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ ᠃ ᠳᠤᠮᠳᠠᠳᠤ ᠠᠹᠷᠢᠺᠠ ᠶᠢᠨ | ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠥᠬᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ | ᠪᠣᠯᠭᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ | ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠃ | — ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠤᠯᠤᠰ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ | ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ ᠂ ᠡᠯ᠎ᠡ ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ | ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠳᠡᠮᠵᠢᠵᠦ ᠂ ᠡᠯ᠎ᠡ ᠤᠯᠤᠰ ᠤᠨ ᠡᠷᠬᠡ ᠠᠰᠢᠭ ᠨᠢ ᠲᠥᠪ | ᠭᠤᠣᠯᠴᠢ ᠂ ᠠᠵᠠ ᠲᠣᠬᠢᠶᠠᠯ ᠨᠢ ᠲᠥᠪ ᠭᠤᠣᠯᠴᠢ ᠪᠠᠶᠢᠬᠤ ᠶᠢ ᠪᠠᠲᠤᠯᠠᠨ᠎ᠠ ᠃ | — ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ | ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ | ᠦᠢᠯᠡᠳᠪᠦᠷᠢ ᠂ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠣᠢ ᠪᠣᠯᠭᠠᠵᠤ ᠂ ᠪᠥᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠬᠥᠮᠥᠨ ᠤ | ᠡᠷᠬᠡ ᠴᠢᠯᠦᠭᠡ ᠲᠠᠢ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ | ᠬᠠᠷᠠᠯᠲᠠ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠢᠳᠡᠪᠬᠢᠲᠡᠢ ᠥᠷᠨᠢᠭᠦᠯᠵᠦ ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ | ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ ᠂ | ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ | ᠡᠷᠬᠢᠮ ᠳᠡᠭᠡᠳᠦ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ | ᠬᠠᠷᠢᠯᠴᠠᠨ ᠬᠦᠨᠳᠦᠳᠬᠡᠬᠦ ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ ᠪᠣᠬᠢᠷᠳᠤᠯ | ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ | ᠴᠣᠭᠴᠠᠯᠠᠵᠤ ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ ᠂ ᠬᠠᠮᠲᠤ ᠪᠠᠷ ᠬᠠᠷᠢᠭᠤᠴᠠᠬᠤ | ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ | ᠠᠬᠢᠭᠤᠯᠤᠨ᠎ᠠ ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ ᠃ | ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ | ᠦᠭᠡᠢ ᠶᠤᠮ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ | ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ | ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠃ | ᠨᠠᠶᠢᠵᠠ ᠨᠠᠷ ᠠ᠋ ᠂ ᠡᠷᠬᠢᠮ ᠵᠣᠴᠢᠳ ᠠ᠋ ︕ | ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ | ᠡᠵᠡᠯᠡᠨ᠎ᠡ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ | ᠪᠠᠶᠢᠵᠤ ᠴᠢᠳᠠᠬᠤ ᠦᠭᠡᠢ ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ | ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ ᠂ ᠳᠤᠮᠳᠠᠳᠤ | ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ ᠃ | ᠨᠢᠭᠡᠳᠦᠭᠡᠷ ᠲᠤ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ | ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ ᠃ | ᠠᠹᠷᠢᠺᠠ ᠲᠢᠪ ᠤᠨ ᠤᠳᠤᠷᠢᠳᠬᠤ ᠬᠦᠴᠦᠨ ᠤ ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ | ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ ᠂ ᠠᠹᠷᠢᠺᠠ ᠲᠢᠪ ᠤᠨ 1000 ᠲᠦᠷᠦ ᠶᠢᠨ ᠨᠠᠮ ᠤᠨ ᠬᠥᠮᠥᠰ ᠢ | ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ ᠂ ᠬᠤᠶᠠᠷ ᠲᠠᠯ᠎ᠠ ᠶᠢᠨ ᠨᠠᠮ ᠢ ᠵᠠᠰᠠᠵᠤ | ᠲᠦᠷᠦ ᠶᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ ᠃ | ᠬᠤᠶᠠᠳᠤᠭᠠᠷ ᠲᠤ ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ ᠂ | ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ | ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ ᠂ ᠡᠨᠡ | ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠩᠬᠠᠳᠠᠭᠴᠢ ᠬᠥᠭᠵᠢᠵᠦ ᠪᠠᠶᠢᠭ᠎ᠠ ᠲᠣᠮᠣ ᠤᠯᠤᠰ ᠪᠠ ᠳᠡᠯᠡᠬᠡᠢ ᠶᠢᠨ | ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ | ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ ᠂ ᠡᠯᠧᠺᠲᠷᠣᠨ ᠬᠤᠳᠠᠯᠳᠤᠭ᠎ᠠ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ | ᠳᠡᠭᠡᠭᠰᠢᠯᠡᠭᠦᠯᠭᠦ ᠲᠥᠯᠥᠪᠯᠡᠭᠡ ︾ ᠶᠢ ᠬᠡᠷᠡᠭᠵᠢᠭᠦᠯᠦᠨ᠎ᠡ ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ | ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠢ ᠵᠥᠪᠳᠡᠯᠴᠡᠨ | ᠲᠣᠭᠲᠠᠵᠤ ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ ᠂ | ᠲᠣᠭᠲᠠᠭᠤᠨ ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ ᠃ | ᠭᠤᠷᠪᠠᠳᠤᠭᠠᠷ ᠲᠤ ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ | ᠲᠣᠭᠤᠷᠢᠭ ᠢ ᠪᠠᠶᠢᠭᠤᠯᠵᠤ ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ | ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ ᠂ ︽ ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ | ᠬᠦᠴᠦᠨ ᠴᠢᠳᠠᠯ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ | ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 | ᠲᠦᠷᠦᠯ ᠵᠦᠢᠯ ᠢ ᠪᠠᠶᠢᠭᠤᠯᠵᠤ ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ ᠤᠭᠲᠤᠨ᠎ᠠ ᠃ | ᠳᠥᠷᠪᠡᠳᠦᠭᠡᠷ ᠲᠤ ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ | ᠬᠡᠷᠡᠭᠵᠢᠭᠦᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ | ᠬᠤᠯᠪᠣᠨ ᠠᠬᠢᠭᠤᠯᠵᠤ ᠂ ᠬᠠᠭᠤᠷᠠᠢ ᠲᠡᠯᠡᠶ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ ᠬᠥᠭᠵᠢᠭᠰᠡᠨ ᠳᠤᠮᠳᠠᠳᠤ | ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠠᠹᠷᠢᠺᠠ | ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ | ᠦᠵᠡᠭᠦᠯᠵᠦ ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ | ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃ | ᠲᠠᠪᠤᠳᠤᠭᠠᠷ ᠲᠤ ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ | ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ ᠂ | ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ | ᠬᠡᠷᠡᠭᠵᠢᠭᠦᠯᠦᠨ᠎ᠡ ᠃ ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ | ᠮᠥᠩᠭᠦ ᠳᠤ ᠪᠡᠯᠡ ᠣᠷᠣᠭᠤᠯᠵᠤ ᠂ ᠠᠹᠷᠢᠺᠠ ᠲᠢᠪ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃ 2026 ᠣᠨ ᠤ | ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ | ᠤᠷᠤᠯᠳᠤᠭᠠᠨ ᠢ ᠡᠷᠭᠢᠯᠡᠭᠦ ᠶᠢ ᠳᠡᠮᠵᠢᠵᠦ ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ | ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠃ | ᠵᠢᠷᠭᠤᠳᠤᠭᠠᠷ ᠲᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ | ᠪᠠᠶᠢᠭᠤᠯᠵᠤ ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ ᠃ ᠠᠹᠷᠢᠺᠠ ᠲᠢᠪ ᠲᠤ | 2000 ᠡᠮᠴᠢᠯᠡᠭᠡᠨ ᠤ ᠠᠵᠢᠯᠲᠠᠨ ᠲᠣᠮᠢᠯᠠᠵᠤ ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ | ᠡᠰᠡᠷᠭᠦᠴᠡᠬᠦ 20 ᠲᠦᠷᠦᠯ ᠵᠦᠢᠯ ᠢ ᠬᠡᠷᠡᠭᠵᠢᠭᠦᠯᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ | ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ | ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠠᠹᠷᠢᠺᠠ ᠲᠢᠪ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠠᠹᠷᠢᠺᠠ | ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠃ | ᠳᠣᠯᠣᠳᠤᠭᠠᠷ ᠲᠤ ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ ᠃ | ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ | ᠪᠠᠴᠢᠮ ᠲᠤᠰᠠᠯᠠᠮᠵᠢ ᠬᠠᠩᠭᠠᠵᠤ ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ | ᠣᠷᠣᠨ ᠢ ᠪᠠᠶᠢᠭᠤᠯᠵᠤ ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ ᠂ ᠳᠤᠮᠳᠠᠳᠤ ᠠᠹᠷᠢᠺᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ ᠃ | ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ ᠃ ᠳᠤᠮᠳᠠᠳᠤ ᠠᠹᠷᠢᠺᠠ ᠶᠢᠨ ᠠᠵᠤ | ᠠᠬᠤᠶᠢᠯᠠᠯ ᠤᠨ ︽ ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ | ᠵᠣᠷᠢᠭᠵᠢᠭᠤᠯᠵᠤ ᠂ ᠠᠵᠤ ᠦᠢᠯᠡᠰ ᠤᠨ ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ ᠂ ᠠᠹᠷᠢᠺᠠ ᠲᠢᠪ ᠲᠤ | 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ ᠃ | ᠨᠠᠢᠮᠠᠳᠤᠭᠠᠷ ᠲᠤ ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠯᠤᠭ᠎ᠠ ︽ ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ︾ | ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠬᠠᠮᠲᠤ ᠪᠠᠷ ᠪᠠᠶᠢᠭᠤᠯᠵᠤ ᠂ ︽ ᠯᠦ ᠪᠠᠨ ᠦᠢᠯᠡᠳᠬᠡᠯ ᠤᠨ ᠭᠠᠵᠠᠷ ︾10 ᠶᠢ ᠪᠠᠶᠢᠭᠤᠯᠤᠨ᠎ᠠ ᠃ ᠠᠹᠷᠢᠺᠠ ᠲᠢᠪ ᠤᠨ | ᠡᠮᠡᠭᠲᠡᠶᠢᠴᠦᠳ ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ | ᠲᠤᠭ᠎ᠠ ᠶᠢ 6 ᠲᠦᠮᠡ ᠬᠠᠩᠭᠠᠨ᠎ᠠ ᠃ ᠳᠤᠮᠳᠠᠳᠤ ᠠᠹᠷᠢᠺᠠ ᠶᠢᠨ ︽ ᠰᠣᠶᠣᠯ ᠤᠨ ᠲᠣᠷᠭᠠᠨ ᠵᠠᠮ ︾ ᠤᠨ ᠲᠥᠯᠥᠪᠯᠡᠭᠡ | ᠪᠠ ︽ ᠷᠠᠳᠢᠣ᠋ ᠺᠢᠨᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ ︾ | ᠶᠢ ᠬᠠᠮᠲᠤ ᠪᠠᠷ ᠬᠡᠷᠡᠭᠵᠢᠭᠦᠯᠦᠨ᠎ᠡ ᠃ ᠬᠤᠶᠠᠷ ᠲᠠᠯ᠎ᠠ ᠪᠠᠷ ᠢᠶᠠᠨ 2026 ᠣᠨ ᠢ ︽ ᠳᠤᠮᠳᠠᠳᠤ ᠠᠹᠷᠢᠺᠠ ᠶᠢᠨ | ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢᠶᠠᠷ ᠲᠣᠭᠲᠠᠭᠠᠪᠠ ᠃ | ᠶᠢᠰᠦᠳᠦᠭᠡᠷ ᠲᠤ ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ ᠂ ᠡᠬᠢᠨ ᠤ ᠦᠶ᠎ᠡ ᠶᠢᠨ | ᠤᠷᠢᠳᠴᠢᠯᠠᠨ ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ ᠃ ᠳᠤᠮᠳᠠᠳᠤ ᠠᠹᠷᠢᠺᠠ ᠶᠢᠨ ᠴᠥᠮ᠎ᠡ ᠶᠢᠨ | ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ ᠂ 30 ᠬᠠᠮᠲᠤᠷᠠᠭᠰᠠᠨ | ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ ᠂ ᠳᠠᠭᠠᠭᠤᠯᠢ ᠤᠳᠤᠨ ᠤ ᠠᠯᠤᠰ ᠰᠡᠷᠡᠯ ᠂ ᠰᠠᠷᠠᠨ ᠪᠥᠮᠪᠥᠷᠴᠡᠭ | ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ ᠂ ᠠᠹᠷᠢᠺᠠ ᠲᠢᠪ ᠤᠨ ᠪᠣᠬᠢᠷᠳᠤᠯ ᠦᠭᠡᠢ | ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ | ᠠᠷᠪᠠᠳᠤᠭᠠᠷ ᠲᠤ ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ | ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ ᠣᠷᠣᠨ ᠢ | ᠪᠠᠶᠢᠭᠤᠯᠵᠤ ᠂ ᠠᠹᠷᠢᠺᠠ ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ | ᠦᠭᠡᠢ ᠴᠡᠷᠢᠭ ᠤᠨ ᠶᠠᠪᠤᠳᠠᠯ ᠤᠨ ᠲᠤᠰᠠᠯᠠᠮᠵᠢ ᠬᠠᠩᠭᠠᠵᠤ ᠂ ᠠᠹᠷᠢᠺᠠ ᠲᠢᠪ ᠤᠨ ᠬᠢᠨ ᠳᠤ 6000 ᠴᠡᠷᠢᠭ | ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ | ᠪᠤᠯᠪᠠᠰᠤᠷᠠᠭᠤᠯᠵᠤ ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ ᠃ | ᠳᠤᠮᠳᠠᠳᠤ ᠠᠹᠷᠢᠺᠠ ᠶᠢᠨ ᠴᠡᠷᠢᠭ ᠠᠩᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ | ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ ᠂ ︽ ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ | ᠮᠤᠯᠲᠤᠷᠠᠬᠤ ᠳᠤ ᠲᠤᠰᠠᠯᠠᠬᠤ ᠠᠵᠢᠯᠯᠠᠭ᠎ᠠ ︾ ᠶᠢ ᠬᠡᠷᠡᠭᠵᠢᠭᠦᠯᠵᠦ ᠂ ᠠᠵᠢᠯᠲᠠᠨ ᠪᠠ ᠲᠦᠷᠦᠯ ᠵᠦᠢᠯ ᠤᠨ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠨ᠎ᠠ ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 | ᠵᠢᠯ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰ ᠤᠨ ᠡᠯ᠎ᠡ ᠲᠦᠷᠦᠯ ᠤᠨ ᠲᠤᠰᠠᠯᠠᠮᠵᠢ ᠶᠢ ᠬᠠᠩᠭᠠᠬᠤ ᠂ ᠳᠤᠮᠳᠠᠳᠤ ᠤᠯᠤᠰ ᠤᠨ ᠠᠵᠤ | ᠠᠬᠤᠶᠢᠯᠠᠯ ᠤᠨ ᠠᠹᠷᠢᠺᠠ ᠲᠢᠪ ᠲᠠᠬᠢ ᠪᠡᠯᠡ ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ | ᠵᠣᠭᠤᠰ ᠠᠴᠠ ᠪᠠᠭ᠎ᠠ ᠦᠭᠡᠢ ᠪᠠᠶᠢᠬᠤ ᠶᠢ ᠠᠬᠢᠭᠤᠯᠬᠤ ᠶᠢ ᠪᠠᠭᠲᠠᠭᠠᠭᠰᠠᠨ 3600 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰ ᠤᠨ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ ᠃ ᠳᠤᠮᠳᠠᠳᠤ ᠤᠯᠤᠰ ᠪᠠᠰᠠ ᠠᠹᠷᠢᠺᠠ ᠲᠢᠪ ᠤᠨ | ᠬᠢᠨ ᠤ ᠳᠤᠮᠳᠠᠳᠤ ᠤᠯᠤᠰ ᠲᠤ ︽ ᠮᠠᠯᠤᠷ ᠦᠳᠡᠭᠡ ᠵᠢᠭᠡᠯᠡᠯᠭᠡ ᠶᠢᠨ ᠲᠡᠮᠳᠡᠭᠲᠦ ︾ ᠲᠠᠷᠬᠠᠭᠠᠬᠤ ᠶᠢ ᠵᠣᠷᠢᠭᠵᠢᠭᠤᠯᠤᠨ | ᠳᠡᠮᠵᠢᠵᠦ ᠂ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ | ᠳᠡᠮᠵᠢᠯᠭᠡ ᠬᠠᠩᠭᠠᠨ᠎ᠠ ᠃ | ᠨᠠᠶᠢᠵᠠ ᠨᠠᠷ ᠠ᠋ ᠂ ᠡᠷᠬᠢᠮ ᠵᠣᠴᠢᠳ ᠠ᠋ ︕ | ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ ᠂ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ ᠃ ᠡᠨᠡ ᠨᠢ ᠳᠤᠮᠳᠠᠳᠤ ᠤᠯᠤᠰ ᠢ ᠤᠯᠠᠮ ᠨᠢᠭᠡ | ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ | ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ ᠂ ᠰᠢᠨ᠎ᠡ | ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠃ | ᠠᠹᠷᠢᠺᠠ ᠲᠢᠪ ᠲᠤ ︽ ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ ᠃ | ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ ᠂ ᠨᠢᠭᠡ ᠤᠯᠤᠰ ᠢ ᠴᠤ | ᠬᠤᠴᠣᠷᠤᠭᠤᠯᠵᠤ ᠪᠤᠯᠬᠤ ᠦᠭᠡᠢ ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ | ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ | ᠤᠷᠤᠭᠰᠢᠯᠠᠵᠤ ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ | ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠳᠡᠯᠡᠬᠡᠢ ᠳ᠋ᠠᠬᠢᠨ ᠤ ᠡᠩᠬᠡ ᠲᠠᠶᠢᠪᠤᠩ ᠂ ᠠᠮᠤᠷ | ᠲᠦᠪᠰᠢᠨ ᠂ ᠬᠥᠭᠵᠢᠯ ᠴᠡᠴᠡᠭᠯᠡᠯ ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ | ᠬᠠᠮᠲᠤ ᠪᠠᠷ ᠠᠬᠢᠭᠤᠯᠵᠠᠭᠠᠶ᠎ᠠ ︕ | ᠪᠠᠶᠠᠷᠯᠠᠯ᠎ᠠ ᠃ | |