ᠪᠤᠭᠤᠲᠤ ᠬᠤᠲᠠ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/1/14
  ᠤᠶᠢᠷ᠎ᠠ ᠳᠤ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠲᠤᠬᠠᠢ ᠶᠢᠨ ᠲᠠᠯᠠᠪᠠᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ ᠂ ᠠᠳᠡ ᠬᠦᠷᠲᠡᠯ᠎ᠡ ᠂ ᠪᠤᠭᠤᠲᠤ ᠬᠤᠲᠠ ᠶᠢᠨ 7 ᠶᠡᠭᠡ ᠳᠡᠭᠡᠳᠦ ᠰᠤᠷᠭᠠᠭᠤᠯᠢ ᠪᠦᠷ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠳᠦᠨ ᠪᠠᠶᠢᠭᠤᠯᠬᠤ ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ ᠂ ᠡᠭᠦᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ ᠃  2021 ᠣᠨ ᠠᠴᠠ ᠨᠠᠭᠠᠰᠢ ᠂ ᠪᠤᠭᠤᠲᠤ ᠬᠤᠲᠠ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠵᠤ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠂ ᠶᠡᠭᠡ ᠳᠡᠭᠡᠳᠦ ᠰᠤᠷᠭᠠᠭᠤᠯᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ ᠃ ᠨᠢᠭᠡ ᠳᠤ ᠂ ᠣᠯᠠᠨ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠵᠤ ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠦ ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ ᠃ ᠬᠤᠶᠠᠷ ᠲᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ︽ᠰᠢᠢᠳᠪᠦᠷᠢᠯᠡᠭᠳᠡᠬᠦᠢ ᠰᠡᠳᠭᠢᠭᠦᠢ︾ ᠪᠠ ︽ᠠᠷᠪᠢᠯᠠᠬᠤ︾ ᠴᠢᠳᠠᠪᠤᠷᠢ ᠶᠢ ᠭᠦᠢᠴᠡᠳ ᠪᠠᠳᠠᠷᠠᠭᠤᠯᠵᠤ ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠤᠨ᠎ᠠ ᠃ ᠶᠡᠭᠡ ᠳᠡᠭᠡᠳᠦ ᠰᠤᠷᠭᠠᠭᠤᠯᠢ ᠶᠢᠨ ᠬᠡᠮᠵᠢᠯᠲᠡ ᠶᠢᠨ ᠪᠡᠯᠡᠳᠬᠡᠮᠵᠢ ᠵᠢᠴᠢ ᠴᠢᠬᠤᠯᠠ ᠤᠰᠤ ᠬᠡᠷᠡᠭᠯᠡᠬᠦ ᠨᠢᠭᠡᠴᠢ ᠶᠢᠨ ᠪᠣᠳᠠᠲᠠᠶ ᠬᠡᠷᠡᠭᠯᠡᠬᠦ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠡᠯ᠎ᠡ ᠳᠡᠭᠡᠳᠦ ᠰᠤᠷᠭᠠᠭᠤᠯᠢ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ ᠂ ᠤᠰᠤ ᠠᠷᠪᠢᠯᠠᠬᠤ ᠥᠭᠡᠷᠡᠴᠢᠯᠡᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠴᠤ ᠂ ᠤᠰᠤ ᠠᠷᠪᠢᠯᠠᠬᠤ ᠲᠦᠷᠢᠮ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠤᠰᠤ ᠬᠡᠷᠡᠭᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ ᠃  ᠭᠤᠷᠪᠠ ᠳᠤ ᠂ ᠳᠡᠭᠡᠳᠦ ᠰᠤᠷᠭᠠᠭᠤᠯᠢ ᠨᠤᠭᠤᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠃ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠰᠢᠭᠡᠰᠦ ᠶᠢ ᠬᠤᠷᠢᠶᠠᠨ ᠴᠤᠭᠯᠠᠭᠤᠯᠬᠤ ᠤᠰᠤ ᠠᠷᠪᠢᠯᠠᠬᠤ ᠰᠢᠰᠲ᠋ᠧᠮ ᠢ ᠣᠷᠣᠭᠤᠯᠤᠨ ᠠᠪᠴᠢᠷᠠᠵᠤ ᠂ ᠵᠢᠱᠢᠯᠲᠡ ᠪᠠᠷ ᠵᠢᠯ ᠪᠦᠷᠢ ᠳᠡᠭᠡᠳᠦ ᠰᠤᠷᠭᠠᠭᠤᠯᠢ ᠶᠢᠨ 1.5 ᠲᠦᠮᠡᠨ ᠲᠣᠨ ᠤᠰᠤ ᠠᠷᠪᠢᠯᠠᠵᠤ ᠳᠡᠶᠢᠯᠦᠨ᠎ᠡ︔ ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠡᠶᠢᠭᠡᠮ ᠤᠨ ᠬᠦᠴᠦᠨ ᠢ ᠣᠷᠣᠭᠤᠯᠤᠨ ᠠᠪᠴᠢᠷᠠᠵᠤ ᠂ ᠰᠢᠭᠤᠳ ᠤᠤᠭᠤᠬᠤ ᠤᠰᠤ ᠪᠠ ᠪᠡᠶ᠎ᠡ ᠤᠬᠢᠶᠠᠬᠤ ᠭᠠᠵᠠᠷ ᠤᠨ ᠰᠢᠰᠲ᠋ᠧᠮ ᠢ ᠥᠭᠡᠷᠡᠴᠢᠯᠡᠵᠦ ᠂ ᠤᠰᠤ ᠬᠡᠷᠡᠭᠯᠡᠬᠦ ᠬᠡᠮᠵᠢᠶ᠎ᠡ ᠶᠢ ᠵᠢᠯ ᠪᠦᠷᠢ ᠪᠠᠷᠤᠭ 1.6 ᠲᠦᠮᠡᠨ ᠲᠣᠨ ᠪᠠᠭᠠᠰᠬᠠᠪᠠ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠤᠬᠢᠶᠠᠯᠭ᠎ᠠ ᠶᠢᠨ ᠭᠠᠵᠠᠷ ᠤᠨ ᠺᠠᠷᠲ ᠱᠦᠷᠭᠦᠭᠡᠬᠦ ᠰᠦᠢᠳᠬᠡᠯ ᠪᠤᠳᠤᠬᠤ ᠰᠢᠰᠲ᠋ᠧᠮ ᠢ ᠬᠡᠷᠡᠭᠵᠢᠭᠦᠯᠵᠦ ᠂ ᠰᠤᠷᠭᠠᠭᠤᠯᠢ ᠶᠢᠨ ᠪᠠᠭᠰᠢ ᠰᠤᠷᠤᠭᠴᠢᠳ ᠢ ᠰᠢᠮᠳᠠᠭᠤᠯᠵᠤ ᠪᠠᠶᠢᠭᠠᠳ ᠤᠰᠤ ᠶᠢ ᠠᠷᠪᠢᠯᠠᠨ ᠬᠡᠷᠡᠭᠯᠡᠬᠦ ᠣᠨᠣᠯᠵᠢᠬᠤᠨ ᠪᠠ ᠳᠠᠳᠬᠠᠯ ᠢ ᠪᠣᠶ ᠪᠣᠯᠭᠠᠨ᠎ᠠ ᠃ ᠳᠥᠷᠪᠡ ᠳᠤ ᠂ ᠳᠡᠭᠡᠳᠦ ᠰᠤᠷᠭᠠᠭᠤᠯᠢ ᠶᠢᠨ ᠳᠠᠪᠠᠭᠤᠯᠢᠭ ᠢ ᠪᠠᠳᠠᠷᠠᠭᠤᠯᠤᠨ ᠂ ᠤᠰᠤ ᠠᠷᠪᠢᠯᠠᠬᠤ ᠰᠢᠨ᠎ᠡ ᠮᠡᠷᠭᠡᠵᠢᠯ ᠢ ᠢᠳᠡᠪᠬᠢᠲᠡᠶ ᠪᠠᠷ ᠰᠦᠪᠡᠭᠴᠢᠯᠡᠬᠦ ᠬᠡᠷᠡᠭᠲᠡᠶ ᠃ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠳᠤᠯᠤᠨ ᠡᠭᠦᠳᠦᠭᠰᠡᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠳᠠᠬᠢᠨ ᠠᠰᠢᠭᠯᠠᠬᠤ ᠰᠢᠰᠲ᠋ᠧᠮ︾ ᠨᠢ ᠤᠯᠤᠰ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠢ ᠭᠥᠷᠳᠡᠪᠡ ᠃  ᠲᠠᠷᠠᠭᠠᠴᠢ ᠶᠢᠨ ᠠᠯᠬᠤᠮ ᠳᠤ ᠂ ᠮᠠᠨ ᠤ ᠣᠷᠣᠨ ︽ᠤᠰᠤ ᠠᠷᠪᠢᠯᠠᠬᠤ ᠠᠵᠢᠯᠯᠠᠭ᠎ᠠ︾ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠶᠢᠨ ᠵᠢᠱᠢᠶ᠎ᠡ ᠦᠵᠡᠭᠦᠯᠬᠦ ᠂ ᠬᠥᠲᠥᠯᠦᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ ᠣᠯᠠᠨ ᠨᠡᠶᠢᠲᠡ ᠶᠢᠨ ᠤᠰᠤ ᠶᠢ ᠠᠷᠪᠢᠯᠠᠵᠤ ᠬᠡᠷᠡᠭᠯᠡᠬᠦ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ ᠂ ᠪᠥᠬᠦ ᠨᠡᠶᠢᠭᠡᠮ ᠢᠶᠠᠷ ᠢᠶᠠᠨ ᠤᠰᠤ ᠶᠢ ᠬᠠᠶᠢᠷᠠᠯᠠᠬᠤ ᠂ ᠤᠰᠤ ᠶᠢ ᠭᠠᠮᠨᠠᠬᠤ ᠂ ᠤᠰᠤ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号