ᠪᠠᠶᠠᠨᠨᠠᠭᠤᠷ ᠬᠤᠲᠠ ᠤᠰᠤ ᠠᠷᠪᠢᠯᠠᠬᠤ ᠠᠵᠢᠯᠯᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
  ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠤᠰᠤ ᠠᠷᠪᠢᠯᠠᠬᠤ ᠠᠵᠢᠯᠯᠠᠭ᠎ᠠ ᠶᠢᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤᠰᠤ ᠠᠷᠪᠢᠯᠠᠬᠤ ᠠᠵᠢᠯᠯᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠤᠰᠤ ᠠᠷᠪᠢᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ ᠃  ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠲᠥᠯᠥᠭᠡᠯᠡᠭᠴᠢᠳ ᠲᠠᠷᠢᠶᠠᠯᠠᠩ ᠤᠨ ᠤᠰᠤ ᠠᠷᠪᠢᠯᠠᠬᠤ ᠲᠡᠷᠢᠭᠦᠨ ᠤ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠭᠦᠨᠵᠡᠭᠡᠶ ᠶᠠᠷᠢᠯᠴᠠᠵᠤ ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠤᠰᠤ ᠬᠦᠷᠦᠰᠦ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠬᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠳᠤ ᠣᠯᠭᠤᠬᠤ ᠶᠢ ᠠᠬᠢᠭᠤᠯᠬᠤ ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠪᠠ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠵᠡᠷᠭᠡ ᠲᠠᠷᠢᠶᠠᠨ ᠭᠠᠵᠠᠷ ᠤᠨ ᠤᠰᠤ ᠠᠷᠪᠢᠯᠠᠬᠤ ᠮᠡᠷᠭᠡᠵᠢᠯ ᠢ ᠬᠥᠭᠵᠢᠭᠦᠯᠬᠦ ᠵᠡᠷᠭᠡ ᠲᠠᠯ᠎ᠠ ᠪᠠᠷ ᠠᠯᠤᠰ ᠬᠡᠲᠦ ᠶᠢᠨ ᠴᠢᠨᠠᠷᠲᠠᠶ ᠂ ᠰᠢᠨᠵᠢᠯᠡᠬᠦ ᠤᠬᠠᠭᠠᠨᠴᠢ ᠴᠢᠨᠠᠷᠲᠠᠶ ᠂ ᠪᠣᠯᠤᠮᠵᠢᠲᠤ ᠴᠢᠨᠠᠷᠲᠠᠶ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠤᠬᠠᠶ ᠰᠠᠨᠠᠭᠤᠯᠭ᠎ᠠ ᠳᠤᠷᠠᠳᠪᠠ ᠃  ᠬᠤᠷᠠᠯ ᠠᠴᠠ ᠂ ᠪᠠᠶᠠᠨᠨᠠᠭᠤᠷ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠨᠠᠮᠤᠷ ᠤᠨ ᠤᠰᠤᠯᠠᠯᠲᠠ ᠂ ᠬᠠᠪᠤᠷ ᠤᠨ ᠴᠤᠭᠯᠠᠷᠠᠯ ᠂ ᠵᠤᠨ ᠤ ᠤᠰᠤᠯᠠᠯᠲᠠ ᠵᠡᠷᠭᠡ ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ ᠂ ᠠᠮᠤ ᠪᠤᠳᠠᠭ᠎ᠠ ᠪᠣᠯᠤᠨ ᠠᠵᠤ ᠠᠬᠤᠢ ᠶᠢᠨ ᠲᠠᠷᠢᠮᠠᠯ ᠤᠨ ᠤᠰᠤ ᠬᠡᠷᠡᠭᠯᠡᠬᠦ ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ ᠶᠢ ᠪᠠᠲᠤᠯᠠᠬᠤ ᠬᠡᠷᠡᠭᠲᠡᠢ︔ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠬᠤᠭᠤᠷᠣᠨᠳᠣᠬᠢ ᠤᠰᠤ ᠬᠡᠷᠡᠭᠯᠡᠬᠦ ᠬᠤᠯᠪᠣᠯᠳᠤᠯ ᠪᠣᠯᠤᠨ ᠱᠠᠲᠤᠯᠢᠭ ᠠᠰᠢᠭᠯᠠᠯᠲᠠ ᠶᠢ ᠲᠦᠷᠭᠡᠳᠬᠡᠵᠦ ᠂ ᠤᠰᠤ ᠬᠡᠷᠡᠭᠯᠡᠬᠦ ᠰᠠᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ︔ ᠬᠤᠳᠠ ᠪᠠᠯᠭᠠᠰᠤᠨ ᠤ ᠤᠰᠤ ᠠᠷᠪᠢᠯᠠᠬᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠬᠤᠳᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠰᠦᠢᠳᠬᠦ ᠶᠢ ᠵᠠᠰᠠᠬᠤ ᠶᠢ ᠲᠦᠷᠭᠡᠳᠬᠡᠨ ᠠᠬᠢᠭᠤᠯᠵᠤ ᠂ ᠭᠡᠷ᠎ᠡ ᠶᠢᠨ ᠤᠰᠤ ᠠᠷᠪᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠡᠩ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠡᠩ ᠤᠨ ᠪᠤᠰᠤ ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠤᠬᠢᠷᠠᠭᠤᠯᠤᠨ ᠬᠠᠮᠢᠶᠠᠷᠬᠤ ᠳᠤ ᠣᠷᠣᠭᠤᠯᠵᠤ ᠂ ᠳᠠᠬᠢᠯᠲᠠ ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ︔ ᠪᠦᠬᠦ ᠨᠡᠶᠢᠭᠡᠮ ᠤᠨ ᠤᠰᠤ ᠠᠷᠪᠢᠯᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠬᠤᠳᠠ ᠶᠢᠨ ᠠᠷᠠᠳ ᠤᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠤᠬᠠᠭᠤᠯᠭ᠎ᠠ ᠥᠷᠨᠢᠭᠦᠯᠵᠦ ᠂ ᠠᠷᠠᠳ ᠤᠯᠠᠨ ᠤ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号