2024 ᠣᠨ ᠤ ᠡᠴᠦᠰ ᠲᠤ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠤᠨ᠎ᠠ︾ ᠭᠡᠵᠦ ᠳᠤᠷᠠᠳᠴᠠᠢ ᠃ ᠭᠠᠳᠠᠭᠠᠳᠤ | ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠶᠢᠨ ᠲᠥᠯᠥᠭᠡ ᠂ ᠵᠢᠶᠠᠩᠰᠦ ᠠᠵᠤ ᠠᠬᠤᠶᠢᠯᠠᠯ ᠤᠨ | ᠪᠡᠯᠡ ᠬᠤᠷᠠᠮᠳᠤᠭᠤᠯᠬᠤ ᠡᠪᠡᠷᠰᠢᠶᠡᠯ ᠢ ᠴᠢᠩᠭ᠎ᠠ ᠠᠩᠬᠠᠷᠴᠤ ᠂ ︽ᠵᠢᠶᠠᠩᠰᠦ ᠶᠢᠨ ᠠᠷᠠᠯᠵᠢᠶᠠᠨ ᠤ ᠵᠢᠭᠡᠯᠡᠯᠭᠡ︾ ᠵᠡᠷᠭᠡ | ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠭᠠᠷᠭᠠᠪᠠ︔ ᠭᠤᠸᠠᠩᠳᠦ᠋ᠩ ᠤᠨ ᠬᠢᠨ ︽ᠭᠤᠸᠠᠩᠳᠦ᠋ᠩ | ᠰᠢᠶᠠᠩᠭᠠᠩ ᠤᠤᠮᠧᠨ ᠤ ᠬᠠᠮ ᠭᠠᠷᠠᠮ︾ ᠤᠨ ᠵᠠᠭᠪᠤᠷ ᠢ ᠰᠦᠪᠡᠭᠴᠢᠯᠡᠵᠦ ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠪᠠ︔ ᠴᠦᠩᠴᠢᠩ ᠤᠨ ᠪᠣᠭᠤᠮᠲᠠ | ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ | ᠭᠠᠳᠠᠭᠠᠳᠤ ᠭᠠᠷᠭᠠᠯᠲᠠ ᠶᠢ ᠥᠷᠭᠡᠳᠬᠡᠬᠦ ᠳᠤ ᠬᠦᠴᠦᠨ ᠨᠡᠮᠡᠷᠢᠯᠡᠪᠡ ᠁ ᠡᠯ᠎ᠡ ᠭᠠᠵᠠᠷ ᠤᠨ ᠬᠢᠨ ᠴᠥᠮ ᠰᠢᠷᠢᠰ | ᠠᠷᠭ᠎ᠠ ᠬᠡᠮᠵᠢᠶ᠎ᠡ ᠠᠪᠴᠤ ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠡᠳᠦᠷ ᠢᠷᠡᠬᠦᠶ᠎ᠡ | ᠴᠢᠩᠭᠠᠷᠠᠪᠠ ᠃ | — ᠨᠠᠶᠢᠷᠠᠭᠤᠯᠤᠭᠴᠢ ᠠᠴᠠ | | 2024 ᠣᠨ ᠳᠤ ᠣᠷᠣᠭᠤᠯᠤᠯᠲᠠ ᠶᠢᠨ ᠬᠡᠪᠴᠢᠶ᠎ᠡ 266 ᠳ᠋ᠦᠩᠰᠢᠭᠤᠷ ᠲᠥᠭᠦᠷᠢᠭ ᠢ ᠳᠠᠪᠠᠵᠤ ᠂ ︽ | ᠵᠢᠶᠠᠩᠰᠦ ᠶᠢᠨ ᠠᠷᠠᠯᠵᠢᠶᠠᠨ ᠤ ᠵᠢᠭᠡᠯᠡᠯᠭᠡ︾ ᠨᠢ ᠵᠢᠶᠠᠩᠰᠦ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠪᠠᠯᠠ ᠲᠣᠬᠢᠷᠠᠭᠤᠯᠬᠤ ᠳᠤ ᠬᠦᠴᠦᠨ ᠨᠡᠮᠡᠷᠢᠯᠡᠪᠡ | ᠡᠮᠦᠨᠡᠲᠦ ᠠᠮᠧᠷᠢᠺᠠ ᠲᠢᠪ ᠤᠨ ᠮᠢ ᠯᠦ ᠺᠠᠠ ᠶᠠ ᠡᠸ᠋ ᠭᠠᠷᠠᠮ ᠤᠨ ᠨᠢᠭᠡ ᠪᠦᠯᠦᠭ ᠳᠤᠮᠳᠠᠳᠤ ᠤᠯᠤᠰ ᠤᠨ | ᠦᠢᠯᠡᠳᠪᠦᠷᠢᠯᠡᠭᠰᠡᠨ ᠴᠠᠬᠢᠯᠭᠠᠨ ᠬᠡᠮᠵᠢᠭᠦᠷ ᠤᠨ ᠬᠠᠶᠢᠷᠴᠠᠭ ᠭᠠᠷᠠᠮ ᠳᠤ ᠪᠠᠷᠠᠭ᠎ᠠ ᠪᠠᠭᠤᠯᠭᠠᠵᠠᠢ ᠃ ᠡᠨᠡ ᠪᠣᠯ ᠭᠦᠩᠰᠧ | ᠠᠩᠬ᠎ᠠ ᠤᠳᠠᠭ᠎ᠠ ᠴᠠᠬᠢᠯᠭᠠᠨ ᠬᠡᠮᠵᠢᠭᠦᠷ ᠤᠨ ᠬᠠᠶᠢᠷᠴᠠᠭ ᠤᠨ ᠪᠥᠲᠥᠭᠡᠭᠳᠡᠬᠦᠨ ᠢ ᠭᠠᠳᠠᠭᠠᠳᠤ ᠳᠤ ᠭᠠᠷᠭᠠᠬᠤ ᠪᠠᠷ | ᠲᠤᠷᠰᠢᠭᠰᠠᠨ ᠭᠦᠢᠯᠡᠭᠡᠭᠡᠨ ᠤ ᠪᠡᠯᠡ ᠮᠥᠩᠭᠦ ᠶᠤᠮ︾ ᠭᠡᠵᠦ ᠵᠢᠶᠠᠩᠰᠦ ᠨᠠᠨᠵᠢᠩ ᠤᠨ ᠶᠢᠨ ᠱᠠᠨ ᠬᠢᠮᠢ ᠶᠢᠨ ᠠᠵᠤ | ᠦᠢᠯᠡᠳᠪᠦᠷᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠵᠠᠩ ᠵᠢᠩ | ᠴᠢᠦ ᠬᠡᠯᠡᠪᠡ ᠃ | ᠡᠮᠦᠨ᠎ᠡ ᠨᠢ ᠲᠤᠰ ᠭᠦᠩᠰᠧ ᠮᠢ ᠯᠦ ᠲᠠᠢ 300 ᠲᠦᠮᠡᠨ ᠳ᠋ᠣᠯᠯᠠᠷ ᠤᠨ ᠦᠨ᠎ᠡ ᠲᠠᠢ ᠴᠠᠬᠢᠯᠭᠠᠨ | ᠬᠡᠮᠵᠢᠭᠦᠷ ᠤᠨ ᠬᠠᠶᠢᠷᠴᠠᠭ ᠤᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠠᠢ ᠃ ᠳᠦᠷᠢᠮ ᠢ | ᠦᠨᠳᠦᠰᠦᠯᠡᠨ ᠂ ᠦᠢᠯᠡᠳᠬᠦᠨ ᠤ ᠬᠡᠷᠡᠭᠴᠡᠭᠡ ᠶᠢ ᠳᠠᠯᠠᠢ ᠳᠡᠭᠡᠷ᠎ᠡ ᠲᠡᠭᠡᠭᠡᠪᠦᠷᠢᠯᠡᠬᠦ ᠂ ᠪᠣᠭᠤᠮᠲᠠ ᠳᠤ ᠮᠡᠳᠡᠭᠦᠯᠬᠦ ᠂ | ᠰᠢᠯᠭᠠᠨ ᠠᠪᠬᠤ ᠶᠢ ᠥᠩᠭᠡᠷᠡᠭᠡᠭᠰᠡᠨ ᠤ ᠳᠠᠷᠠᠭ᠎ᠠ ᠂ ᠺᠤᠮᠫᠠᠨᠢ ᠰᠠᠶ᠋ᠢ ᠳᠠᠩᠰᠠᠨ ᠤ ᠵᠣᠭᠤᠰ ᠢ ᠬᠤᠷᠢᠶᠠᠨ ᠣᠯᠵᠤ | ᠴᠢᠳᠠᠨ᠎ᠠ ᠃ ︽ᠭᠦᠩᠰᠧ ᠠᠴᠠ ᠴᠠᠬᠢᠯᠭᠠᠨ ᠬᠡᠮᠵᠢᠭᠦᠷ ᠤᠨ ᠬᠠᠶᠢᠷᠴᠠᠭ ᠤᠨ ᠦᠢᠯᠡᠳᠪᠦᠷᠢᠯᠡᠯ ᠤᠨ ᠵᠠᠷᠤᠳᠠᠯ ᠪᠣᠯᠣᠨ | ᠲᠡᠭᠡᠭᠡᠪᠦᠷᠢ ᠶᠢᠨ ᠵᠠᠷᠤᠳᠠᠯ ᠢ ᠣᠷᠣᠯᠠᠨ ᠲᠥᠯᠥᠬᠦ ᠪᠡᠯᠡ ᠮᠥᠩᠭᠦ ᠶᠢᠨ ᠳᠠᠷᠤᠯᠲᠠ ᠪᠠᠭ᠎ᠠ ᠦᠭᠡᠢ︾ ᠶᠤᠮ ᠃ ᠵᠠᠩ | ᠵᠢᠩ ᠴᠢᠦ ᠂ ᠲᠥᠰᠥᠭᠡᠯᠡᠭᠰᠡᠨ ᠢᠶᠠᠷ ᠂ ᠣᠷᠣᠯᠠᠨ ᠥᠭᠭᠦᠭᠰᠡᠨ ᠪᠡᠯᠡ ᠮᠥᠩᠭᠦ ᠠᠴᠠ ᠵᠠᠬᠢᠶᠠᠯᠠᠭ᠎ᠠ ᠶᠢᠨ ᠬᠠᠭᠤᠳᠠᠰᠤ ᠶᠢ | ᠤᠯᠬᠤ ᠬᠦᠷᠲᠡᠯ᠎ᠡ ᠂ ᠪᠠᠷᠤᠭ 75 ᠡᠳᠦᠷ ᠤᠨ ᠦᠶᠡᠯᠡᠯ ᠤᠨ ᠬᠤᠭᠤᠴᠠᠭ᠎ᠠ ᠬᠡᠷᠡᠭᠰᠡᠨ᠎ᠡ ᠃ | ︽ᠡᠶᠢᠮᠦ ᠶᠡᠭᠡ ᠵᠠᠬᠢᠶᠠᠯᠠᠭ᠎ᠠ ᠶᠢᠨ ᠬᠠᠭᠤᠳᠠᠰᠤ ᠨᠢ ᠯᠠᠪᠲᠠᠢ ᠡᠵᠡᠩᠨᠡᠯᠲᠡ ᠶᠢᠨ ᠣᠷᠣᠯᠭ᠎ᠠ ᠶᠢᠨ ᠶᠡᠭᠡ | ᠬᠡᠮᠵᠢᠶ᠎ᠡ ᠪᠠᠷ ᠨᠡᠮᠡᠭᠳᠡᠬᠦ ᠶᠢ ᠳᠠᠶᠢᠴᠢᠯᠠᠵᠤ ᠪᠣᠯᠤᠨ᠎ᠠ ᠂ ᠭᠡᠪᠡᠴᠦ ᠪᠡᠯᠡ ᠮᠥᠩᠭᠦ ᠶᠢᠨ ᠳᠤᠲᠠᠭᠤᠳᠠᠯ ᠢ ᠬᠡᠷᠬᠢᠨ | ᠰᠢᠢᠳᠪᠦᠷᠢᠯᠡᠬᠦ ᠪᠣᠯ ᠬᠦᠴᠢᠷ ᠠᠰᠠᠭᠤᠳᠠᠯ ᠪᠣᠯᠵᠤ ᠪᠠᠶᠢᠨ᠎ᠠ︾ ᠃ ᠵᠠᠩ ᠵᠢᠩ ᠴᠢᠦ ᠲᠠᠨᠢᠯᠴᠠᠭᠤᠯᠬᠤ ᠳᠠᠭᠠᠨ ᠂ ᠺᠣᠮᠫᠠᠨᠢ | ᠪᠠᠷᠢᠴᠠᠭᠠᠨ ᠤ ᠡᠳ᠋ ᠪᠠᠭ᠎ᠠ ᠪᠣᠯᠬᠤᠷ ᠡᠯ᠎ᠡ ᠪᠠᠩᠬᠢ ᠳᠤ ᠪᠡᠯᠡ ᠲᠣᠬᠢᠷᠠᠭᠤᠯᠭ᠎ᠠ ᠶᠢᠨ ᠢᠲᠡᠭᠡᠮᠵᠢ ᠣᠯᠭᠤᠬᠤ ᠲᠤᠭ᠎ᠠ | ᠬᠡᠮᠵᠢᠶ᠎ᠡ ᠨᠡᠯᠢᠶᠡᠳ ᠪᠠᠭ᠎ᠠ ᠪᠠᠶᠢᠵᠤ ᠂ ᠡᠨᠡ ᠬᠦ ᠵᠠᠬᠢᠶᠠᠯᠠᠭ᠎ᠠ ᠶᠢᠨ ᠪᠠᠷᠠᠭ᠎ᠠ ᠪᠡᠯᠡᠳᠬᠡᠬᠦ ᠶᠢ ᠨᠥᠯᠥᠭᠡᠯᠡᠪᠡ ᠃ | ᠠᠵᠤ ᠠᠬᠤᠶᠢᠯᠠᠯ ᠣᠶᠢᠯᠠᠭᠠᠭᠰᠠᠨ ᠤ ᠳᠠᠷᠠᠭ᠎ᠠ ᠂ ᠵᠢᠶᠠᠩᠰᠦ ᠶᠢᠨ ᠪᠠᠩᠭᠢ ᠶᠢᠨ ᠨᠠᠨᠵᠢᠩ ᠤᠨ ᠯᠦᠩ ᠵᠢᠶᠠᠩ | ᠰᠠᠯᠪᠤᠷᠢ ᠪᠠᠩᠭᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ︽ᠵᠢᠶᠠᠩᠰᠦ ᠶᠢᠨ ᠠᠷᠠᠯᠵᠢᠶᠠᠨ ᠤ ᠵᠢᠭᠡᠯᠡᠯᠭᠡ︾ | ᠠᠪᠬᠤ ᠦᠢᠯᠡᠳᠭᠦᠨ ᠢ ᠲᠠᠨᠢᠯᠴᠠᠭᠤᠯᠵᠠᠶ ᠃ ︽ᠡᠨᠡ ᠬᠦ ᠦᠢᠯᠡᠳᠬᠦᠨ ᠪᠣᠯ ᠵᠢᠶᠠᠩᠰᠦ ᠮᠤᠵᠢ ᠶᠢᠨ ᠪᠠᠩᠬᠢ ᠪᠣᠯᠤᠨ | ᠵᠢᠶᠠᠩᠰᠦ ᠮᠤᠵᠢ ᠶᠢᠨ ᠡᠳ᠋ ᠤᠨ ᠵᠠᠰᠠᠭ ᠤᠨ ᠲᠢᠩᠬᠢᠮ ᠂ ᠮᠤᠵᠢ ᠶᠢᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠬᠠᠮᠲᠤᠷᠠᠯᠴᠠᠭ᠎ᠠ ᠮᠥᠨ ᠂ ᠪᠥᠬᠦ ᠮᠤᠵᠢ ᠶᠢᠨ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠬᠦ ᠳᠤ ᠣᠬᠤᠷ ᠬᠤᠭᠤᠴᠠᠭᠠᠨ ᠤ ᠡᠷᠭᠢᠯᠲᠡ ᠶᠢᠨ ᠪᠠᠯᠠ ᠮᠥᠩᠭᠦ ᠶᠢᠨ | ᠵᠢᠭᠡᠯᠡᠯᠭᠡ ᠂ ᠣᠯᠠᠨ ᠤᠯᠤᠰ ᠤᠨ ᠠᠷᠠᠯᠵᠢᠶᠠᠨ ᠤ ᠪᠠᠯᠠ ᠲᠣᠬᠢᠷᠠᠭᠤᠯᠭ᠎ᠠ ᠶᠢᠨ ᠦᠢᠯᠡᠳᠬᠦᠨ ᠮᠥᠨ ᠂ ᠵᠢᠭᠡᠯᠡᠯᠭᠡ ᠶᠢᠨ | ᠵᠣᠭᠤᠰ ᠤᠨ ᠲᠤᠭ᠎ᠠ ᠬᠠᠮᠤᠭ ᠤᠨ ᠥᠨᠳᠥᠷ ᠲᠡᠭᠡᠨ 3000 ᠲᠦᠮᠡᠨ ᠲᠥᠭᠦᠷᠢᠭ ᠲᠤ ᠬᠦᠷᠴᠦ ᠪᠣᠯᠤᠨ᠎ᠠ︾ ᠭᠡᠵᠡᠶ ᠃ | ᠯᠦᠩ ᠵᠢᠶᠠᠩ ᠰᠠᠯᠪᠤᠷᠢ ᠪᠠᠩᠭᠢ ᠶᠢᠨ ᠬᠠᠷᠢᠭᠤᠴᠠᠯᠭᠠᠲᠠᠨ ᠬᠡᠯᠡᠪᠡ ᠃ | ᠵᠠᠬᠢᠶᠠᠯᠠᠭ᠎ᠠ ᠶᠢᠨ ᠪᠠᠶᠢᠳᠠᠯ ᠢ ᠦᠨᠳᠦᠰᠦᠯᠡᠨ ᠂ ᠠᠵᠤ ᠠᠬᠤᠶᠢᠯᠠᠯ ᠠᠮᠵᠢᠯᠲᠠ ᠲᠠᠢ ᠪᠠᠷ 500 ᠲᠦᠮᠡᠨ | ᠲᠥᠭᠦᠷᠢᠭ ᠤᠨ ᠢᠲᠡᠭᠡᠮᠵᠢ ᠣᠯᠭᠤᠬᠤ ᠲᠤᠭ᠎ᠠ ᠶᠢ ᠵᠥᠪᠰᠢᠶᠡᠷᠡᠵᠦ ᠂ ᠵᠥᠪᠰᠢᠶᠡᠷᠡᠯ ᠣᠯᠤᠭᠰᠠᠨ ᠲᠤᠬᠠᠢ ᠶᠢᠨ | ᠡᠳᠦᠷ ᠲᠤ 300 ᠲᠦᠮᠡᠨ ᠲᠥᠭᠦᠷᠢᠭ ᠢ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠬᠤᠳᠠᠯᠳᠤᠨ ᠠᠪᠬᠤ | ᠣᠷᠣᠯᠠᠨ ᠥᠭᠬᠦ ᠳᠤ ᠬᠡᠷᠡᠭᠯᠡᠵᠦ ᠂ 200 ᠲᠦᠮᠡᠨ ᠲᠥᠭᠦᠷᠢᠭ ᠢ ᠰᠢᠯᠭᠠᠨ ᠠᠪᠤᠭᠰᠠᠨ ᠤ ᠳᠠᠷᠠᠭᠠᠬᠢ ᠪᠡᠯᠡ | ᠮᠥᠩᠭᠦ ᠶᠢ ᠡᠭᠡᠭᠦᠯᠦᠨ ᠠᠪᠴᠢᠷᠠᠬᠤ ᠳᠤ ᠬᠡᠷᠡᠭᠯᠡᠪᠡ ᠃ | ᠪᠤᠰᠤᠳ ᠮᠦᠩᠭᠦᠨ ᠭᠦᠢᠯᠬᠡᠬᠡᠨ ᠤ ᠪᠦᠲᠦᠭᠡᠭᠳᠡᠭᠦᠨ ᠲᠠᠢ ᠬᠠᠷᠢᠴᠠᠭᠤᠯᠪᠠᠯ ᠂ ︽ᠵᠢᠶᠠᠩᠰᠦ ᠶᠢᠨ ᠠᠷᠠᠯᠵᠢᠶᠠᠨ ᠤ | ᠵᠢᠭᠡᠯᠡᠯᠭᠡ︾ ᠨᠢ ᠭᠠᠲᠠᠭᠠᠲᠦ ᠠᠷᠠᠯᠵᠢᠶᠠᠨ ᠤ ᠠᠵᠤ ᠠᠬᠤᠶᠢᠯᠠᠯ ᠤᠨ ᠡᠮᠦᠨ᠎ᠡ ᠦᠵᠦᠭᠦᠷ ᠤᠨ ᠪᠠᠯᠠ ᠮᠦᠩᠭᠦᠨ ᠤ | ᠬᠡᠯᠭᠢᠶᠡ ᠶᠢᠨ ᠰᠠᠭᠠᠳ ᠲᠠᠢ ᠠᠰᠠᠭᠤᠲᠠᠯ ᠢ ᠴᠢᠬᠤᠯᠠᠴᠢᠯᠠᠨ ᠠᠩᠬᠠᠷᠬᠤ ᠪᠠᠷ ᠭᠤᠤᠯᠲᠠᠵᠤ ᠪᠠᠶᠢᠨ᠎ᠠ ᠃ ᠡᠭᠦᠨ ᠠᠴᠠ | ᠡᠮᠦᠨ᠎ᠡ ᠪᠢᠳᠡ ᠪᠠᠰᠠ ᠤᠯᠠᠨ ᠵᠦᠢᠯ ᠤᠨ ᠬᠡᠯᠪᠡᠷᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠢ ᠲᠤᠷᠰᠢᠵᠤ | ᠦᠵᠡᠭᠰᠡᠨ ᠪᠣᠯᠪᠠᠴᠤ ᠵᠣᠩᠬᠢᠯᠠᠬᠤ ᠤᠯᠠᠨ ᠲᠣᠭᠠᠨ ᠤ ᠦᠢᠯᠡᠳᠬᠦᠨ ᠨᠢ ᠵᠥᠪᠬᠡᠨ ᠠᠵᠤ ᠠᠬᠤᠶᠢᠯᠠᠯ ᠤᠨ | ᠵᠠᠬᠢᠶᠠᠯᠠᠭ᠎ᠠ ᠪᠠᠷ ᠲᠤᠰᠢᠶᠠᠭᠰᠠᠨ ᠤ ᠰᠡᠭᠦᠯᠴᠢ ᠶᠢᠨ ᠬᠤᠭᠤᠴᠠᠭᠠᠨ ᠤ ᠪᠡᠯᠡ ᠮᠥᠩᠭᠦ ᠪᠠᠷ ᠡᠭᠡᠭᠦᠯᠦᠨ ᠬᠤᠷᠢᠶᠠᠵᠤ ᠪᠡᠯᠡ | ᠲᠣᠬᠢᠷᠠᠭᠤᠯᠭ᠎ᠠ ᠬᠢᠵᠦ ᠪᠠᠶᠢᠵᠠᠢ ᠃ ᠵᠠᠩ ᠵᠢᠩ ᠴᠢᠤ ᠶᠢᠨ ᠲᠠᠨᠢᠯᠴᠠᠭᠤᠯᠤᠭᠰᠠᠨ ᠢᠶᠠᠷ ᠂ ︽︿ᠵᠢᠶᠠᠩᠰᠦ ᠶᠢᠨ | ᠠᠷᠠᠯᠵᠢᠶᠠᠨ ᠤ ᠵᠢᠭᠡᠯᠡᠯᠭᠡ﹀ ᠨᠢ ᠠᠵᠤ ᠠᠬᠤᠶᠢᠯᠠᠯ ᠤᠨ ᠡᠮᠦᠨ᠎ᠡ ᠬᠡᠰᠡᠭ ᠤᠨ ᠪᠡᠯᠡ ᠮᠥᠩᠭᠦ ᠶᠢᠨ ᠬᠡᠯᠬᠢᠶ᠎ᠡ ᠶᠢ | ᠬᠥᠭᠵᠢᠭᠡᠵᠦ ᠂ ᠪᠢᠳᠡᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠪᠠ ᠵᠠᠬᠢᠶᠠᠯᠠᠭ᠎ᠠ ᠶᠢᠨ ᠬᠡᠮᠵᠢᠶ᠎ᠡ ᠪᠠᠨ | ᠥᠷᠭᠡᠳᠬᠡᠬᠦ ᠳᠤ ᠬᠠᠪᠰᠤᠷᠤᠯᠭ᠎ᠠ ᠦᠵᠡᠭᠦᠯᠪᠡ︾ ᠭᠡᠵᠡᠢ ᠃ | ︽︿ᠵᠢᠶᠠᠩᠰᠦ ᠶᠢᠨ ᠠᠷᠠᠯᠵᠢᠶᠠᠨ ᠤ ᠵᠢᠭᠡᠯᠡᠯᠭᠡ﹀ ᠪᠣᠯ ᠮᠤᠵᠢ ᠶᠢᠨ ᠫᠦ᠋ ᠬᠤᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠲᠦᠭᠰᠢᠭᠦᠷᠢ ᠶᠢᠨ ᠨᠥᠬᠦᠪᠥᠷᠢ ᠶᠢᠨ ᠰᠠᠭᠤᠷᠢ ᠮᠥᠩᠭᠦ ᠳᠤ ᠲᠦᠰᠢᠭᠯᠡᠨ ᠪᠠᠶᠢᠭᠤᠯᠤᠭᠰᠠᠨ ᠵᠠᠰᠠᠭ | ᠪᠠᠩᠬᠢ ᠶᠢᠨ ᠬᠠᠮᠲᠤᠷᠠᠯᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠪᠣᠯᠤᠨ᠎ᠠ ᠂ ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠶᠢᠨ ᠪᠠᠯᠠ ᠲᠣᠬᠢᠷᠠᠭᠤᠯᠭ᠎ᠠ ᠲᠠᠢ ᠪᠦᠲᠦᠮᠵᠢᠲᠡᠶ ᠤᠶᠠᠯᠳᠤᠭᠤᠯᠵᠤ ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠥᠬᠦ ᠮᠤᠵᠢ ᠶᠢᠨ ᠳᠤᠮᠳᠠ ᠵᠢᠵᠢᠭ | ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ ᠂ | ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ︾ ᠃ ᠵᠢᠶᠠᠩᠰᠦ | ᠮᠤᠵᠢ ᠶᠢᠨ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ | ︽ᠵᠢᠶᠠᠩᠰᠦ ᠶᠢᠨ ᠠᠷᠠᠯᠵᠢᠶᠠᠨ ᠤ ᠵᠢᠭᠡᠯᠡᠯᠭᠡ︾ 2024 ᠣᠨ ᠳᠤ ᠲᠠᠯᠪᠢᠭᠰᠠᠨ ᠬᠡᠪᠴᠢᠶ᠎ᠡ ᠨᠢ 266.43 | ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 57.2% ᠢᠶᠠᠷ ᠨᠡᠮᠡᠭᠳᠡᠵᠦ ᠂ 3766 | ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠠᠰᠢᠭ ᠬᠦᠷᠲᠡᠭᠡᠵᠦ ᠂ ᠠᠳᠠᠯᠢ | ᠬᠤᠭᠤᠴᠠᠭᠠᠨ ᠤ ᠬᠢ ᠠᠴᠠ 48% ᠪᠠᠷ ᠨᠡᠮᠡᠭᠳᠡᠪᠡ ᠃ | ᠥᠪᠡᠷ ᠤᠨ ᠥᠷᠲᠡᠭ ᠢ ᠨᠡᠶᠢᠲᠡ 3 ᠳ᠋ᠦᠩᠰᠢᠭᠤᠷ ᠲᠥᠭᠦᠷᠢᠭ ᠠᠷᠪᠢᠯᠠᠵᠤ ᠂ ᠭᠤᠸᠠᠩᠳᠦ᠋ᠩ ᠤᠨ | ᠪᠣᠭᠤᠮᠲᠠ ᠪᠠᠷ ᠥᠩᠭᠡᠷᠡᠬᠦ ᠵᠠᠭᠪᠤᠷ ᠢ ᠥᠭᠡᠷᠡᠴᠢᠯᠡᠵᠦ ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠪᠡ | ︽ᠳ᠋ᠢ︕︾ ᠭᠡᠬᠦ ᠮᠠᠰᠢᠨ ᠤ ᠳᠠᠭᠤᠨ ᠬᠦᠩᠭᠢᠨᠡᠵᠦ ᠂ ᠪᠢᠴᠢᠯ ᠳᠣᠯᠭᠢᠶᠠᠨ ᠤ ᠵᠤᠤᠬ᠎ᠠ ᠂ ᠠᠶᠠᠭ᠎ᠠ ᠤᠬᠢᠶᠠᠬᠤ | ᠮᠠᠰᠢᠨ ᠵᠡᠷᠭᠡ ᠭᠡᠷ ᠤᠨ ᠴᠠᠬᠢᠯᠭᠠᠨ ᠬᠡᠷᠡᠭᠰᠡᠯ ᠤᠨ ᠴᠢᠷᠭᠡᠦᠯ ᠣᠩᠭᠤᠴᠠ ︽ᠢ ᠬᠠᠩ 12︾ ᠭᠤᠸᠠᠩᠳᠦ᠋ᠩ ᠤᠨ | ᠹᠦᠸᠧ ᠱᠠᠨ ᠤ ᠪᠧᠢ ᠵᠢᠶᠤᠤ ᠭᠠᠷᠠᠮ ᠠᠴᠠ ᠮᠤᠷᠳᠠᠪᠠ ᠃ ᠡᠳᠡᠭᠡᠷ ᠡᠳ᠋ ᠪᠠᠷᠠᠭ᠎ᠠ ᠶᠢᠨ ᠳᠠᠷᠠᠭ᠎ᠠ ᠱᠧᠨᠵᠧᠨ ᠤ ᠱᠧ | ᠺᠸᠤ ᠭᠠᠷᠠᠮ ᠳᠤ ᠣᠯᠠᠨ ᠤᠯᠤᠰ ᠤᠨ ᠪᠠᠷᠠᠭᠠᠨ ᠤ ᠤᠩᠭᠤᠴᠠᠨ ᠳᠤ ᠰᠠᠭᠤᠵᠤ ᠵᠡᠭᠦᠨ ᠡᠮᠦᠨᠡᠲᠦ ᠠᠽᠢᠶ᠎ᠠ ᠬᠦᠷᠬᠦ | ᠪᠤᠯᠤᠨ᠎ᠠ ᠃ | ︽ᠪᠥᠬᠦ ᠶᠠᠪᠤᠴᠠ ᠶᠢ ᠵᠥᠪᠬᠡᠨ ᠪᠧᠢ ᠵᠢᠶᠤᠤ ᠭᠠᠷᠠᠮ ᠳᠤ ︿ᠨᠢᠭᠡ ᠤᠳᠠᠭ᠎ᠠ ᠪᠣᠭᠤᠮᠲᠠ ᠳᠤ ᠮᠡᠳᠡᠭᠦᠯᠪᠡᠯ﹀ | ᠳᠠᠷᠤᠢ ᠲᠠᠩᠭᠢᠰ ᠲᠤ ᠭᠠᠷᠴᠤ ᠪᠣᠯᠤᠨ᠎ᠠ ᠂ ᠮᠥᠷᠡᠨ ᠲᠠᠩᠭᠢᠰ ᠢ ᠬᠤᠯᠪᠣᠭᠠᠯᠠᠨ ᠲᠡᠭᠡᠭᠡᠪᠦᠷᠢᠯᠡᠵᠦ ᠪᠠᠶᠢᠭ᠎ᠠ ᠪᠠᠷᠠᠭᠠᠨ ᠤ | ᠭᠦᠢᠯᠭᠡᠭᠡᠨ ᠤ ᠬᠦᠴᠦᠨ ᠲᠠᠢ ᠬᠤᠭᠤᠴᠠᠭ᠎ᠠ ᠶᠢ ᠥᠩᠭᠡᠷᠡᠭᠰᠡᠨ ᠤ 5 — 7 ᠡᠳᠦᠷ ᠢ 2 — 3 ᠡᠳᠦᠷ ᠪᠣᠯᠭᠠᠨ | ᠪᠣᠭᠤᠨᠢᠰᠬᠠᠨ᠎ᠠ︾ ᠃ ᠴᠢᠷᠭ᠎ᠠ ᠴᠢᠷᠦᠭᠦᠯ ᠣᠩᠭᠤᠴᠠ ᠮᠧᠢ ᠳ᠋ᠢ ᠪᠦᠯᠦᠭᠯᠡᠯ ᠤᠨ ᠪᠣᠭᠤᠮᠲᠠ ᠶᠢᠨ ᠶᠠᠪᠤᠳᠠᠯ ᠤᠨ | ᠳᠠᠭᠠᠭᠠᠮᠠᠯ ᠯᠢ ᠬᠤᠢ ᠬᠤᠸᠠ ᠴᠢᠷᠠᠢ ᠳᠦᠭᠦᠷᠡᠩ ᠪᠠᠶᠠᠷᠲᠠᠢ ᠂ ᠪᠤᠭᠤᠮᠲᠠ ᠶᠢᠨ ᠪᠠᠶᠢᠴᠠᠭᠠᠨ ᠰᠢᠯᠭᠠᠬᠤ ᠭᠠᠷ | ᠭᠦᠢᠴᠡᠳᠭᠡᠯ ᠢ ᠬᠢᠭᠦ ᠦᠶ᠎ᠡ ᠳᠤ ᠂ ᠯᠢ ᠬᠤᠢ ᠬᠤᠸᠠ ᠨᠢᠬᠡᠨᠲᠡ ᠵᠦᠩ ᠶᠤᠸᠠᠨ ᠲᠠᠯᠠᠢ ᠶᠢᠨ ᠲᠡᠬᠡᠬᠡᠪᠦᠷᠢ ᠶᠢᠨ | ᠪᠦᠯᠦᠭᠯᠡᠯ ᠤᠨ ᠤᠯᠠᠨ ᠤᠯᠤᠰ ᠤᠨ ᠪᠠᠷᠠᠭᠠᠨ ᠤ ᠣᠩᠭᠤᠴᠠ ᠪᠠ ᠦᠷᠦᠬᠡ ᠶᠢ ᠵᠠᠬᠢᠶᠠᠯᠠᠵᠤ ᠂ ︽ᠴᠠᠭᠠᠨ ᠰᠠᠷ᠎ᠠ | ᠤᠳᠠᠯ ᠦᠭᠡᠢ ᠬᠦᠷᠴᠦ ᠢᠷᠡᠭᠦ ᠦᠶ᠎ᠡ ᠳᠤ ᠂ ᠭᠠᠲᠠᠭᠠᠲᠦ ᠳᠤ ᠭᠠᠷᠭᠠᠬᠤ ᠱᠠᠭᠠᠷᠲᠠᠯᠭ᠎ᠠ ᠳᠦᠷᠬᠡᠨ ᠢᠶᠠᠷ ᠨᠡᠮᠡᠭᠲᠡᠵᠦ ᠂ | ᠬᠠᠮ ᠭᠠᠷᠠᠮ ᠤᠨ ᠵᠠᠭᠪᠤᠷ ᠢᠶᠠᠷ ᠲᠠᠮᠵᠢᠭᠤᠯᠤᠨ ᠪᠠᠷᠠᠭ᠎ᠠ ᠱᠧ ᠺᠸᠤ ᠭᠠᠷᠠᠮ ᠳᠤ ᠬᠦᠷᠦᠭᠰᠡᠨ ᠤ ᠲᠠᠷᠠᠭ᠎ᠠ ᠰᠢᠭᠤᠳ | ᠤᠩᠭᠤᠴᠠᠨ ᠳᠤ ᠠᠴᠢᠶᠠᠯᠠᠨ ᠦᠭᠴᠦ ᠪᠤᠯᠤᠨ᠎ᠠ ᠂ ᠪᠢᠳᠡᠨ ᠤ ᠣᠩᠭᠤᠴᠠᠨ ᠤ ᠬᠤᠭᠤᠴᠠᠭ᠎ᠠ ᠶᠢ ᠵᠠᠪᠳᠤᠨ | ᠠᠳᠬᠤᠬᠤ ᠳᠤ ᠶᠡᠭᠡ ᠬᠠᠪᠰᠤᠷᠤᠯᠭ᠎ᠠ ᠪᠣᠯᠵᠠᠢ︾ ᠭᠡᠪᠡ ᠃ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠂ ᠪᠣᠭᠤᠮᠲᠠ ᠪᠠᠷ ᠥᠩᠭᠡᠷᠡᠬᠦ ᠵᠠᠭᠪᠤᠷ ᠤᠨ | ᠥᠭᠡᠷᠡᠴᠢᠯᠡᠯᠲᠡ ᠨᠢ ᠪᠠᠷᠠᠭᠠᠨ ᠤ ᠭᠦᠢᠯᠭᠡᠭᠡᠨ ᠤ ᠴᠠᠭ ᠢ ᠨᠠᠩ ᠡᠵᠡᠮᠳᠡᠵᠦ ᠴᠢᠳᠠᠬᠤ ᠪᠠᠷ ᠪᠠᠷᠠᠬᠤ ᠥᠬᠡᠶ ᠂ ᠪᠠᠰᠠ | ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠪᠠ ᠃ ᠯᠢ ᠬᠤᠢ ᠬᠤᠸᠠ | ᠲᠠᠨᠢᠯᠴᠠᠭᠤᠯᠤᠭᠰᠠᠨ ᠨᠢ ᠂ 2024 ᠣᠨ ᠤ ᠪᠥᠬᠦ ᠵᠢᠯ ᠳᠤ ᠂ ᠮᠧᠶ ᠳ᠋ᠢ ᠪᠦᠯᠦᠭᠯᠡᠯ ᠤᠨ ᠬᠡᠷ ᠤᠨ ᠴᠠᠬᠢᠯᠭᠠᠨ ᠬᠡᠷᠡᠭᠰᠡᠯ | ᠨᠢᠭᠡᠨᠲᠡ 4.8 ᠲᠦᠮᠡᠨ ᠪᠠᠷᠢᠮᠵᠢᠶᠠᠲᠤ ᠬᠠᠶᠢᠷᠴᠠᠭ ᠢ ᠭᠠᠳᠠᠭᠠᠳᠤ ᠳᠤ ᠭᠠᠷᠭᠠᠵᠤ ᠂ ᠴᠥᠮ ︽ᠭᠤᠸᠠᠩᠳᠦ᠋ᠩ | ᠰᠢᠶᠠᠩᠭᠠᠩ ᠤᠤᠮᠧᠨ ᠤ ᠬᠠᠮ ᠭᠠᠷᠠᠮ︾ ᠤᠨ ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠵᠦ ᠂ ᠶᠡᠷᠦᠩᠬᠡᠶᠢᠯᠡᠭᠰᠡᠨ | ᠥᠪᠡᠷ ᠤᠨ ᠥᠷᠲᠡᠭ ᠢ 120 ᠭᠠᠷᠤᠶ ᠲᠦᠮᠡᠨ ᠲᠥᠭᠦᠷᠢᠭ ᠠᠷᠪᠢᠯᠠᠪᠠ ᠃ | ︽ᠮᠤᠵᠢ ᠶᠢᠨ ᠳᠣᠲᠣᠷᠠᠬᠢ ᠡᠯ᠎ᠡ ᠰᠢᠭᠤᠳ ᠬᠠᠷᠢᠶ᠎ᠠ ᠪᠣᠭᠤᠮᠲᠠ ᠲᠠᠢ ᠬᠠᠮᠵᠢᠯᠴᠠᠨ ᠬᠢᠨᠠᠨ ᠬᠠᠮᠢᠶᠠᠷᠬᠤ ᠪᠠᠷ | ᠳᠠᠮᠵᠢᠭᠤᠯᠤᠨ ᠂ ᠪᠢᠳᠡ ᠰᠢᠶᠠᠩᠭᠠᠩ ᠤᠨ ᠡᠳ᠋ ᠪᠠᠷᠠᠭ᠎ᠠ ᠶᠢᠨ ᠪᠣᠭᠤᠮᠲᠠ ᠳᠤ ᠮᠡᠳᠡᠭᠦᠯᠬᠦ ᠂ ᠪᠤᠴᠠᠭᠠᠬᠤ ᠬᠠᠶᠢᠷᠴᠠᠭ ᠢ | ᠲᠤᠰᠢᠶᠠᠬᠤ ᠂ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠵᠡᠷᠭᠡ ᠭᠤᠭᠴᠤᠭ᠎ᠠ ᠶᠢ ᠮᠥᠷᠡᠨ ᠳᠠᠭᠠᠤ ᠶᠢᠨ | ᠡᠯ᠎ᠡ ᠭᠠᠷᠠᠮ ᠳᠤ ᠬᠦᠷᠲᠡᠯ᠎ᠡ ᠤᠷᠲᠤᠳᠬᠠᠵᠤ ᠂ ᠭᠠᠷᠠᠮ ᠤᠨ ᠬᠤᠭᠤᠷᠣᠨᠳᠣ ᠵᠣᠭᠰᠣᠭᠠᠬᠤ ᠂ ᠣᠪᠣᠭᠠᠯᠠᠬᠤ ᠲᠠᠯᠠᠪᠠᠶ ᠂ | ᠠᠶᠠᠯᠠᠯ ᠤᠨ ᠱᠤᠭᠤᠮ ᠵᠡᠷᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ ᠂ ᠡᠳ᠋ ᠪᠠᠷᠠᠭ᠎ᠠ ᠶᠢ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠡᠯ᠎ᠡ ᠭᠠᠷᠠᠮ ᠤᠨ ᠬᠤᠭᠤᠷᠣᠨᠳᠣ ︿ᠪᠦᠬᠦᠯᠢ | ᠡᠳᠦᠷ﹀ ᠤᠨ ᠤᠰᠤᠨ ᠵᠠᠮ ᠤᠨ ᠲᠣᠬᠢᠷᠠᠭᠤᠯᠤᠯᠲᠠ ᠬᠢᠵᠦ ᠂ ᠮᠥᠷᠡᠨ ᠲᠠᠩᠭᠢᠰ ᠤᠨ ᠬᠤᠭᠤᠷᠣᠨᠳᠣ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠪᠡ ᠃ ᠱᠧᠨᠵᠧᠨ ᠤ ᠪᠤᠭᠤᠮᠲᠠ ᠶᠢᠨ ᠬᠢᠨᠠᠨ ᠬᠠᠮᠢᠶᠠᠷᠬᠤ ᠭᠠᠵᠠᠷ ᠤᠨ ᠳᠡᠳ᠋ ᠲᠠᠷᠤᠭ᠎ᠠ ᠯᠢᠨ | ᠬᠤᠤ ᠢᠤᠢ ᠬᠡᠯᠡᠭᠦ ᠳᠤ ᠪᠠᠨ ᠂ ᠤᠲᠤᠬᠠᠨ ᠳᠤ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠤᠷᠤᠨ ᠤ | ᠲᠤᠲᠤᠷᠠᠭᠢ 9 ᠬᠤᠲᠠ ᠶᠢ ᠪᠦᠭᠦᠨ ᠢ ᠬᠠᠮᠤᠷᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠂ ᠪᠠᠰᠠ | ᠰᠠᠴᠣᠷᠠᠯᠲᠠ ᠶᠢᠨ ᠬᠡᠮᠵᠢᠶ᠎ᠠ ᠪᠠᠨ ᠭᠤᠸᠠᠩᠲᠦ᠋ᠩ ᠤᠨ ᠵᠡᠭᠦᠨ ᠬᠡᠰᠡᠭ ᠂ ᠭᠤᠸᠠᠩᠲᠦ᠋ᠩ ᠤᠨ ᠪᠠᠷᠠᠭᠤᠨ ᠬᠡᠰᠡᠭ ᠤᠨ | ᠭᠠᠵᠠᠷ ᠤᠷᠤᠨ ᠳᠤ ᠬᠦᠷᠲᠡᠯ᠎ᠡ ᠦᠷᠭᠦᠯᠵᠢᠯᠡᠭᠦᠯᠵᠦ ᠂ ︽ᠱᠧᠨᠵᠧᠨ ᠤ ᠱᠧ ᠺᠸᠤ ᠭᠠᠷᠠᠮ — ᠰᠢᠶᠠᠨ ᠲᠸᠤ | ᠭᠤᠸᠠᠩᠳᠦ᠋ᠩ ᠰᠢᠶᠠᠩᠭᠠᠩ ᠣᠣᠮᠧᠨ︾ ᠂ ︽ᠱᠧᠨᠵᠧᠨ ᠶᠠᠨ ᠲᠢᠶᠠᠨ ᠭᠠᠷᠠᠮ — ᠹᠦᠸᠧ ᠱᠠᠨ ᠪᠸᠢ ᠵᠢᠶᠤᠤ ᠭᠠᠷᠠᠮ | ︾ ᠵᠡᠷᠬᠡ ᠵᠠᠮ ᠱᠤᠭᠤᠮ ᠢ ᠨᠡᠬᠡᠬᠡᠵᠦ ᠂ ᠭᠠᠲᠠᠭᠠᠲᠦ ᠠᠴᠠ ᠤᠷᠤᠭᠤᠯᠵᠤ ᠭᠠᠲᠠᠭᠠᠲᠦ ᠳᠤ ᠭᠠᠷᠭᠠᠬᠤ 5000 ᠭᠠᠷᠤᠢ | ᠠᠵᠤ ᠠᠬᠤᠶᠢᠯᠠᠯ ᠤᠨ ᠦᠪᠡᠷ ᠤᠨ ᠦᠷᠲᠡᠭ ᠨᠢ 3 ᠳ᠋ᠦᠩᠰᠢᠭᠤᠷ ᠳᠦᠭᠦᠷᠢᠭ ᠠᠴᠠ ᠲᠠᠪᠠᠵᠠᠢ ᠃ | ︽ᠭᠤᠸᠠᠩᠳᠦ᠋ᠩ ᠰᠢᠶᠠᠩᠭᠠᠩ ᠣᠣᠮᠧᠨ︾ ᠤ ᠬᠡᠪ ᠵᠠᠭᠪᠤᠷ ᠳᠣᠣᠷ᠎ᠠ ᠂ ᠮᠸᠢ ᠳ᠋ᠢ ᠪᠦᠯᠦᠭᠯᠡᠯ ᠨᠢ ᠵᠦᠩ | ᠶᠤᠸᠠᠨ ᠳᠠᠯᠠᠢ ᠶᠢᠨ ᠲᠡᠭᠡᠭᠡᠪᠦᠷᠢ ᠂ ᠳᠤᠮᠳᠠᠳᠤ ᠭᠠᠳᠠᠭᠠᠳᠤ ᠶᠢᠨ ᠲᠡᠭᠡᠭᠡᠪᠦᠷᠢ ᠵᠡᠷᠭᠡ ᠤᠰᠤᠨ ᠲᠡᠭᠡᠭᠡᠪᠦᠷᠢ ᠶᠢᠨ ᠠᠵᠤ | ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ ᠂ ᠴᠢᠩᠭᠡᠯᠢᠭ ᠤᠨ | ᠲᠡᠭᠡᠭᠡᠪᠦᠷᠢ ᠂ ᠬᠠᠩᠭᠠᠯᠭ᠎ᠠ ᠶᠢᠨ ᠬᠡᠯᠬᠢᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠂ ᠪᠠᠷᠠᠭᠠᠨ ᠤ ᠭᠦᠢᠯᠭᠡᠭᠡᠨ ᠤ | ᠠᠦ᠋ᠲ᠋ᠣᠴᠢᠯᠠᠯᠲᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ ᠂ ᠪᠠᠷᠠᠭᠠᠨ ᠤ ᠭᠦᠢᠯᠭᠡᠭᠡᠨ ᠤ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠪᠠ ᠃ | ᠨᠢᠳᠤᠨᠤᠨ ᠤ ᠲᠦᠷᠦᠭᠦᠸ 11 ᠰᠠᠷ᠎ᠠ ᠳᠤ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ | 39.4% ᠪᠠᠷ ᠨᠡᠮᠡᠭᠳᠡᠵᠦ ᠂ ᠴᠦᠩᠴᠢᠩ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ︽ | ᠲᠡᠯᠡᠶ ᠳᠤ ᠭᠠᠷᠬᠤ︾ ᠶᠢ ᠲᠦᠷᠭᠡᠳᠬᠡᠪᠡ | ᠵᠢᠮᠢᠰ ᠤᠬᠢᠶᠠᠬᠤ ᠂ ᠢᠯᠭᠠᠬᠤ ᠂ ᠪᠤᠭᠤᠳᠠᠯᠯᠠᠬᠤ ᠪᠠᠨ ᠳᠦᠷᠬᠡᠳᠬᠡᠪᠡ ᠁ ᠴᠦᠩᠴᠢᠩ ᠬᠤᠲᠠ ᠶᠢᠨ | ᠲᠦᠩ ᠨᠠᠨ ᠲᠣᠭᠤᠷᠢᠭ ᠲᠤ ᠪᠠᠶᠢᠭ᠎ᠠ ᠯᠸᠢ ᠱᠤ᠋ ᠵᠢᠮᠢᠰ ᠤᠨ ᠬᠢᠵᠠᠭᠠᠷᠲᠤ ᠺᠣᠮᠫᠠᠨᠢ ᠳᠤ ᠂ ᠨᠢᠭᠡ ᠬᠠᠶᠢᠷᠴᠠᠭ ᠰᠢᠨ᠎ᠡ | ᠰᠣᠷᠭᠤᠭ ᠨᠢᠮᠪᠡᠭᠡ ᠶᠢ ᠲᠡᠷᠢ ᠲᠡᠭᠰᠢ ᠲᠠᠯᠪᠢᠵᠤ ᠂ ᠤᠳᠠᠯ ᠥᠬᠡᠶ ᠲᠡᠭᠡᠭᠡᠪᠦᠷᠢᠯᠡᠨ ᠬᠦᠷᠭᠡᠬᠦ ᠭᠡᠵᠦ ᠪᠠᠶᠢᠨ᠎ᠠ ᠃ ︽ | ᠨᠢᠳᠤᠨᠤᠨ ᠭᠠᠳᠠᠭᠠᠳᠤ ᠭᠠᠷᠭᠠᠯᠲᠠ ᠶᠢᠨ ᠪᠠᠶᠢᠳᠠᠯ ᠰᠠᠶᠢᠨ ᠂ ᠪᠢᠳᠡ 240 ᠴᠢᠩᠭᠡᠯᠢᠭ ᠂ 6700 ᠭᠠᠷᠤᠢ ᠲᠣᠨ | ᠲᠠᠷᠬᠠᠭᠠᠵᠠᠶ︾ ᠭᠡᠵᠦ ᠺᠤᠮᠫᠠᠨᠢ ᠶᠢᠨ ᠬᠠᠷᠢᠭᠤᠴᠠᠯᠭᠠᠲᠠᠨ ᠬᠤ᠋ ᠽᠠᠢ ᠶᠠᠩ ᠲᠠᠨᠢᠯᠴᠠᠭᠤᠯᠪᠠ ᠃ | ᠲᠦᠩ ᠨᠠᠨ ᠲᠣᠭᠤᠷᠢᠭ ᠨᠢᠮᠪᠡᠭᠡ ᠶᠡᠭᠡ ᠤᠷᠭᠤᠳᠠᠭ ᠪᠣᠯᠪᠠᠴᠤ ᠵᠢᠮᠢᠰ ᠤᠨ ᠲᠠᠷᠢᠶᠠᠴᠢᠨ ᠪᠣᠯᠤᠨ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠤ ᠲᠤᠷᠰᠢᠯᠭ᠎ᠠ ᠬᠦᠷᠦᠯᠴᠡᠬᠦ ᠦᠭᠡᠢ ᠠᠴᠠ ᠭᠠᠳᠠᠭᠠᠳᠤ ᠳᠤ ᠭᠠᠷᠭᠠᠬᠤ ᠳᠤ ᠲᠡᠶᠢᠮᠦ | ᠬᠢᠯᠪᠡᠷ ᠪᠢᠰᠢ ᠃ ᠬᠤ᠋ ᠽᠠᠢ ᠶᠠᠩ ᠭᠠᠳᠠᠭᠠᠳᠤ ᠳᠤ ᠭᠠᠷᠭᠠᠬᠤ ᠦᠶ᠎ᠡ ᠳᠤ ᠬᠠᠯᠠ ᠠᠮᠰᠠᠵᠤ ᠥᠩᠭᠡᠷᠡᠭᠰᠡᠨ ᠶᠤᠮ — | ᠨᠢᠮᠪᠡᠭᠡ ᠶᠢ ᠲᠡᠮᠦᠷ ᠵᠠᠮ ᠢᠶᠠᠷ ᠭᠠᠳᠠᠭᠠᠳᠤ ᠳᠤ ᠵᠥᠭᠡᠭᠡᠪᠦᠷᠢᠯᠡᠨ ᠠᠪᠠᠴᠢᠬᠤ ᠳᠤ ᠂ ᠬᠢᠵᠢᠭ ᠪᠠᠶᠢᠴᠠᠭᠠᠬᠤ ᠭᠠᠷ | ᠭᠦᠢᠴᠡᠳᠬᠡᠯ ᠨᠢ ᠲᠤᠬᠠᠢ ᠶᠢᠨ ᠭᠠᠵᠠᠷ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠠᠴᠠ ᠪᠣᠯᠵᠤ ᠬᠠᠰᠢᠭᠳᠠᠪᠠ ᠃ | ᠨᠢᠭᠡ ᠭᠡᠨᠡᠳᠡᠪᠡᠯ ᠨᠢᠭᠡ ᠤᠬᠠᠭᠠᠨ ᠣᠷᠣᠳᠠᠭ ᠃ ᠬᠤ᠋ ᠽᠠᠢ ᠶᠠᠩ ᠶᠦᠩ ᠴᠤᠸᠠᠨ ᠪᠣᠭᠤᠮᠲᠠ ᠠᠴᠠ ᠲᠤᠰᠠᠯᠠᠮᠵᠢ | ᠭᠤᠶᠤᠪᠠ ᠂ ᠪᠣᠭᠤᠮᠲᠠ ᠶᠢᠨ ᠪᠠᠶᠢᠴᠠᠭᠠᠬᠤ ᠰᠠᠯᠠᠭᠠᠨ ᠤ ᠳᠠᠷᠤᠭ᠎ᠠ ᠬᠤᠸᠠᠩ ᠮᠧᠩ ᠵᠧᠦ ᠺᠣᠮᠫᠠᠨᠢ ᠳᠤ ᠬᠦᠷᠦᠭᠰᠡᠨ ᠤ | ᠳᠠᠷᠠᠭ᠎ᠠ ᠂ ᠬᠤᠯᠪᠣᠭᠳᠠᠯ ᠪᠦᠬᠦᠢ ᠤᠯᠤᠰ ᠤᠨ ᠬᠢᠵᠢᠭ ᠤᠨ ᠪᠠᠶᠢᠴᠠᠭᠠᠯᠲᠠ ᠶᠢᠨ ᠱᠠᠭᠠᠷᠳᠠᠯᠭ᠎ᠠ ᠂ | ᠲᠥᠯᠥᠪᠵᠢᠭᠦᠯᠭᠡ ᠶᠢᠨ ᠮᠡᠳᠡᠭᠦᠯᠬᠦ ᠶᠠᠪᠤᠴᠠ ᠶᠢ ᠴᠤᠭᠯᠠᠭᠤᠯᠤᠨ ᠡᠮᠬᠢᠳᠭᠡᠪᠡ︔ ᠲᠡᠷᠡᠴᠢᠯᠡᠨ ᠨᠢᠮᠪᠡᠭᠡ ᠰᠣᠷᠭᠤᠭ | ᠵᠢᠮᠢᠰ ᠤᠨ ᠰᠢᠨ᠎ᠡ ᠰᠣᠷᠭᠤᠭ ᠢ ᠪᠠᠲᠤᠯᠠᠬᠤ ᠬᠤᠭᠤᠴᠠᠭ᠎ᠠ ᠨᠢ ᠣᠬᠤᠷ ᠂ ᠴᠢᠨᠠᠷ ᠢ ᠪᠠᠲᠤᠯᠠᠬᠤ ᠱᠠᠭᠠᠷᠳᠠᠯᠭ᠎ᠠ ᠨᠢ | ᠥᠨᠳᠥᠷ ᠂ ᠲᠡᠭᠡᠭᠡᠪᠦᠷᠢ ᠳᠤ ᠦᠯᠦ ᠵᠣᠬᠢᠴᠠᠬᠤ ᠵᠡᠷᠭᠡ ᠣᠨᠴᠠᠯᠢᠭ ᠲᠤ ᠴᠢᠭᠯᠡᠭᠦᠯᠦᠨ ᠂ ᠤᠷᠭᠤᠮᠠᠯ ᠤᠨ ᠬᠢᠵᠢᠭ ᠤᠨ | ᠪᠠᠶᠢᠴᠠᠭᠠᠯᠲᠠ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ︽ᠳᠠᠩᠰᠠᠯᠠᠨ ᠲᠡᠮᠳᠡᠭᠯᠡᠬᠦ — ᠪᠣᠭᠤᠮᠲᠠ ᠳᠤ | ᠮᠡᠳᠡᠭᠦᠯᠬᠦ — ᠬᠠᠷᠢᠶ᠎ᠠ ᠭᠠᠵᠠᠷ ᠤᠨ ᠪᠠᠶᠢᠴᠠᠭᠠᠬᠤ — ᠬᠢᠯᠢ ᠶᠢᠨ ᠪᠣᠭᠤᠮᠲᠠ ᠶᠢᠨ ᠪᠣᠭᠤᠮᠲᠠ ᠴᠡᠪᠡᠷᠯᠡᠬᠦ︾ ᠨᠢᠭᠡ | ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠪᠠ ᠁ | ᠠᠯᠢ ᠣᠯᠠᠨ ︽ᠬᠠᠮ ᠠᠷᠭ᠎ᠠ︾ ᠪᠠᠭᠤᠵᠤ ᠂ ᠯᠸᠢ ᠱᠤ᠋ ᠵᠢᠮᠢᠰ ᠤᠨ ᠳᠠᠯᠠᠢ ᠳᠤ ᠭᠠᠷᠬᠤ ᠵᠠᠮ ᠨᠡᠩ | ᠰᠢᠯᠤᠭᠤᠳᠬᠠᠨ ᠪᠣᠯᠵᠤ ᠂ ᠭᠡᠷ ᠤᠨ ᠡᠭᠦᠳᠡᠨ ᠳᠤ ᠨᠢᠮᠪᠡᠭᠡ ᠶᠢᠨ ᠲᠡᠷᠭᠡ ᠤᠭᠰᠠᠷᠠᠵᠤ ᠂ ᠵᠠᠰᠠᠮᠠᠯ ᠵᠠᠮ ᠢᠶᠠᠷ 3 ᠡᠳᠦᠷ | ᠵᠥᠭᠡᠭᠡᠪᠦᠷᠢᠯᠡᠵᠦ ᠂ ᠸᠢᠶᠧᠲᠨᠠᠮ ᠤᠨ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ 7 ᠡᠳᠦᠷ ᠲᠠᠢ | ᠤᠯᠤᠰ ᠲᠤ ᠬᠦᠷᠴᠦ ᠪᠣᠯᠤᠨ᠎ᠠ ᠃ ᠨᠢᠳᠤᠨᠤᠨ ᠠᠵᠤ ᠠᠬᠤᠶᠢᠯᠠᠯ ᠪᠠᠰᠠ ᠮᠠᠯᠠᠶᠢᠰᠢᠶ᠎ᠠ ᠶᠢᠨ ᠵᠠᠬ᠎ᠠ ᠳᠡᠯᠭᠡᠭᠦᠷ ᠢ | ᠰᠢᠨ᠎ᠡ ᠪᠠᠷ ᠨᠡᠬᠡᠬᠡᠪᠡ ᠃ ︽ᠰᠢᠨ᠎ᠡ ᠰᠢᠷᠭᠤᠭ ᠨᠢᠮᠪᠡᠭᠡ ᠬᠤᠳᠠᠯᠳᠤᠵᠤ ᠭᠠᠷᠬᠤ ᠦᠭᠡᠢ ᠠᠴᠠ ᠵᠤᠪᠠᠭ᠋ᠤ ᠬᠡᠷᠡᠭ ᠦᠭᠡᠢ︾ | ᠭᠡᠵᠦ ᠬᠤ᠋ ᠽᠠᠢ ᠶᠠᠩ ᠬᠡᠯᠡᠪᠡ ᠃ | ᠵᠥᠪᠬᠡᠨ ᠯᠧᠢ ᠱᠤ᠋ ᠵᠢᠮᠢᠰ ᠲᠡᠳᠦᠢ ᠪᠢᠰᠢ ᠂ ᠲᠦᠩ ᠨᠠᠨ ᠳᠤ ᠂ ᠨᠢᠭᠡ ᠪᠦᠯᠦᠭ ᠨᠢᠮᠪᠡᠭᠡ ᠶᠢᠨ ᠠᠵᠤ | ᠠᠬᠤᠶᠢᠯᠠᠯ ᠳᠠᠯᠠᠢ ᠳᠤ ᠭᠠᠷᠬᠤ ᠵᠠᠮ ᠢᠶᠠᠷ ᠵᠠᠮᠨᠠᠪᠠ ᠃ ᠶᠦᠩ ᠴᠤᠸᠠᠨ ᠪᠣᠭᠤᠮᠲᠠ ᠶᠢᠨ ᠬᠢᠨ ᠲᠦᠩ ᠨᠠᠨ | ᠲᠣᠭᠤᠷᠢᠭ ᠤᠨ ᠣᠲᠣ ᠶᠢᠨ ᠪᠠᠶᠢᠭ᠎ᠠ ᠨᠢᠮᠪᠡᠭᠡ ᠳᠠᠷᠢᠬᠤ ᠰᠠᠭᠤᠷᠢᠨ ᠭᠠᠵᠠᠷ ᠢ ᠤᠶᠢᠯᠠᠭᠠᠨ ᠵᠢᠭᠰᠠᠭᠠᠵᠤ ᠂ ︽ᠳᠠᠷᠤᠶ | ᠲᠦᠷᠭᠡᠨ ᠮᠡᠳᠡᠭᠦᠯᠪᠡᠯ ᠳᠠᠷᠤᠢ ᠬᠠᠷᠭᠤᠭᠤᠯᠬᠤ︾ ᠂ ︽ᠲᠥᠪᠯᠡᠷᠡᠭᠦᠯᠦᠨ ᠬᠢᠨᠠᠨ ᠰᠢᠯᠭᠠᠬᠤ︾ ᠪᠠᠷ ᠳᠠᠮᠵᠢᠭᠤᠯᠤᠨ ᠂ | 2024 ᠣᠨ ᠳᠤ ᠰᠢᠨ᠎ᠡ ᠪᠠᠷ ᠨᠡᠮᠡᠭᠳᠡᠭᠰᠡᠨ 12 ᠨᠢᠮᠪᠡᠭᠡ ᠵᠢᠮᠢᠰ ᠤᠨ ᠬᠦᠷᠢᠶᠡᠯᠡᠩ ᠤᠨ ᠭᠠᠳᠠᠭᠠᠳᠤ ᠳᠤ ᠭᠠᠷᠭᠠᠬᠤ | ᠳᠡᠩᠰᠡᠯᠡᠯᠲᠡ ᠶᠢᠨ ᠰᠠᠭᠤᠷᠢᠨ ᠭᠠᠵᠠᠷ ᠢ ᠠᠮᠵᠢᠯᠲᠠ ᠲᠠᠢ ᠠᠬᠢᠭᠤᠯᠵᠤ ᠂ ᠨᠢᠮᠪᠡᠭᠡ ᠰᠢᠨ᠎ᠡ ᠰᠣᠷᠭᠤᠭ ᠵᠢᠮᠢᠰ ᠤᠨ | ᠬᠠᠩᠭᠠᠯᠭ᠎ᠠ ᠶᠢᠨ ᠡᠬᠢ ᠡᠭᠦᠰᠦᠯ ᠢ ᠦᠷᠭᠦᠯᠵᠢᠯᠡᠨ ᠥᠷᠭᠡᠳᠬᠡᠪᠡ︔ ᠪᠠᠰᠠ ᠨᠢᠮᠪᠡᠭᠡ ᠪᠦᠲᠦᠭᠡᠭᠳᠡᠬᠦᠨ ᠳᠤ | ᠵᠦᠷᠢᠶᠡᠴᠢᠯᠡᠭᠰᠡᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠥᠰᠦᠯ ᠲᠣᠭᠲᠠᠭᠠᠵᠤ ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠪᠠᠷᠠᠭᠤᠨ ᠣᠷᠣᠨ ᠤ ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ ᠵᠡᠷᠭᠡ | ᠳᠠᠪᠠᠭᠤᠯᠢᠭ ᠨᠡᠪᠲᠡᠷᠡᠬᠦ ᠵᠠᠮ ᠢ ᠭᠦᠢᠴᠡᠳ ᠠᠰᠢᠭᠯᠠᠵᠤ ᠂ ᠲᠡᠭᠡᠭᠡᠪᠦᠷᠢ ᠶᠢᠨ ᠴᠠᠭ ᠢ ᠪᠦᠲᠦᠮᠵᠢᠲᠡᠶ ᠪᠣᠭᠤᠨᠢᠰᠬᠠᠪᠠ ᠃ | ᠣᠳᠣᠬᠠᠨ ᠳᠤ ᠂ ᠲᠦᠩ ᠨᠠᠨ ᠲᠣᠭᠤᠷᠢᠭ ᠨᠢᠭᠡᠨᠲᠡ ᠡᠯ᠎ᠡ ᠲᠥᠷᠥᠯ ᠤᠨ ᠨᠢᠮᠪᠡᠭᠡ ᠶᠢᠨ ᠡᠵᠡᠩᠨᠡᠯᠲᠡ ᠶᠢᠨ | ᠭᠤᠣᠯ ᠴᠣᠭᠴᠠ ᠶᠢ 360 ᠭᠠᠷᠤᠢ ᠡᠷᠦᠬᠡ ᠪᠣᠶᠢᠵᠢᠭᠤᠯᠵᠤ ᠂ ᠵᠢᠰᠦ ᠭᠤᠶᠣᠯᠠᠬᠤ ᠠᠷᠠᠰᠤ ᠬᠠᠮᠠᠭᠠᠯᠠᠬᠤ ᠡᠳ᠋ ᠂ | ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠪᠤᠨ ᠶᠡᠭᠡ ᠰᠢᠰᠲ᠋ᠧᠮ ᠤᠨ 350 ᠭᠠᠷᠤᠢ ᠵᠦᠢᠯ ᠤᠨ ᠨᠢᠮᠪᠡᠭᠡ ᠶᠢᠨ | ᠦᠢᠯᠡᠳᠬᠦᠨ ᠢ ᠨᠡᠭᠡᠭᠡᠨ ᠭᠠᠷᠭᠠᠵᠤ ᠂ 30 ᠭᠠᠷᠤᠢ ᠤᠯᠤᠰ ᠪᠠ ᠭᠠᠵᠠᠷ ᠣᠷᠣᠨ ᠳᠤ ᠪᠣᠷᠣᠯᠠᠭᠤᠯᠵᠤ ᠪᠠᠶᠢᠨ᠎ᠠ ᠃ | ᠨᠢᠮᠪᠡᠭᠡ ᠠᠴᠠ ᠭᠠᠳᠠᠨ᠎ᠠ ᠂ ᠰᠢᠦ ᠱᠠᠨ ᠤ ᠵᠦᠷᠵᠢ ᠂ ᠦ᠋ ᠱᠠᠨ ᠤ ᠬᠡᠦᠷᠡᠭ ᠵᠦᠷᠵᠢ ᠵᠡᠷᠭᠡ ᠨᠢᠭᠡ ᠪᠦᠯᠦᠭ | ᠲᠠᠷᠢᠶᠠᠯᠠᠩ ᠤᠨ ᠪᠦᠲᠦᠭᠡᠭᠳᠡᠬᠦᠨ ᠪᠠᠰᠠ ︽ᠳᠠᠯᠠᠢ ᠳᠤ ᠭᠠᠷᠬᠤ︾ ᠬᠤᠷᠳᠤᠴᠠ ᠪᠠᠨ ᠲᠦᠷᠭᠡᠳᠭᠡᠪᠡ ᠃ 2024 | ᠣᠨ ᠤ ᠡᠮᠦᠨ᠎ᠡ 11 ᠳ᠋ᠦ᠋ᠭᠡᠷ ᠰᠠᠷ᠎ᠠ ᠳᠤ ᠂ ᠴᠦᠩᠴᠢᠩ ᠤᠨ ᠭᠠᠳᠠᠭᠠᠳᠤ ᠳᠤ ᠭᠠᠷᠭᠠᠬᠤ ᠲᠠᠷᠢᠶᠠᠯᠠᠩ ᠤᠨ | ᠪᠦᠲᠦᠭᠡᠭᠳᠡᠬᠦᠨ ᠨᠢ 39.4% ᠪᠠᠷ ᠨᠡᠮᠡᠭᠳᠡᠪᠡ ᠃ | |