ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠲᠢᠩᠬᠢᠮ ᠤᠨ ᠡᠯ᠎ᠡ | ᠬᠠᠮᠢᠶ᠎ᠠ ᠪᠦᠬᠦᠢ ᠨᠢᠭᠡᠴᠢ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ᠄ | ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ︵ᠠᠯᠪᠠᠨ ᠲᠡᠭᠡᠭᠡᠪᠦᠷᠢ ᠬᠠᠮᠢᠶᠠᠷᠤᠯᠲᠠ ᠵᠠᠬᠢᠳᠠᠯ ﹇2023﹈ 110 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠦᠨᠡᠯᠡᠯᠲᠡ ᠶᠢᠨ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ | ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶ | ᠵᠢᠴᠢ ᠲᠡᠭᠦᠨ ᠤ ᠦᠨᠡᠯᠡᠬᠦ ᠪᠠᠷᠢᠮᠵᠢᠶ᠎ᠠ︾ ︵ᠥᠪᠥᠷ ᠤᠰᠤᠨ ᠲᠡᠭᠡᠭᠡᠪᠦᠷᠢ ᠬᠠᠮᠢᠶᠠᠷᠤᠯᠲᠠ ﹇2022﹈ 121 | ᠳ᠋ᠤᠭᠡᠷ ᠲᠣᠭᠠᠲᠤ︶ ᠶᠣᠰᠣᠭᠠᠷ ᠴᠢᠩᠭ᠎ᠠ ᠬᠢᠨᠠᠨ ᠬᠠᠷᠭᠤᠭᠤᠯᠵᠤ ᠦᠨᠡᠯᠡᠪᠡ᠃ ᠬᠢᠨᠠᠨ ᠪᠠᠶᠢᠴᠠᠭᠠᠯᠲᠠ ᠪᠠᠷ ᠳᠠᠮᠵᠢᠭᠠᠳ | ᠂ 2024 ᠣᠨ ᠳᠤ ᠭᠤᠷᠪᠠᠳᠤᠭᠠᠷ ᠪᠦᠯᠦᠭ ᠤᠨ ᠪᠥᠬᠦ ᠣᠷᠣᠨ ᠳᠤ ᠨᠡᠶᠢᠲᠡ 27 ᠤᠰᠤᠨ ᠠᠰᠢᠭᠯᠠᠯᠲᠠ ᠶᠢᠨ | ᠢᠨᠵᠧᠨᠧᠷᠢᠩ ᠥᠪᠡᠷᠲᠡᠭᠡᠨ ᠵᠠᠰᠠᠬᠤ ᠣᠷᠣᠨ ᠤ ᠰᠢᠯᠭᠠᠨ ᠦᠨᠡᠯᠡᠬᠦ ᠪᠠᠷᠢᠮᠵᠢᠶ᠎ᠠ ᠳᠤ ᠬᠦᠷᠴᠦ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠢᠨᠵᠧᠨᠧᠷᠢᠩ ᠢᠶᠠᠷ ᠮᠠᠭᠠᠳᠯᠠᠨ ᠲᠣᠭᠲᠠᠭᠠᠵᠤ᠂ | ᠡᠳᠦᠭᠡ ᠨᠡᠶᠢᠲᠡᠯᠡᠶ᠎ᠡ ︵ᠳᠠᠭᠠᠯᠳᠤᠭᠤᠯᠤᠯ ᠳᠤ ᠦᠵᠡ︶᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠭᠤᠷᠪᠠᠳᠤᠭᠠᠷ | ᠪᠦᠯᠦᠭ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠪᠠᠷ ᠳᠡᠮᠵᠢᠨ | ᠥᠪᠡᠷᠲᠡᠭᠡᠨ ᠵᠠᠰᠠᠬᠤ ᠣᠷᠣᠨ ᠤ ᠰᠢᠯᠭᠠᠨ ᠦᠨᠡᠯᠡᠬᠦ ᠢᠨᠵᠧᠨᠧᠷᠢᠩ ᠤᠨ ᠨᠡᠷᠡᠰ ᠤᠨ ᠵᠢᠭᠰᠠᠭᠠᠯᠲᠠ .xls | | 2025 ᠣᠨ ᠤ 1 ᠳ᠋ᠤᠭᠡᠷ ᠰᠠᠷ᠎ᠠ ᠶᠢᠨ 15 ᠤ ᠡᠳᠦᠷ | | |