ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠣᠶᠢᠷ᠎ᠠ ᠳᠤ ᠠᠩᠬᠠᠳᠠᠭᠴᠢ ︽ | ᠤᠰᠤᠨ ᠤ ᠡᠷᠬᠡ ᠶᠢᠨ ᠵᠢᠭᠡᠯᠡᠯᠭᠡ︾ ᠶᠢ ᠨᠠᠶᠢᠳᠠᠪᠤᠷᠢᠵᠢᠭᠤᠯᠵᠤ᠂ ᠮᠧᠩ ᠱᠠᠩ ᠪᠠᠩᠬᠢ ᠶᠢᠨ ᠦᠬᠠᠶ ᠶᠢᠨ ᠬᠤᠪᠢᠶᠠᠷᠢ | ᠪᠠᠩᠬᠢ᠂ ᠦᠬᠠᠶ ᠬᠤᠲᠠ ᠶᠢᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠪᠣᠯᠤᠨ | ᠦᠬᠠᠶ ᠶᠢᠨ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠭᠡᠷ᠎ᠡ | ᠲᠣᠭᠲᠠᠵᠤ᠂ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠬᠠᠲᠤᠨ ᠭᠤᠤᠯ ᠤᠨ ᠤᠰᠤᠨ ᠤ | ᠡᠷᠬᠡ ᠪᠠᠨ ᠳᠠᠨᠵᠢᠯᠠᠬᠤ ᠪᠠᠷ ᠳᠠᠮᠵᠢᠨ 24.62 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠦ᠂ ᠨᠡᠶᠢᠲᠡ 500 | ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠤᠰᠤᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ | ᠬᠡᠮᠵᠢᠶᠡᠵᠢᠭᠦᠯᠵᠦ᠂ ᠬᠤᠪᠢᠷᠠᠭᠤᠯᠵᠤ ᠪᠣᠯᠬᠤ ᠶᠢ ᠪᠡᠶᠡᠯᠡᠭᠦᠯᠪᠡ᠃ | ᠦᠬᠠᠢ ᠬᠤᠳᠠ ᠶᠢᠨ ᠬᠢᠨ ︽ᠤᠰᠤᠨ ᠤ ᠡᠷᠬᠡ ᠶᠢᠨ ᠵᠢᠭᠡᠯᠡᠯᠭᠡ︾᠂ ︽ᠤᠰᠤ ᠠᠷᠪᠢᠯᠠᠬᠤ ᠵᠢᠭᠡᠯᠡᠯᠭᠡ︾ ᠶᠢᠨ | ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠦᠨ ᠥᠷᠨᠢᠭᠦᠯᠵᠦ᠂ ᠤᠰᠤ ᠬᠡᠷᠡᠭᠯᠡᠬᠦ ᠡᠷᠬᠡ ᠪᠠᠨ ᠳᠠᠨᠵᠢᠯᠠᠬᠤ ᠪᠠᠷ | ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠤᠨ ᠡᠷᠬᠡ ᠠᠰᠢᠭ ᠤᠨ ᠳᠠᠨᠵᠢᠯᠠᠭ᠎ᠠ ᠲᠠᠢ ᠪᠡᠯᠡ ᠮᠥᠩᠭᠦ | ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠠᠵᠤ ᠠᠬᠤᠢ ᠶᠢᠨ ᠦᠷ᠎ᠡ | ᠠᠰᠢᠭ ᠢ ᠦᠷᠭᠦᠯᠵᠢᠯᠡᠨ ᠠᠭᠤᠳᠠᠯᠵᠤ᠂ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠢ ᠪᠦᠷᠢᠯᠳᠦᠭᠦᠯᠪᠡ᠃ | ︽ᠳᠣᠮᠲᠠᠲᠤ ᠤᠯᠤᠰ ᠤᠨ ᠣᠰᠣᠠ ᠠᠰᠢᠬᠯᠠᠯᠲᠠ ᠶᠢᠨ ᠰᠣᠨᠢᠠ︾ ᠠᠴᠠ ᠰᠢᠯᠵᠢᠭᠦᠯᠪᠡ ᠰᠤᠷᠪᠤᠯᠵᠢᠯᠠᠭᠴᠢ | ᠯᠢ ᠵᠢᠶᠠᠨ ᠭᠦᠸᠧ | |