ᠲᠤᠰ ᠰᠤᠨᠢᠨ ᠪᠡᠬᠡᠵᠢᠩ ᠤᠨ 1 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠠᠲᠡᠭᠡ ︵ | ᠰᠤᠷᠪᠤᠯᠵᠢᠯᠠᠭᠴᠢ ᠲᠦᠩ ᠵᠢᠶᠠᠨ ᠶᠠᠩ︶ ᠰᠤᠷᠪᠤᠯᠵᠢᠯᠠᠭᠴᠢ 2025 ᠤᠨ ᠤ ᠪᠦᠭᠦ ᠤᠯᠤᠰ ᠤᠨ ᠤᠰᠤᠨ | ᠠᠰᠢᠬᠯᠠᠯᠲᠠ ᠶᠢᠨ ᠠᠵᠢᠯ ᠤᠨ ᠬᠤᠷᠠᠯᠲᠤᠭᠠᠨ ᠠᠴᠠ ᠤᠶᠢᠯᠠᠭᠠᠵᠤ ᠮᠡᠲᠡᠭᠰᠡᠨ ᠨᠢ 2024 ᠤᠨ ᠤ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠲᠠ ᠲᠡᠦᠭᠡᠨ ᠰᠢᠨ᠎ᠡ ᠲᠡᠮᠳᠡᠭᠯᠡᠯ ᠢ ᠡᠭᠦᠳᠴᠦ ᠂ | ᠤᠯᠤᠰ ᠤᠨ ᠤᠰᠤᠨ ᠠᠰᠢᠬᠯᠠᠯᠲᠠ ᠶᠢᠨ ᠳᠤᠤᠷ ᠤᠨ ᠴᠢᠬᠤᠯᠠ ᠶᠡᠭᠡ ᠢᠨᠵᠧᠨᠧᠷᠢᠩ 41 ᠳᠦᠷᠦᠯ ᠵᠦᠢᠯ ᠢ | ᠬᠡᠷᠡᠭᠵᠢᠭᠦᠯᠵᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠨᠢ 46967 ᠪᠤᠯᠵᠤ ᠂ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠲᠠ ᠨᠢ 13529 ᠳ᠋ᠦᠩᠰᠢᠭᠤᠷ | ᠳᠦᠭᠦᠷᠢᠭ ᠲᠤ ᠬᠦᠷᠴᠦ ᠂ ᠠᠲᠠᠯᠢ ᠬᠤᠭᠤᠴᠠᠭᠠᠨ ᠠᠴᠠ 12.8% ᠪᠠᠷ ᠨᠡᠮᠡᠭᠲᠡᠵᠦ ᠂ ᠲᠡᠦᠭᠡ ᠶᠢᠨ ᠰᠢᠨ᠎ᠡ | ᠲᠡᠮᠳᠡᠭᠯᠡᠯ ᠢ ᠡᠭᠦᠳᠴᠡᠢ︔ ᠶᠡᠭᠡ ᠬᠡᠪᠴᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ 314.7 | ᠳᠦᠮᠡᠨ ᠬᠦᠮᠦᠨ ᠳᠤ ᠠᠵᠢᠯ ᠤᠯᠭᠤᠵᠤ ᠂ ᠠᠲᠠᠯᠢ ᠬᠤᠭᠤᠴᠠᠭᠠᠨ ᠠᠴᠠ 14.9% ᠪᠠᠷ ᠨᠡᠮᠡᠭᠲᠡᠵᠡᠢ ᠃ | ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯ ᠠᠷᠤᠭ ᠶᠠᠰᠤ ᠪᠠ ᠲᠣᠮᠣ ᠯᠤᠭᠰᠢᠭᠤᠨ | ᠰᠤᠳᠠᠯ ᠢ ᠲᠦᠷᠭᠡᠪᠴᠢᠯᠡᠨ ᠪᠠᠶᠢᠭᠤᠯᠵᠤ ᠂ ᠬᠠᠳᠤᠨ ᠭᠤᠣᠯ ᠤᠨ ᠡᠷᠲᠡᠨ ᠤ ᠮᠡᠷᠭᠡᠳ ᠵᠡᠷᠭᠡ ᠨᠢᠭᠡ ᠪᠦᠯᠦᠭ ᠴᠢᠬᠤᠯᠠ | ᠶᠡᠭᠡ ᠢᠨᠵᠧᠨᠧᠷᠢᠩ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ ᠂ ᠤᠰᠤᠨ ᠠᠰᠢᠭᠯᠠᠯᠲᠠ ᠶᠢᠨ ᠠᠵᠢᠯ | ᠢᠳᠡᠪᠬᠢᠲᠡᠢ ᠠᠬᠢᠴᠠ ᠲᠠᠢ ᠪᠣᠯᠪᠠ ᠃ ᠤᠰᠤᠨ ᠠᠰᠢᠭᠯᠠᠯᠲᠠ ᠶᠢᠨ ᠢᠨᠵᠧᠨᠧᠷᠢᠩ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠵᠦ ᠂ ᠬᠥᠳᠡᠭᠡ ᠲᠣᠰᠬᠤᠨ ᠤ 2.3 ᠲᠦᠮᠡᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ ᠂ ᠬᠥᠳᠡᠭᠡ ᠲᠣᠰᠬᠤᠨ ᠤ 1.1 ᠳ᠋ᠦᠩᠰᠢᠭᠤᠷ ᠬᠥᠮᠦᠨ ᠠᠮᠠ ᠶᠢᠨ ᠤᠰᠤ ᠬᠠᠩᠭᠠᠬᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠪᠦᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ | ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ 94% ᠳᠤ ᠬᠦᠷᠦᠭᠦᠯᠦᠨ᠎ᠡ ᠃ | |