ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠵᠤ ᠣᠷᠣᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2025/1/21
  ︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠰᠢᠯᠢ ᠶᠢᠨ ᠭᠤᠤᠯ ᠠᠶᠢᠮᠠᠭ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ ᠣᠲᠣ 2025 ᠣᠨ ᠤ ᠳᠠᠭᠠᠭᠠᠴᠢᠯᠠᠯᠲᠠ ᠵᠠᠷᠯᠠᠵᠦ ᠣᠷᠣᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ᠃  2. ᠲᠥᠷᠥᠯ ᠵᠦᠢᠯ ᠤᠨ ᠠᠭᠤᠯᠭ᠎ᠠ᠄ 2025 ᠣᠨ ᠤ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃  3. ᠬᠡᠷᠡᠭᠵᠢᠭᠦᠯᠬᠦ ᠴᠠᠭ ᠪᠠ ᠭᠠᠵᠠᠷ᠄ 2025 ᠣᠨ᠂ ᠰᠢᠯᠢ ᠶᠢᠨ ᠭᠤᠣᠯ ᠠᠶᠢᠮᠠᠭ᠃  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃  ᠭᠤᠷᠪᠠ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠵᠦᠢᠯ ᠢ ᠭᠠᠷᠭᠠᠨ ᠦᠵᠡᠭᠦᠯᠵᠦ᠂  ᠬᠠᠭᠤᠯᠪᠤᠷᠢ ᠪᠠ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ  ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ   ᠥᠭᠭᠦᠨ᠎ᠡ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ᠃  4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠤᠶᠢᠷ᠎ᠠ ᠶᠢᠨ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠠᠯ ᠢ ᠬᠠᠩᠭᠠᠨ᠎ᠠ᠃  5. 2023 ᠪᠤᠶᠤ 2024 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠡᠷᠦᠬᠡ ᠶᠢᠨ ᠳᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃  ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠨᠢ 2025 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 14᠄ 30 — 17᠄ 00 ᠴᠠᠭ ᠲᠤ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠲᠠᠪᠤ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ ᠶᠢᠨ ᠨᠡᠷᠡᠶᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ  ᠨᠡᠷ᠎ᠡ ᠮᠡᠳᠡᠭᠦᠯᠬᠦ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠲᠠ ᠶᠢᠨ ᠴᠠᠬᠠᠷ ᠶᠡᠭᠡ ᠵᠡᠭᠡᠯᠢ ᠶᠢᠨ 62 ᠳ᠋ᠤᠭᠠᠷ ᠠᠰᠠᠷ ᠤᠨ 210 ᠳ᠋ᠤᠭᠠᠷ ᠥᠷᠥᠭᠡ  ᠰᠢᠦᠳᠠᠨ ᠨᠣᠮᠧᠷ᠄ 026000  ᠬᠠᠷᠢᠯᠴᠠᠭᠴᠢ᠄ ᠸᠧᠶ ᠬᠤᠤ ᠷᠠᠨ  ᠬᠠᠷᠢᠯᠴᠠᠬᠤ ᠤᠲᠠᠰᠤ᠄ 0479 — 2771766︔15247695406 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号