ᠬᠠᠷᠠᠯᠲᠠ ᠪᠠᠷ ᠠᠵᠢᠯᠯᠠᠭ᠎ᠠ ᠪᠠᠨ ᠬᠥᠲᠥᠯᠥᠨ ᠳᠠᠭᠠᠭᠤᠯᠵᠤ ᠂ ᠲᠡᠮᠡᠴᠡᠯ ᠢᠶᠠᠷ ᠢᠷᠡᠭᠡᠳᠦᠢ ᠪᠠᠨ ᠴᠣᠭᠴᠠᠯᠠᠨ᠎ᠠ ᠃ | ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ ᠥᠪᠥᠷ ᠮᠣᠩᠭᠤᠯ ᠤᠨ 2025 ᠣᠨ ᠤ ᠬᠥᠭᠵᠢᠯᠲᠡ ᠳᠤ | ᠠᠵᠢᠯ ᠤᠨ ᠬᠠᠷᠠᠯᠲᠠ ᠶᠢ ᠲᠣᠳᠣᠷᠬᠠᠶᠢᠯᠠᠵᠤ ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ ᠂ ᠡᠯ᠎ᠡ ᠵᠦᠢᠯ ᠤᠨ | ᠠᠷᠭ᠎ᠠ ᠬᠡᠮᠵᠢᠶ᠎ᠡ ᠨᠢ ᠴᠥᠮ ᠠᠩᠬᠠᠷᠴᠤ ᠪᠠᠶᠢᠭ᠎ᠠ ᠠᠰᠠᠭᠤᠳᠠᠯ ᠢ ᠣᠨᠣᠭᠠᠵᠤ ᠂ ᠢᠲᠡᠭᠡᠯ ᠵᠣᠷᠢᠭ ᠢ ᠳᠠᠮᠵᠢᠭᠤᠯᠤᠨ ᠂ | ᠠᠮᠢᠵᠢᠷᠠᠯ ᠤᠨ ᠬᠦᠴᠦᠨ ᠢ ᠢᠯᠡᠷᠡᠭᠦᠯᠪᠡ ᠃ ᠬᠦᠴᠦᠯᠡᠨ ᠴᠢᠷᠮᠠᠶᠢᠵᠤ ᠪᠠᠶᠢᠭᠠᠳ ︽ᠪᠠᠷᠢᠯᠭ᠎ᠠ ᠶᠢᠨ ᠵᠢᠷᠤᠭ ︾ ᠢ ︽ | ᠪᠣᠳᠠᠲᠤ ᠵᠢᠷᠤᠭ ︾ ᠪᠣᠯᠭᠠᠨ ᠬᠤᠪᠢᠷᠠᠭᠤᠯᠬᠤ ᠳᠤ ᠂ ᠪᠦᠭᠦ ᠣᠷᠣᠨ ᠤ ᠡᠯ᠎ᠡ ᠱᠠᠲᠤᠨ ᠤ ᠬᠢᠨ ᠬᠠᠷᠠᠯᠲᠠ ᠪᠠᠨ | ᠰᠤᠯᠠᠷᠠᠭᠤᠯᠤᠯ ᠦᠭᠡᠢ ᠴᠢᠩᠭ᠎ᠠ ᠠᠳᠬᠤᠵᠤ ᠂ ᠬᠠᠷᠠᠯᠲᠠ ᠶᠢ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠵᠤ ᠂ | ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠤᠷᠤᠭᠰᠢᠯᠠᠵᠤ ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ ᠂ | ᠰᠢᠪᠲᠤᠯᠤᠯᠲᠠ ᠭᠠᠷᠭᠠᠬᠤ ᠬᠡᠷᠡᠭᠲᠡᠢ ᠃ | ᠲᠠᠨᠢᠯᠲᠠ ᠬᠡᠳᠦᠢ ᠲᠣᠳᠣ ᠪᠤᠯᠬᠤ ᠲᠤᠲᠤᠮ ᠦᠢᠯᠡᠳᠦᠯᠭᠡ ᠲᠡᠳᠦᠢ ᠯᠠᠪᠳᠠᠭᠤᠨ ᠪᠠᠲᠤᠲᠠᠢ ᠪᠤᠯᠳᠠᠬ ᠃ ᠡᠨᠡ | ᠵᠢᠯ ᠤᠨ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ ︔ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠦᠷᠢᠳᠬᠡᠯ ᠤᠨ ᠠᠷᠭ᠎ᠠ ᠪᠠᠷ 4% ᠠᠴᠠ ᠳᠡᠭᠡᠭᠰᠢ | ᠨᠡᠮᠡᠭᠳᠡᠭᠦᠯᠦᠨ᠎ᠡ ︔ ᠬᠤᠲᠠ ᠪᠠᠯᠭᠠᠰᠤᠨ ᠤ ᠠᠵᠢᠯ ᠣᠯᠣᠭᠰᠠᠳ ᠢ 18 ᠲᠦᠮᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ ᠂ ᠬᠤᠲᠠ ᠪᠠᠯᠭᠠᠰᠤᠨ ᠤ ᠪᠦᠷᠢᠳᠬᠡᠭᠰᠡᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ | ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ | ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠢᠶᠠᠷ ᠪᠠᠶᠢᠯᠭᠠᠨ᠎ᠠ ︔ ᠤᠯᠤᠰ ᠠᠴᠠ ᠪᠠᠭᠤᠯᠭᠠᠭᠰᠠᠨ ︽ | ᠠᠷᠪᠠᠨ ᠳᠥᠷᠪᠡᠳᠦᠭᠡᠷ ᠲᠠᠪᠤᠨ ᠵᠢᠯ ︾ ᠤᠨ ᠡᠨᠧᠷᠭᠢ ᠶᠢᠨ ᠬᠤᠷᠣᠭᠳᠠᠯ ᠤᠨ ᠡᠷᠴᠢᠮ ᠢ ᠪᠠᠭᠤᠷᠠᠭᠤᠯᠬᠤ ᠬᠠᠷᠠᠯᠲᠠ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠣᠷᠣᠨ ᠳᠠᠶᠠᠭᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ ᠡᠷᠴᠢ ᠪᠠᠨ ᠴᠢᠩᠭᠠᠯᠠᠵᠤ ᠂ ᠪᠦᠭᠦ | ᠬᠦᠴᠦᠨ ᠢᠶᠠᠷ ᠢᠶᠠᠨ ᠴᠢᠷᠮᠠᠶᠢᠵᠤ ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠵᠣᠷᠢᠭ ᠰᠠᠨᠠᠭᠠᠨ ᠤ ᠪᠠᠶᠢᠳᠠᠯ ᠪᠣᠯᠣᠨ | ᠴᠢᠳᠠᠮᠠᠭᠠᠢ ᠬᠢᠵᠦ ᠰᠠᠶᠢᠲᠤᠷ ᠪᠦᠲᠦᠭᠡᠬᠦ ᠠᠵᠢᠯ ᠤᠨ ᠰᠤᠷᠲᠠᠯ ᠢᠶᠠᠷ ︽ᠲᠠᠪᠤᠨ ᠶᠡᠭᠡ ᠡᠭᠦᠷᠭᠡ ︾ ᠶᠢ ᠦᠷᠭᠦᠯᠵᠢᠯᠡᠨ | ᠪᠡᠶᠡᠯᠡᠭᠦᠯᠵᠦ ᠂ ︽ᠵᠢᠷᠭᠤᠭᠠᠨ ᠢᠨᠵᠧᠨᠧᠷᠢᠩ ︾ ᠢ ᠦᠷᠭᠦᠯᠵᠢᠯᠡᠨ ᠬᠡᠷᠡᠭᠵᠢᠭᠦᠯᠵᠦ ᠂ ︽ ᠵᠢᠷᠭᠤᠭᠠᠨ ᠠᠵᠢᠯᠯᠠᠭ᠎ᠠ ︾ | ᠶᠢ ᠭᠦᠨᠵᠡᠭᠡᠢ ᠥᠷᠨᠢᠭᠦᠯᠵᠦ ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠃ | ᠬᠥᠲᠥᠯᠪᠦᠷᠢ ᠶᠢ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠬᠥᠭᠵᠢᠭᠦᠯᠬᠦ ᠶᠠᠪᠤᠳᠠᠯ | ᠮᠢᠩᠭ᠎ᠠ ᠲᠦᠮᠡᠨ ᠵᠦᠢᠯ ᠳᠤ ᠬᠤᠯᠪᠣᠭᠳᠠᠵᠤ ᠂ ᠬᠥᠭᠵᠢᠭᠦᠯᠬᠦ ᠨᠥᠬᠦᠴᠡᠯ ᠤᠳ ᠨᠢ ᠶᠡᠭᠡ ᠵᠥᠷᠢᠶ᠎ᠡ ᠲᠠᠢ ᠪᠠᠶᠢᠳᠠᠭ ᠂ | ᠬᠠᠷᠠᠯᠲᠠ ᠪᠠᠨ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠬᠤ ᠭᠡᠪᠡᠯ ᠪᠣᠳᠠᠲᠠᠢ ᠠᠳᠬᠤᠵᠤ ᠂ ᠨᠠᠷᠢᠨ ᠠᠳᠬᠤᠵᠤ ᠂ | ᠯᠠᠪᠳᠠᠭᠤᠨ ᠪᠠᠲᠤᠲᠠᠢ ᠠᠳᠬᠤᠬᠤ ᠬᠡᠷᠡᠭᠲᠡᠢ ᠂ ︽ᠬᠤᠭᠤᠰᠤᠨ ︾᠂ ︽ᠬᠡᠶᠢᠰᠪᠦᠷᠢ ︾᠂ ︽ᠪᠦᠳᠦᠭᠦᠯᠢᠭ ︾ | ᠣᠷᠣᠵᠤ ᠪᠤᠯᠬᠤ ᠦᠭᠡᠢ ᠃ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠠᠳᠬᠤᠵᠤ ᠂ ᠠᠷᠭ᠎ᠠ | ᠪᠦᠭᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠣᠶᠢᠵᠢᠭᠤᠯᠤᠨ ᠬᠥᠭᠵᠢᠭᠦᠯᠵᠦ ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠨ ᠪᠠᠶᠢᠭᠤᠯᠵᠤ ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠨ | ᠪᠦᠲᠦᠭᠡᠨ ᠪᠠᠶᠢᠭᠤᠯᠤᠭᠰᠠᠨ ᠴᠤ ᠲᠡᠷᠡ ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ | ᠪᠣᠯᠭᠠᠨ ᠴᠣᠭᠴᠠᠯᠠᠵᠤ ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ | ᠰᠢᠢᠳᠪᠦᠷᠢᠯᠡᠵᠦ ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠵᠦ ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠭᠰᠠᠨ ᠴᠤ ᠲᠡᠷᠡ ᠂ ᠡᠳᠡᠭᠡᠷ ᠠᠵᠢᠯ ᠢ ᠰᠠᠶᠢᠲᠤᠷ ᠬᠢᠵᠦ | ᠯᠠᠪᠳᠠᠭᠤᠨ ᠪᠠᠲᠤᠲᠠᠢ ᠬᠢᠬᠦ ᠳᠤ ᠂ ᠡᠯ᠎ᠡ ᠱᠠᠲᠤ ᠡᠯ᠎ᠡ ᠭᠠᠵᠠᠷ ᠤᠨ ᠬᠢᠨ ᠡᠷᠬᠡᠪᠰᠢ ᠪᠣᠳᠠᠲᠠᠢ ᠳᠤ ᠰᠠᠭᠤᠷᠢᠯᠠᠨ ᠂ | ᠢᠳᠡᠪᠬᠢᠲᠡᠢ ᠰᠦᠪᠡᠭᠴᠢᠯᠡᠵᠦ ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠵᠦᠢᠯ | ᠪᠦᠭᠦᠨ ᠢ ᠬᠤᠪᠢᠶᠠᠷᠢᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠤᠨᠢᠨ ᠳᠡᠭᠡᠷ᠎ᠡ ᠨᠢ ᠬᠦᠴᠦᠯᠡᠵᠦ ᠂ | ᠬᠠᠷᠠᠯᠲᠠ ᠲᠠᠢ ᠪᠠᠷ ᠠᠬᠢᠭᠤᠯᠵᠤ ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠠᠪᠠᠯᠲᠠ ᠶᠢ | ᠳᠠᠶᠢᠴᠢᠯᠠᠬᠤ ᠬᠡᠷᠡᠭᠲᠡᠢ ᠃ | ᠶᠠᠮᠠᠷᠪᠠ ᠬᠦᠴᠢᠷ ᠠᠰᠠᠭᠤᠳᠠᠯ ᠢ ᠭᠠᠭᠴᠠ ᠬᠦ ᠪᠣᠳᠠᠲᠠᠢ ᠠᠵᠢᠯᠯᠠᠪᠠᠯ ᠰᠠᠶ᠋ᠢ ᠰᠢᠢᠳᠪᠦᠷᠢᠯᠡᠵᠦ ᠴᠢᠳᠠᠨ᠎ᠠ ︔ | ᠠᠯᠢᠪᠠ ᠡᠭᠦᠷᠭᠡ ᠶᠢ ᠭᠠᠭᠴᠠ ᠬᠦ ᠪᠣᠳᠠᠲᠠᠢ ᠬᠢᠵᠦ ᠴᠢᠳᠠᠪᠠᠯ ᠰᠠᠶ᠋ᠢ ᠪᠡᠶᠡᠯᠡᠭᠦᠯᠵᠦ ᠴᠢᠳᠠᠨ᠎ᠠ ᠃ ᠡᠨᠡ ᠵᠢᠯ ᠪᠣᠯ ︽ | ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ ᠂ ᠪᠠᠰᠠ ᠴᠤ ︽ | ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ ᠃ ᠰᠢᠨ᠎ᠡ ᠨᠢᠭᠡᠨ | ᠵᠢᠯ ᠳᠤ ᠡᠷᠴᠢ ᠵᠣᠷᠢᠭ ᠢᠶᠠᠨ ᠬᠥᠪᠴᠢᠯᠡᠨ ᠠᠶᠠᠨ ᠳᠠᠭᠠᠨ ᠳᠠᠭᠢᠨ ᠮᠣᠷᠳᠠᠵᠤ ᠂ ᠪᠦᠭᠦ ᠣᠷᠣᠨ ᠤ ᠳᠡᠭᠡᠷ᠎ᠡ ᠳᠣᠣᠷ᠎ᠠ | ᠱᠠᠲᠤ ᠪᠠᠷ ᠢᠶᠠᠨ ᠨᠢᠳᠦᠨ ᠡᠮᠦᠨᠡᠬᠢ ᠶᠢ ᠠᠳᠬᠤᠬᠤ ᠪᠠ ᠪᠠᠶᠢᠷᠢᠯᠠᠭᠤᠯᠬᠤ ᠂ ᠣᠳᠣᠬᠢ ᠶᠢ ᠠᠳᠬᠤᠬᠤ ᠪᠠ | ᠢᠷᠡᠭᠡᠳᠦᠢ ᠶᠢ ᠲᠥᠯᠥᠪᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ ᠂ ᠠᠯᠢᠪᠠ ᠠᠰᠢᠭᠲᠠᠢ ᠴᠠᠭ ᠲᠣᠭᠢᠶᠠᠯ ᠢ | ᠠᠮᠵᠢᠵᠤ ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ ᠂ ᠣᠨᠣᠴᠠᠲᠠᠢ ᠭᠡᠵᠦ ᠦᠵᠡᠪᠡᠯ ᠱᠠᠯᠠᠪᠳᠠᠨ ᠠᠵᠢᠯᠯᠠᠵᠤ ᠂ | ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠠᠳᠬᠤᠵᠤ ᠂ ᠨᠢᠭᠡ ᠨᠢᠭᠡ ᠠᠯᠬᠤᠮ ᠢᠶᠠᠷ ᠬᠢᠵᠦ ᠂ ᠨᠢᠭᠡ ᠨᠢᠭᠡ ᠵᠠᠩᠭᠢᠯᠠᠭ᠎ᠠ ᠶᠢᠨ | ᠴᠡᠭ ᠢᠶᠠᠷ ᠯᠠᠪᠳᠠᠭᠤᠨ ᠪᠠᠲᠤᠲᠠᠢ ᠠᠬᠢᠭᠤᠯᠵᠤ ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ | ᠬᠡᠷᠡᠭᠲᠡᠢ ᠃ | ᠡᠷᠴᠢ ᠵᠣᠷᠢᠭ ᠢᠶᠠᠨ ᠬᠥᠪᠴᠢᠯᠡᠵᠦ ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠂ ᠪᠣᠳᠠᠲᠠᠢ ᠶᠢ ᠡᠷᠭᠢᠮᠯᠡᠭᠦ | ᠰᠤᠷᠲᠠᠯ ᠢ ᠪᠠᠳᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠬᠤᠶᠠᠷ ᠬᠤᠷᠠᠯ ᠳᠤ | ᠪᠦᠷᠢᠯᠳᠦᠭᠦᠯᠦᠭᠰᠡᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠭᠦ ᠬᠦᠴᠦᠨ ᠢᠶᠠᠷ ᠢᠶᠠᠨ ᠲᠡᠮᠡᠴᠡᠯ ᠤᠨ | ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ ᠂ ᠬᠤᠶᠠᠷ ᠬᠤᠷᠠᠯ ᠠᠴᠠ ᠬᠥᠭᠵᠢᠭᠡᠭᠰᠡᠨ ᠢᠲᠡᠭᠡᠯ ᠵᠣᠷᠢᠭ ᠢ ᠠᠤᠭ᠎ᠠ | ᠶᠡᠭᠡ ᠬᠦᠴᠦᠨ ᠴᠢᠳᠠᠯ ᠪᠣᠯᠭᠠᠨ ᠨᠢᠭᠲᠠᠷᠠᠭᠤᠯᠵᠤ ᠂ ᠬᠠᠷᠠᠯᠲᠠ ᠡᠭᠦᠷᠭᠡ ᠶᠢ ︽ᠴᠠᠭᠠᠰᠤᠨ ᠳᠡᠭᠡᠷ᠎ᠡ ︾ ᠠᠴᠠ | ᠪᠣᠳᠠᠲᠠᠢ ᠳᠤ ᠨᠠᠶᠢᠳᠠᠪᠤᠷᠢᠵᠢᠭᠤᠯᠵᠤ ᠂ ᠲᠦᠷᠦ ᠶᠢᠨ ᠪᠣᠳᠣᠯᠭ᠎ᠠ ᠶᠢᠨ ᠠᠰᠢᠭ ᠢ ᠪᠣᠳᠠᠲᠤ ᠦᠢᠯᠡᠳᠪᠦᠷᠢᠯᠡᠯ ᠤᠨ | ᠬᠦᠴᠦᠨ ᠪᠣᠯᠭᠠᠨ ᠬᠤᠪᠢᠷᠠᠭᠤᠯᠪᠠᠯ ᠂ ᠪᠢᠳᠡ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠱᠠᠲᠤ | ᠥᠭᠰᠥᠨ ᠤᠷᠤᠭᠰᠢᠯᠠᠵᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠵᠤ ᠴᠢᠳᠠᠬᠤ ᠨᠢ ᠯᠠᠪᠲᠠᠢ ᠃ | |