︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠰᠢᠯᠢ ᠶᠢᠨ ᠭᠤᠤᠯ | ᠠᠶᠢᠮᠠᠭ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ ᠣᠲᠣ 2025 | ᠣᠨ ᠤ ᠳᠠᠭᠠᠭᠠᠴᠢᠯᠠᠯᠲᠠ ᠵᠠᠷᠯᠠᠵᠦ ᠣᠷᠣᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠵᠢᠯ ᠢ | ᠥᠷᠨᠢᠭᠦᠯᠵᠦ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ ᠃ | 2. ᠲᠥᠷᠥᠯ ᠵᠦᠢᠯ ᠤᠨ ᠠᠭᠤᠯᠭ᠎ᠠ᠄ 2025 ᠣᠨ ᠤ ᠰᠢᠯᠢ ᠶᠢᠨ ᠭᠤᠣᠯ ᠤᠨ ᠤᠰᠤᠨ ᠰᠢᠨᠵᠢᠯᠡᠭᠡᠨ | ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ | ᠲᠤᠬᠠᠶᠢᠯᠠᠭᠰᠠᠨ ᠠᠵᠢᠯ ᠢ ᠬᠠᠷᠢᠭᠤᠴᠠᠨ᠎ᠠ ᠃ | 3. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠰᠢᠯᠢ ᠶᠢᠨ ᠭᠤᠣᠯ ᠠᠶᠢᠮᠠᠭ ᠃ | ᠬᠤᠶᠠᠷ ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ | ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ | 2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ | ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ | ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃ | ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ | 1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠵᠦᠢᠯ ᠢ ᠭᠠᠷᠭᠠᠨ ᠦᠵᠡᠭᠦᠯᠵᠦ ᠂ | ᠬᠠᠭᠤᠯᠪᠤᠷᠢ ᠪᠠ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ ᠃ | 2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ | ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ | ᠥᠭᠭᠦᠨ᠎ᠡ ᠃ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃ | 4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ | ᠲᠤᠰᠢᠶᠠᠭᠰᠠᠨ ᠭᠡᠷᠡᠴᠢ ᠮᠠᠲ᠋ᠧᠷᠢᠶᠠᠯ ᠂ ᠤᠶᠢᠷ᠎ᠠ ᠶᠢᠨ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ | ᠭᠡᠷᠡᠴᠢ ᠮᠠᠲ᠋ᠧᠷᠢᠠᠯ ᠢ ᠬᠠᠩᠭᠠᠨ᠎ᠠ ᠃ | 5. 2023 ᠪᠤᠶᠤ 2024 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ | ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ | ᠡᠷᠦᠬᠡ ᠶᠢᠨ ᠳᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ | ᠬᠠᠩᠭᠠᠨ᠎ᠠ ᠃ | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ | ᠬᠠᠩᠭᠠᠨ᠎ᠠ ᠃ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ | ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. | gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃ | 8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ | ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ | ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃ | ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠨᠢ | 2025 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ 23 ᠤ | ᠡᠳᠦᠷ ᠪᠣᠯᠲᠠᠯ᠎ᠠ ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ | ᠬᠤᠶᠢᠨ᠎ᠠ 14᠄ 30 — 17᠄ 00 ᠴᠠᠭ ᠲᠤ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃ | ᠲᠠᠪᠤ ᠂ ᠬᠠᠷᠢᠯᠴᠠᠬᠤ ᠠᠷᠭ᠎ᠠ ᠮᠠᠶ᠋ᠢᠭ | ᠨᠢᠭᠡᠴᠢ ᠶᠢᠨ ᠨᠡᠷᠡᠶᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ | ᠬᠤᠪᠢᠶᠠᠷᠢ ᠲᠥᠪ | ᠨᠡᠷ᠎ᠡ ᠮᠡᠳᠡᠭᠦᠯᠬᠦ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠲᠠ ᠶᠢᠨ ᠴᠠᠬᠠᠷ ᠶᠡᠭᠡ | ᠵᠡᠭᠡᠯᠢ ᠶᠢᠨ 62 ᠳ᠋ᠤᠭᠠᠷ ᠠᠰᠠᠷ ᠤᠨ 210 ᠳ᠋ᠤᠭᠠᠷ ᠥᠷᠥᠭᠡ | ᠰᠢᠦᠳᠠᠨ ᠨᠣᠮᠧᠷ᠄ 026000 | ᠬᠠᠷᠢᠯᠴᠠᠭᠴᠢ᠄ ᠸᠧᠶ ᠬᠤᠤ ᠷᠠᠨ | ᠬᠠᠷᠢᠯᠴᠠᠬᠤ ᠤᠲᠠᠰᠤ᠄ 0479 — 2771766︔15247695406 | |