ᠡᠨᠡ ᠬᠦ ᠬᠢᠷᠢ ᠪᠦᠲᠦᠮᠵᠢ ᠶᠢᠨ ᠬᠠᠭᠤᠳᠠᠰᠤ ᠶᠢ ᠪᠣᠯ ᠬᠢᠯᠪᠠᠷ ᠪᠤᠰᠤ ᠪᠠᠷ ᠣᠯᠣᠭᠰᠠᠨ ᠶᠤᠮ ︵ᠥᠨᠥᠳᠥᠷ ᠤᠨ ᠶᠠᠷᠢᠯᠴᠠᠭ᠎ᠠ︶
ᠨᠡᠶᠢᠲᠡᠯᠡᠭᠰᠡᠨ ᠴᠠᠭ᠄
2025/1/21
  2024 ᠣᠨ ᠳᠤ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 134.9 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ᠃ ᠥᠨᠳᠥᠷ ᠰᠠᠭᠤᠷᠢ ᠲᠤᠭ᠎ᠠ ᠳᠡᠭᠡᠷ᠎ᠡ ᠲᠡᠦᠬᠡᠲᠦ ᠴᠢᠨᠠᠷᠲᠠᠢ ᠳᠠᠪᠰᠢᠯᠲᠠ ᠶᠢ ᠪᠡᠶᠡᠯᠡᠭᠦᠯᠪᠡ᠂ ᠡᠨᠡ ᠬᠦ ᠬᠢᠷᠢ ᠪᠦᠲᠦᠮᠵᠢ ᠶᠢᠨ ᠬᠠᠭᠤᠳᠠᠰᠤ ᠶᠢ ᠪᠣᠯ ᠬᠢᠯᠪᠠᠷ ᠪᠤᠰᠤ ᠪᠠᠷ ᠣᠯᠣᠭᠰᠠᠨ ᠶᠤᠮ᠃  2012 ᠣᠨ ᠳᠤ 50 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠶ ᠶᠢᠨ ᠵᠢᠯ ᠪᠦᠷᠢ ᠶᠢᠨ ᠨᠡᠮᠡᠭᠳᠡᠯ ᠨᠢ ᠳᠤᠮᠳᠠ ᠵᠡᠷᠭᠡ ᠶᠢᠨ ᠤᠯᠤᠰ ᠤᠨ ᠠᠵᠤ ᠠᠬᠤᠶ ᠶᠢᠨ ᠪᠠᠶᠢᠳᠠᠯ ᠲᠠᠢ ᠲᠡᠩᠴᠡᠵᠦ᠂ ᠰᠠᠭᠤᠷᠢ ᠨᠢ ᠲᠣᠭᠲᠠᠭᠤᠨ᠂ ᠬᠥᠳᠡᠯᠭᠡᠬᠦ ᠬᠦᠴᠦᠨ ᠨᠢ ᠭᠦᠢᠴᠡᠳ᠂ ︽ᠦᠷᠭᠦᠯᠵᠢᠯᠡᠨ ᠠᠶᠠᠯᠠᠬᠤ ᠴᠢᠳᠠᠪᠤᠷᠢ︾ ᠨᠢ ᠴᠢᠩᠭ᠎ᠠ ᠬᠦᠴᠦᠲᠡᠶ ᠪᠠᠶᠢᠨ᠎ᠠ᠃  ᠥᠨᠳᠥᠷ ᠥᠷᠢᠰᠥᠯᠳᠦᠭᠡᠨ ᠤ ᠳᠣᠣᠷ᠎ᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠤᠪᠤᠷ ᠨᠠᠨᠳᠢᠨ ᠶᠤᠮ᠃ ᠨᠢᠳᠤᠨᠤᠨ ᠤ ᠭᠠᠳᠠᠭᠠᠳᠤ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠤᠯᠤᠰ ᠤᠨ ᠡᠩ ᠤᠨ ᠨᠢᠭᠡᠨ ᠡᠳᠦᠷ᠂ ᠳᠠᠷᠤᠢ 8 ᠲᠦᠮᠡ ᠭᠠᠷᠤᠶ ᠮᠠᠰᠢᠨ ᠲᠡᠷᠭᠡ ᠤᠳᠠᠰᠦᠨ ᠳᠤ ᠭᠠᠷᠴᠦ᠂ 340 ᠲᠦᠮᠡᠨ ᠣᠶᠤᠨᠴᠢ ᠭᠠᠷ ᠤᠲᠠᠰᠤ ᠦᠢᠯᠡᠳᠪᠦᠷᠢ ᠠᠴᠠ ᠭᠠᠷᠴᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠯᠤᠭᠰᠢᠯᠲᠠ᠂ ᠰᠢᠨ᠎ᠡ ᠬᠡᠷᠡᠭᠯᠡᠭᠡᠨ ᠤ ᠬᠠᠮᠲᠤᠯᠢᠭ ᠤᠨ ᠬᠥᠭᠵᠢᠯᠲᠡ ᠶᠢ ᠢᠯᠡᠷᠡᠭᠦᠯᠵᠦ᠂ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃  ᠵᠣᠷᠢᠭᠲᠠᠢ ᠪᠠᠷ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠵᠣᠷᠢᠭᠲᠠᠢ ᠪᠠᠷ ᠬᠦᠴᠢᠷ ᠢ ᠰᠥᠷᠥᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ ᠴᠢᠳᠠᠮᠠᠭᠠᠢ ᠪᠠᠶᠢᠳᠠᠭ᠂ ᠡᠨᠡ ᠪᠣᠯ ᠶᠠᠭ ᠳᠤᠮᠳᠠᠳᠤ ᠤᠯᠤᠰ ᠤᠨ ᠠᠵᠤ ᠠᠬᠤᠢ ᠶᠢᠨ ᠡᠷᠴᠢ ᠵᠣᠷᠢᠭ ᠪᠠ ᠢᠲᠡᠭᠡᠯ ᠵᠣᠷᠢᠭ ᠮᠥᠨ᠃  ᠥᠩᠭᠡᠷᠡᠭᠰᠡᠨ ᠤ ᠶᠠᠪᠤᠳᠠᠯ ᠪᠦᠬᠦᠨ ᠴᠥᠮ ᠣᠷᠣᠰᠢᠯ ᠪᠣᠯᠣᠨ᠎ᠠ᠃ 2025 ᠣᠨ ᠤ ᠰᠢᠨ᠎ᠡ ᠬᠠᠭᠤᠳᠠᠰᠤ ᠨᠢᠭᠡᠨᠲᠡ ᠡᠬᠢᠯᠡᠪᠡ᠃  ᠰᠢᠨ᠎ᠡ ᠵᠢᠯ ᠰᠢᠨ᠎ᠡ ᠠᠭᠤᠷ ᠠᠮᠢᠰᠬᠤᠯ᠃ ᠦᠢᠯᠡᠳᠪᠦᠷᠢᠯᠡᠯ ᠢ ᠦᠵᠡᠬᠦ ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠤᠨ ᠵᠠᠬᠢᠶᠠᠯᠠᠭ᠎ᠠ ᠶᠢᠨ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠵᠦ᠂ ︽ᠰᠠᠶᠢᠨ ᠡᠬᠢᠯᠡᠯᠲᠡ︾ ᠲᠠᠢ ᠪᠣᠯᠬᠤ ᠪᠠᠷ ᠬᠦᠴᠦᠯᠡᠨ ᠴᠢᠷᠮᠠᠶᠢᠨ᠎ᠠ᠃ ᠬᠡᠷᠡᠭᠯᠡᠭᠡ ᠶᠢ ᠦᠵᠡᠬᠦ ᠂ ᠴᠠᠭᠠᠨ ᠰᠠᠷ᠎ᠠ ᠶᠢ ᠪᠠᠷᠠᠭ᠎ᠠ ᠬᠤᠳᠠᠯᠳᠤᠨ ᠠᠪᠬᠤ᠂ ᠮᠦᠰᠦᠨ ᠳᠤ ᠭᠤᠯᠭᠤᠨ ᠨᠠᠭᠠᠳᠬᠤ᠂ ᠰᠢᠨ᠎ᠡ ᠪᠦᠲᠦᠭᠡᠭᠳᠡᠬᠦᠨ ᠢ ᠠᠮᠲᠠᠯᠠᠵᠤ᠂ ᠮᠥᠰᠥ ᠴᠠᠰᠤᠨ ᠤ ᠠᠵᠤ ᠠᠬᠤᠶ᠂ ᠠᠩᠬ᠎ᠠ ᠲᠠᠷᠬᠠᠭᠠᠬᠤ ᠠᠵᠤ ᠠᠬᠤᠶ ᠬᠥᠷ ᠬᠥᠭᠵᠢᠶᠡᠨ ᠲᠠᠢ ᠁  ᠠᠭᠤᠯᠠ ᠨᠢ ᠨᠡᠩ ᠥᠨᠳᠥᠷ᠂ ᠵᠠᠮ ᠨᠢ ᠨᠡᠩ ᠪᠠᠷᠲᠠᠭ᠎ᠠ ᠲᠠᠢ᠂ ᠭᠡᠪᠡᠴᠦ ᠴᠠᠭ ᠪᠤᠯᠤᠨ ᠪᠠᠶᠢᠳᠠᠯ ᠮᠦᠨ ᠬᠦ ᠮᠢᠨᠤ ᠪᠡᠶ᠎ᠡ ᠳᠤ ᠪᠤᠢ᠃ ᠰᠠᠯᠬᠢ ᠡᠶᠡᠪᠡᠷᠭᠦᠦ ᠨᠡᠷᠡᠨ ᠤ ᠤᠴᠢᠷ ᠠᠴᠠ ᠠᠯᠤᠰ ᠤᠨ ᠵᠠᠮ ᠢ ᠰᠣᠩᠭᠤᠭᠰᠠᠨ ᠪᠢᠰᠢ᠂ ᠬᠠᠷᠢᠨ ᠵᠣᠷᠢᠭ ᠰᠢᠭᠤᠳᠤᠨ ᠤᠷᠤᠭᠰᠢᠯᠠᠭᠠᠳ ᠰᠠᠶ᠋ᠢ ᠡᠩᠬᠦᠯ ᠳᠤᠩᠬᠤᠯ ᠵᠠᠮ ᠢ ᠲᠤᠭᠤᠯᠤᠭᠰᠠᠨ ᠶᠤᠮ᠃ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠵᠤ᠂ ᠠᠯᠢᠪᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠨᠢ ᠦᠷᠭᠦᠯᠵᠢᠯᠡᠨ ᠬᠦᠨᠳᠦ ᠶᠡᠭᠡ ᠣᠯᠤᠯᠲᠠ ᠪᠣᠯᠤᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号