︽ᠢᠯᠡ᠂ ᠡᠷᠬᠡ ᠲᠡᠭᠰᠢ᠂ ᠲᠥᠪ ᠭᠤᠣᠯᠴᠢ︾ ᠶᠢᠨ ᠵᠠᠷᠴᠢᠮ ᠶᠣᠰᠣᠭᠠᠷ᠂ ᠤᠯᠠᠭᠠᠨᠴᠠᠪ ᠤᠨ ᠤᠰᠤᠨ | ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ 2025 ᠣᠨ ᠤ ᠳᠠᠭᠠᠭᠠᠴᠢᠯᠠᠯᠲᠠ | ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ᠂ ᠨᠥᠬᠦᠴᠡᠯ ᠳᠤ | ᠨᠡᠶᠢᠴᠡᠭᠰᠡᠨ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ | ᠤᠭᠲᠤᠨ᠎ᠠ᠃ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ᠃ | 2. ᠲᠥᠷᠥᠯ ᠵᠦᠢᠯ ᠤᠨ ᠠᠭᠤᠯᠭ᠎ᠠ᠄ 2025 ᠣᠨ ᠤ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ | ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠠᠵᠠᠷ ᠳᠣᠤᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ᠂ ᠤᠰᠤᠨ | ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ᠂ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠵᠡᠷᠭᠡ | ᠲᠤᠰᠬᠠᠶ ᠪᠠᠯᠠ ᠮᠥᠩᠭᠦ ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠣᠷᠣᠯᠠᠬᠤ ᠲᠤᠬᠠᠶᠢᠯᠠᠭᠰᠠᠨ | ᠠᠵᠢᠯ ᠢ ᠬᠠᠷᠢᠭᠤᠴᠠᠨ᠎ᠠ᠃ | 3. ᠬᠡᠷᠡᠭᠵᠢᠭᠦᠯᠬᠦ ᠴᠠᠭ ᠪᠠ ᠭᠠᠵᠠᠷ᠄ 2025 ᠣᠨ ᠤ ᠤᠯᠠᠭᠠᠨᠴᠠᠪ ᠬᠤᠲᠠ᠃ | ᠬᠤᠶᠠᠷ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ | ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ | 2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ | ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ | ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃ | 3. ᠲᠣᠰ ᠭᠠᠵᠠᠷ ᠤᠨ ᠳᠠᠭᠠᠭᠠᠴᠢᠯᠠᠯᠲᠠ ᠰᠢᠯᠭᠠᠷᠠᠭᠤᠯᠬᠤ ᠲᠣᠰᠬᠠᠢ ᠲᠠᠯᠠᠪᠤᠷ ᠭᠠᠵᠠᠷ ᠵᠢᠴᠢ ᠪᠡᠯᠡᠳᠬᠡᠮᠵᠢ ᠲᠠᠢ | ᠪᠠᠶᠢᠬᠤ ᠬᠡᠷᠡᠭᠲᠡᠢ᠃ | ᠭᠤᠷᠪᠠ᠂ ᠨᠡᠷ᠎ᠡ ᠮᠡᠳᠡᠭᠦᠯᠬᠦ ᠳᠤ ᠴᠢᠬᠤᠯᠠᠲᠠᠢ ᠮᠠᠲ᠋ᠧᠷᠢᠶᠠᠯ | 1. ᠨᠡᠷ᠎ᠡ ᠮᠡᠳᠡᠭᠦᠯᠦᠭᠴᠢ ᠨᠢ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠭᠠᠷᠭᠠᠨ ᠦᠵᠡᠭᠦᠯᠵᠦ᠂ | ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠬᠠᠩᠭᠠᠬᠤ ᠬᠡᠷᠡᠭᠲᠡᠶ᠃ | 2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ | ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ | ᠥᠭᠭᠦᠨ᠎ᠡ︔ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ | 4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠦᠷᠭᠦᠯᠵᠢᠯᠡᠨ | ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠳᠠᠷᠠᠭᠠᠯᠠᠨ ᠭᠠᠶᠢᠯᠢ | ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃ | 5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ | ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ | ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃ | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠶᠢᠨ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ | ᠬᠠᠩᠭᠠᠨ᠎ᠠ᠃ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ | ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠪᠤᠷᠢ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. | gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ︔ | 8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ | ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ | ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃ | ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ | ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ | ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ | ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ | 01 ᠳ᠋ᠦ᠋ᠭᠡᠷ ᠰᠠᠷ᠎ᠠ ᠶᠢᠨ 23 ᠤ ᠡᠳᠦᠷ ᠠᠴᠠ 2025 ᠣᠨ ᠤ 01 ᠳ᠋ᠦ᠋ᠭᠡᠷ ᠰᠠᠷ᠎ᠠ ᠶᠢᠨ 26 ᠤ ᠡᠳᠦᠷ ᠪᠣᠯᠲᠠᠯ᠎ᠠ᠂ | ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 14᠄ | 30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ | ᠨᠡᠷ᠎ᠡ ᠮᠡᠳᠡᠭᠦᠯᠬᠦ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠱᠣ᠋ ᠮᠠ ᠲᠣᠮᠣ ᠠᠰᠠᠷ ᠤᠨ | 19 ᠳ᠋ᠦ᠋ᠭᠡᠷ ᠠᠰᠠᠷ ᠤᠨ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ | ᠲᠥᠪ ᠤᠨ ᠠᠯᠪᠠᠨ ᠭᠡᠷ | ᠰᠢᠦᠳᠠᠨ ᠨᠣᠮᠧᠷ᠄ 012000 | ᠬᠠᠷᠢᠯᠴᠠᠬᠤ ᠬᠥᠮᠦᠨ᠄ ᠵᠠᠩ ᠸᠧᠶ | ᠬᠠᠷᠢᠯᠴᠠᠬᠤ ᠤᠲᠠᠰᠤ᠄ 15504748035 | |