ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ  ᠶᠢ ᠢᠯᠡ ᠪᠠᠷ ᠠᠳᠠᠯᠢᠳᠬᠠᠨ ᠰᠤᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2025/1/23
  ︽ᠢᠯᠡ ᠂ ᠡᠷᠬᠡ ᠲᠡᠭᠰᠢ ᠂ ᠲᠥᠪ ᠭᠤᠣᠯᠴᠢ︾ ᠶᠢᠨ ᠵᠠᠷᠴᠢᠮ ᠶᠣᠰᠣᠭᠠᠷ ᠂ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ ᠂ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ ᠃  ᠨᠢᠭᠡ ᠂ ᠲᠥᠷᠥᠯ ᠵᠦᠢᠯ ᠤᠨ ᠲᠦᠢᠮᠣ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ ᠃  2. ᠲᠥᠷᠥᠯ ᠵᠦᠢᠯ ᠤᠨ ᠠᠭᠤᠯᠭ᠎ᠠ᠄ 2025 ᠣᠨ ᠤ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠠᠵᠠᠷ ᠳᠣᠤᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ ᠂ ᠤᠰᠤᠨ ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ ᠂ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠵᠡᠷᠭᠡ ᠲᠤᠰᠬᠠᠶ ᠪᠠᠯᠠ ᠮᠥᠩᠭᠦ ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠣᠷᠣᠯᠠᠬᠤ ᠲᠤᠬᠠᠶᠢᠯᠠᠭᠰᠠᠨ ᠠᠵᠢᠯ ᠢ ᠬᠠᠷᠢᠭᠤᠴᠠᠨ᠎ᠠ ᠃  3. ᠬᠡᠷᠡᠭᠵᠢᠭᠦᠯᠬᠦ ᠴᠠᠭ ᠪᠠ ᠭᠠᠵᠠᠷ᠄ 2025 ᠣᠨ ᠤ ᠤᠯᠠᠭᠠᠨᠴᠠᠪ ᠬᠤᠲᠠ ᠃  ᠬᠤᠶᠠᠷ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃  3. ᠲᠣᠰ ᠭᠠᠵᠠᠷ ᠤᠨ ᠳᠠᠭᠠᠭᠠᠴᠢᠯᠠᠯᠲᠠ ᠰᠢᠯᠭᠠᠷᠠᠭᠤᠯᠬᠤ ᠲᠣᠰᠬᠠᠢ ᠲᠠᠯᠠᠪᠤᠷ ᠭᠠᠵᠠᠷ ᠵᠢᠴᠢ ᠪᠡᠯᠡᠳᠬᠡᠮᠵᠢ ᠲᠠᠢ ᠪᠠᠶᠢᠬᠤ ᠬᠡᠷᠡᠭᠲᠡᠢ ᠃  ᠭᠤᠷᠪᠠ ᠂ ᠨᠡᠷ᠎ᠡ ᠮᠡᠳᠡᠭᠦᠯᠬᠦ ᠳᠤ ᠴᠢᠬᠤᠯᠠᠲᠠᠢ ᠮᠠᠲ᠋ᠧᠷᠢᠶᠠᠯ  1. ᠨᠡᠷ᠎ᠡ ᠮᠡᠳᠡᠭᠦᠯᠦᠭᠴᠢ ᠨᠢ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠭᠠᠷᠭᠠᠨ ᠦᠵᠡᠭᠦᠯᠵᠦ ᠂ ᠬᠠᠭᠤᠯᠪᠤᠷᠢ ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠬᠠᠩᠭᠠᠬᠤ ᠬᠡᠷᠡᠭᠲᠡᠶ ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ︔  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔  4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠦᠷᠭᠦᠯᠵᠢᠯᠡᠨ ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠳᠠᠷᠠᠭᠠᠯᠠᠨ ᠭᠠᠶᠢᠯᠢ ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠶᠢᠨ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠪᠤᠷᠢ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ︔  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃  ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ ᠂ ᠡᠰᠡ ᠲᠡᠶᠢᠮᠦ ᠪᠣᠯ ᠬᠦᠴᠦᠨ ᠦᠭᠡᠢ ᠃  ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ 01 ᠳ᠋ᠦ᠋ᠭᠡᠷ ᠰᠠᠷ᠎ᠠ ᠶᠢᠨ 23 ᠤ ᠡᠳᠦᠷ ᠠᠴᠠ 2025 ᠣᠨ ᠤ 01 ᠳ᠋ᠦ᠋ᠭᠡᠷ ᠰᠠᠷ᠎ᠠ ᠶᠢᠨ 26 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 14᠄ 30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃  ᠨᠡᠷ᠎ᠡ ᠮᠡᠳᠡᠭᠦᠯᠬᠦ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠱᠣ᠋ ᠮᠠ ᠲᠣᠮᠣ ᠠᠰᠠᠷ ᠤᠨ 19 ᠳ᠋ᠦ᠋ᠭᠡᠷ ᠠᠰᠠᠷ ᠤᠨ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠠᠯᠪᠠᠨ ᠭᠡᠷ  ᠰᠢᠦᠳᠠᠨ ᠨᠣᠮᠧᠷ᠄ 012000  ᠬᠠᠷᠢᠯᠴᠠᠬᠤ ᠬᠥᠮᠦᠨ᠄ ᠵᠠᠩ ᠸᠧᠶ  ᠬᠠᠷᠢᠯᠴᠠᠬᠤ ᠤᠲᠠᠰᠤ᠄ 15504748035 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号