ᠶᠡᠷᠦᠩᠬᠡᠢ ᠱᠦᠵᠢ ᠰᠢ ᠶᠢᠨ ᠫᠢᠩ ᠂ ︽ᠠᠵᠤ ᠠᠬᠤᠢ ᠪᠣᠯᠤᠨ ᠮᠥᠩᠭᠦᠨ ᠭᠦᠢᠯᠭᠡᠭᠡ ᠶᠢ ᠨᠢᠭᠡ ᠬᠥᠯᠭᠡ | ᠰᠢᠳᠠᠷ᠎ᠠ ᠮᠡᠲᠦ ᠪᠠᠶᠢᠯᠭᠠᠬᠤ ᠦᠵᠡᠯ ᠰᠠᠨᠠᠭ᠎ᠠ ᠶᠢ ᠪᠠᠷᠢᠮᠲᠠᠯᠠᠬᠤ︾ ᠂ ︽ᠠᠵᠤ ᠠᠬᠤᠢ ᠪᠣᠯᠤᠨ ᠮᠥᠩᠭᠦᠨ | ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︾ ᠬᠡᠷᠡᠭᠲᠡᠢ ᠭᠡᠵᠦ | ᠴᠢᠬᠤᠯᠠᠴᠢᠯᠠᠪᠠ ᠃ | ᠲᠦᠷᠦᠭᠦᠬᠡᠨ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠳᠠᠷᠠᠭ᠎ᠠ ᠵᠢᠯ ᠤᠨ | ᠠᠵᠤ ᠠᠬᠤᠢ ᠶᠢᠨ ᠠᠵᠢᠯ ᠢ ᠪᠠᠶᠢᠷᠢᠯᠠᠭᠤᠯᠬᠤ ᠳᠤ ᠪᠠᠨ᠄ ︽ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠶ | ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ ᠂ ᠴᠠᠭ ᠲᠤᠬᠠᠢ ᠲᠤᠨᠢ | ᠲᠣᠬᠢᠷᠠᠭᠤᠯᠤᠨ ᠬᠦᠦ ᠮᠥᠩᠭᠦ ᠶᠢᠨ ᠨᠤᠷᠮ᠎ᠠ ᠪᠠᠭᠤᠷᠠᠭᠤᠯᠵᠤ ᠂ ᠭᠦᠢᠯᠭᠡᠭᠡᠨ ᠤ ᠴᠢᠨᠠᠷ ᠤᠨ ᠭᠦᠢᠴᠡᠳ ᠪᠠᠶᠢᠬᠤ ᠶᠢ | ᠪᠠᠲᠤᠯᠠᠵᠤ ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠶᠢ | ᠠᠵᠤ ᠠᠬᠤᠶ ᠶᠢᠨ ᠨᠡᠮᠡᠭᠳᠡᠯ ᠂ ᠦᠨ᠎ᠡ ᠬᠠᠩᠰᠢ ᠶᠢᠨ ᠶᠡᠷᠦᠩᠬᠡᠶ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ | ᠬᠠᠷᠢᠯᠴᠠᠨ ᠵᠣᠬᠢᠴᠠᠯᠳᠤᠨᠠ︾ ᠃ | ᠡᠨᠡ ᠵᠢᠯ ᠂ ᠵᠣᠭᠤᠰᠣᠨ ᠤ ᠲᠥᠷᠥ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠶ ᠂ ᠣᠨᠣᠪᠴᠢᠲᠠᠶ | ᠪᠥᠭᠡᠳ ᠪᠦᠲᠦᠮᠵᠢᠲᠡᠶ ᠪᠠᠶᠢᠯᠭᠠᠵᠤ ᠂ ᠦᠶᠡᠯᠡᠯ ᠢ ᠰᠥᠷᠭᠡᠦ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ ᠂ ᠠᠵᠤ | ᠠᠬᠤᠶ ᠶᠢᠨ ᠳᠡᠭᠡᠭᠰᠢᠯᠡᠵᠦ ᠰᠠᠶᠢᠵᠢᠷᠠᠬᠤ ᠳᠤ ᠲᠣᠬᠢᠷᠠᠮᠵᠢᠲᠠᠶ ᠵᠣᠭᠤᠰ ᠮᠥᠩᠭᠦᠨ ᠭᠦᠢᠯᠭᠡᠭᠡᠨ ᠤ ᠣᠷᠴᠢᠨ ᠠᠬᠤᠶ ᠶᠢ | ᠪᠣᠶ ᠪᠣᠯᠭᠠᠵᠤ ᠥᠭᠪᠡ ᠃ ᠢᠯᠠᠩᠭᠤᠶ᠎ᠠ 9 ᠳ᠋ᠦ᠋ᠭᠡᠷ ᠰᠠᠷ᠎ᠠ ᠠᠴᠠ ᠨᠠᠭᠠᠰᠢ ᠂ ᠠᠯᠢ ᠣᠯᠠᠨ ᠨᠡᠮᠡᠭᠳᠡᠯ ᠤᠨ ᠲᠥᠷᠥ ᠶᠢᠨ | ᠪᠣᠳᠣᠯᠭ᠎ᠠ ᠬᠤᠷᠠᠨ ᠴᠤᠭᠯᠠᠷᠠᠵᠤ ᠂ ᠡᠭᠦᠨ ᠳᠤ ᠮᠥᠩᠭᠦᠨ ᠭᠦᠢᠯᠭᠡᠭᠡᠨ ᠤ ᠠᠯᠢ ᠣᠯᠠᠨ ᠲᠥᠷᠥ ᠶᠢᠨ ᠪᠣᠳᠣᠯᠭ᠎ᠠ | ᠲᠦᠷᠭᠡᠨ ᠢᠶᠠᠷ ᠬᠦᠴᠦᠯᠡᠵᠦ ᠦᠷ᠎ᠡ ᠪᠦᠲᠦᠮᠵᠢ ᠣᠯᠵᠤ ᠂ ᠪᠥᠬᠦ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠪᠡ ᠃ | ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠬᠢᠷᠢ ᠵᠡᠷᠭᠡ ᠨᠠᠶᠢᠳᠠᠪᠤᠷᠢᠵᠢᠭᠤᠯᠤᠭᠰᠠᠨ ᠪᠤᠢ︖ | ᠦᠯᠡᠳᠡᠭᠡᠯ ᠲᠥᠷᠥ ᠶᠢᠨ ᠪᠣᠳᠣᠯᠭ᠎ᠠ ᠯᠤᠭ᠎ᠠ ᠬᠡᠷᠬᠢᠨ ᠬᠠᠮᠵᠢᠯᠴᠠᠨ ᠬᠦᠴᠦᠯᠡᠵᠦ ᠪᠣᠳᠠᠲᠤ ᠴᠣᠭᠴᠠ ᠶᠢᠨ ᠠᠵᠤ | ᠠᠬᠤᠶ ᠶᠢᠨ ᠬᠥᠭᠵᠢᠯᠲᠡ ᠶᠢ ᠨᠠᠩ ᠰᠠᠶᠢᠲᠤᠷ ᠳᠡᠮᠵᠢᠬᠦ ᠪᠣᠶ︖ ᠳᠠᠷᠠᠭ᠎ᠠ ᠠᠯᠬᠤᠮ ᠤᠨ ᠵᠣᠭᠤᠰᠣᠨ ᠤ ᠲᠥᠷᠥ ᠶᠢᠨ | ᠪᠣᠳᠣᠯᠭ᠎ᠠ ᠳᠤ ᠪᠠᠰᠠ ᠬᠡᠳᠦᠢ ᠶᠡᠭᠡ ᠣᠷᠣᠨ ᠵᠠᠢ ᠪᠠᠶᠢᠬᠤ ᠪᠤᠢ︖ ᠡᠯ᠎ᠡ ᠡᠲᠡᠭᠡᠳ ᠤᠨ ᠠᠩᠬᠠᠷᠴᠤ ᠪᠠᠶᠢᠭ᠎ᠠ | ᠠᠰᠠᠭᠤᠳᠠᠯ ᠳᠤ ᠴᠢᠭᠯᠡᠭᠦᠯᠵᠦ ᠰᠤᠷᠪᠤᠯᠵᠢᠯᠠᠭᠴᠢ ᠰᠤᠷᠪᠤᠯᠵᠢᠯᠠᠭ᠎ᠠ ᠬᠢᠪᠡ ᠃ | ᠡᠨᠡ ᠵᠢᠯ ᠠᠴᠠ ᠨᠠᠭᠠᠰᠢ ᠮᠠᠨ ᠤ ᠤᠯᠤᠰ ᠤᠨ ᠵᠣᠭᠤᠰᠣᠨ ᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠨᠢ ᠶᠠᠮᠠᠷ ᠪᠤᠢ︖ | ᠵᠣᠭᠤᠰᠤᠨ ᠤ ᠲᠦᠷᠦ ᠶᠢᠨ ᠪᠣᠳᠣᠯᠭ᠎ᠠ ᠶᠢ ᠠᠮᠢᠳᠤᠯᠢᠭ ᠪᠦᠭᠡᠳ ᠲᠣᠬᠢᠷᠠᠮᠵᠢᠲᠠᠢ ᠂ ᠣᠨᠤᠪᠴᠢᠲᠠᠢ ᠪᠦᠭᠡᠳ | ᠪᠦᠲᠦᠮᠵᠢ ᠲᠠᠢ ᠪᠠᠶᠢᠯᠭᠠᠵᠤ ᠂ ᠦᠶᠡᠯᠡᠯ ᠢ ᠰᠥᠷᠭᠡᠦ ᠲᠣᠬᠢᠷᠠᠭᠤᠯᠬᠤ ᠡᠷᠴᠢᠮ ᠢᠶᠠᠨ ᠢᠯᠡᠷᠬᠡᠢ ᠴᠢᠩᠭᠠᠷᠠᠭᠤᠯᠪᠠ | ᠡᠨᠡ ᠵᠢᠯ ᠠᠴᠠ ᠨᠠᠭᠠᠰᠢ ᠂ ᠳᠤᠮᠳᠠᠳᠤ ᠤᠯᠤᠰ ᠤᠨ ᠠᠷᠠᠳ ᠤᠨ ᠪᠠᠩᠭᠢ ᠵᠣᠭᠤᠰᠣᠨ ᠤ ᠲᠤᠬᠠᠢ ᠨᠡᠯᠢᠶᠡᠳ | ᠴᠢᠬᠤᠯᠠ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠂ ᠵᠣᠭᠤᠰᠣᠨ ᠤ ᠲᠤᠬᠠᠢ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠨᠢ ᠶᠠᠮᠠᠷ ᠪᠤᠢ︖ | ᠶᠡᠷᠦᠩᠬᠡᠶ ᠳᠤᠨᠢ ᠠᠪᠴᠤ ᠦᠵᠡᠪᠡᠯ ᠂ ᠵᠣᠭᠤᠰᠣᠨ ᠤ ᠲᠥᠷᠥ ᠶᠢᠨ ᠪᠣᠳᠣᠯᠭ᠎ᠠ ᠶᠢ ᠠᠮᠢᠳᠤᠯᠢᠭ ᠪᠥᠭᠡᠳ | ᠲᠣᠬᠢᠷᠠᠮᠵᠢᠲᠠᠶ ᠪᠠᠶᠢᠯᠭᠠᠵᠤ ᠂ ᠨᠠᠷᠢᠯᠢᠭ ᠣᠨᠣᠴᠠᠲᠠᠶ ᠪᠦᠲᠦᠮᠵᠢᠲᠡᠶ ᠪᠠᠶᠢᠯᠭᠠᠵᠤ ᠂ ᠦᠶᠡᠯᠡᠯ ᠢ ᠰᠥᠷᠭᠡᠦ ᠲᠣᠬᠢᠷᠠᠭᠤᠯᠬᠤ | ᠡᠷᠴᠢᠮ ᠢ ᠢᠯᠡᠳᠲᠡ ᠴᠢᠩᠭᠠᠷᠠᠭᠤᠯᠪᠠ ᠃ ᠵᠣᠭᠤᠰᠣᠨ ᠤ ᠢᠲᠡᠭᠡᠮᠵᠢᠲᠦ ᠵᠢᠭᠡᠯᠡᠯᠭᠡ ᠪᠠ ᠨᠡᠶᠢᠭᠡᠮ ᠤᠨ ᠪᠡᠯᠡ | ᠲᠣᠬᠢᠷᠠᠭᠤᠯᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠷ ᠨᠡᠮᠡᠭᠳᠡᠭᠦᠯᠵᠦ ᠂ ᠶᠡᠷᠦᠩᠬᠡᠶᠢᠯᠡᠭᠰᠡᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠵᠤ ᠂ ᠢᠲᠡᠭᠡᠮᠵᠢᠲᠦ | ᠵᠢᠭᠡᠯᠡᠯᠭᠡ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠠᠷᠠᠳ ᠤᠨ ᠵᠣᠭᠤᠰ ᠤᠨ | ᠭᠤᠪᠢᠭᠤᠯᠭ᠎ᠠ ᠶᠢᠨ ᠨᠣᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ | ᠦᠨᠳᠦᠰᠦᠨ ᠳᠤ ᠪᠠᠨ ᠲᠣᠭᠲᠠᠭᠤᠨ ᠪᠠᠶᠢᠯᠭᠠᠨ᠎ᠠ ᠃ | ᠶᠡᠷᠦᠩᠬᠡᠶ ᠬᠡᠮᠵᠢᠶᠡᠨ ᠠᠴᠠ ᠦᠵᠡᠪᠡᠯ ᠂ ᠳᠤᠮᠳᠠᠳᠤ ᠤᠯᠤᠰ ᠤᠨ ᠠᠷᠠᠳ ᠤᠨ ᠪᠠᠩᠬᠢ 2 ᠳ᠋ᠤᠭᠠᠷ ᠰᠠᠷ᠎ᠠ ᠂ 9 | ᠳ᠋ᠦ᠋ᠭᠡᠷ ᠰᠠᠷ᠎ᠠ ᠳᠤ ᠲᠣᠰ ᠲᠣᠰ 0.5 ᠵᠠᠭᠤᠨ ᠤ ᠨᠢᠭᠡᠴᠢ ᠪᠠᠭᠤᠷᠠᠵᠤ ᠂ ᠳᠤᠮᠳᠠ ᠣᠷᠳᠣ ᠬᠤᠭᠤᠴᠠᠭᠠᠨ ᠤ | ᠬᠥᠳᠡᠯᠦᠩᠭᠦᠶ ᠴᠢᠨᠠᠷ ᠢ ᠨᠡᠶᠢᠲᠡ 2 ᠲᠦᠮᠡᠨ ᠳ᠋ᠦᠩᠰᠢᠭᠤᠷ ᠲᠥᠭᠦᠷᠢᠭ ᠲᠠᠯᠪᠢᠵᠤ ᠂ 7 ᠳ᠋ᠤᠭᠠᠷ ᠰᠠᠷ᠎ᠠ ᠂ 9 ᠳ᠋ᠦ᠋ᠭᠡᠷ | ᠰᠠᠷ᠎ᠠ ᠳᠤ ᠲᠣᠰ ᠲᠣᠰ ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠭᠡᠳᠡᠷᠭᠦ ᠬᠤᠳᠠᠯᠳᠤᠨ ᠠᠪᠬᠤ | ᠠᠵᠢᠯᠯᠠᠭᠠᠨ ᠤ ᠬᠦᠤ ᠮᠥᠩᠭᠦ ᠶᠢᠨ ᠨᠣᠷᠮ᠎ᠠ 10 ᠪᠠ 20 ᠰᠠᠭᠤᠷᠢ ᠴᠡᠭ ᠢ ᠪᠠᠭᠤᠷᠠᠭᠤᠯᠵᠤ ᠂ ᠳᠤᠮᠳᠠ | ᠬᠤᠭᠤᠴᠠᠭᠠᠨ ᠤ ᠵᠢᠭᠡᠯᠡᠯᠭᠡ ᠳᠤ ᠲᠥᠬᠦᠮ ᠦᠵᠡᠭᠦᠯᠬᠦ ᠬᠦᠤ ᠮᠥᠩᠭᠦ ᠶᠢᠨ ᠨᠣᠷᠮ᠎ᠠ ᠂ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠬᠦ ᠬᠦᠤ ᠮᠥᠩᠭᠦ ᠶᠢᠨ ᠨᠣᠷᠮ᠎ᠠ ︵LPR︶ ᠵᠡᠷᠭᠡ ᠶᠢ ᠬᠥᠲᠥᠯᠦᠨ ᠵᠢᠯᠣᠭᠤᠳᠴᠤ ᠂ | ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠪᠠ ᠃ 11 ᠳ᠋ᠦ᠋ᠭᠡᠷ ᠰᠠᠷ᠎ᠠ ᠶᠢᠨ | ᠰᠡᠭᠦᠯᠴᠢ ᠳᠤ ᠂ ᠮᠠᠨ ᠤ ᠤᠯᠤᠰ ᠤᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 254.68 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ︔ | ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠬᠠᠳᠠᠭᠠᠯᠠᠯᠳᠠ 405.6 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ ᠃ | ᠪᠦᠲᠦᠴᠡ ᠠᠴᠠ ᠨᠢ ᠦᠵᠡᠪᠡᠯ ᠂ ᠳᠤᠮᠳᠠᠳᠤ ᠤᠯᠤᠰ ᠤᠨ ᠠᠷᠠᠳ ᠤᠨ ᠪᠠᠩᠭᠢ ᠠᠴᠠ ᠰᠢᠨᠵᠢᠯᠡᠬᠦ | ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ 5000 | ᠳ᠋ᠦᠩᠰᠢᠭᠤᠷ ᠲᠦᠭᠦᠷᠢᠭ ᠤᠨ ᠳᠠᠬᠢᠨ ᠵᠢᠭᠡᠯᠡᠯᠭᠡ ᠲᠠᠯᠪᠢᠵᠤ ᠂ 3000 ᠳ᠋ᠦᠩᠰᠢᠭᠤᠷ ᠲᠥᠭᠦᠷᠢᠭ ᠤᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠲᠠᠯᠪᠢᠵᠤ ᠂ ᠲᠠᠷᠢᠶᠠᠯᠠᠩ ᠢ ᠳᠡᠮᠵᠢᠬᠦ ᠳᠠᠬᠢᠨ | ᠵᠢᠭᠡᠯᠡᠯᠭᠡ ᠶᠢᠨ ᠲᠤᠭ᠎ᠠ ᠶᠢ 1000 ᠳ᠋ᠦᠩᠰᠢᠭᠤᠷ ᠲᠥᠭᠦᠷᠢᠭ ᠨᠡᠮᠡᠭᠳᠡᠭᠦᠯᠵᠦ ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠬᠥᠭᠵᠢᠯᠲᠡ ᠶᠢᠨ ᠵᠠᠩᠭᠢᠯᠠᠭ᠎ᠠ ᠶᠢᠨ | ᠭᠤᠭᠴᠤᠭ᠎ᠠ ᠳᠤ ᠦᠵᠡᠭᠦᠯᠬᠦ ᠳᠡᠮᠵᠢᠯᠭᠡ ᠶᠢ ᠨᠡᠮᠡᠭᠳᠡᠭᠦᠯᠪᠡ ᠃ 11 ᠳ᠋ᠦ᠋ᠭᠡᠷ ᠰᠠᠷ᠎ᠠ ᠶᠢᠨ ᠰᠡᠭᠦᠯᠴᠢ ᠂ ᠲᠤᠰᠬᠠᠶ | ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 4.25 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ︔ ᠫᠦ᠋ ᠡᠾᠦ᠋ᠢ ᠵᠢᠵᠢᠭ | ᠪᠢᠴᠢᠯ ᠵᠢᠭᠡᠯᠡᠯᠭᠡ ᠶᠢᠨ ᠦᠯᠡᠳᠡᠪᠦᠷᠢ 32.21 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ | ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ ᠃ ᠡᠳᠡᠭᠡᠷ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠨᠢ | ᠴᠥᠮ ᠠᠳᠠᠯᠢ ᠬᠤᠭᠤᠴᠠᠭᠠᠨ ᠤ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ | ᠪᠠᠶᠢᠨ᠎ᠠ ᠃ | ᠦᠨ᠎ᠡ ᠬᠠᠩᠰᠢ ᠠᠴᠠ ᠨᠢ ᠦᠵᠡᠪᠡᠯ ᠂ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ | ᠬᠦᠦ ᠶᠢᠨ ᠨᠣᠷᠮ᠎ᠠ ᠶᠢᠨ ᠥᠭᠡᠷᠡᠴᠢᠯᠡᠯᠲᠡ ᠪᠠ ᠬᠠᠳᠠᠭᠠᠯᠠᠮᠵᠢ ᠶᠢᠨ ᠬᠦᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠲᠣᠭᠲᠠᠴᠠ ᠶᠢᠨ ᠬᠦᠴᠦᠨ ᠴᠢᠳᠠᠪᠤᠷᠢ ᠶᠢ ᠪᠦᠲᠦᠮᠵᠢᠲᠡᠶ ᠪᠠᠳᠠᠷᠠᠭᠤᠯᠵᠤ ᠂ ᠵᠢᠭᠡᠯᠡᠯᠭᠡ ᠶᠢᠨ ᠬᠦᠦ ᠶᠢᠨ | ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠲᠦᠯᠬᠢᠨ ᠠᠬᠢᠭᠤᠯᠤᠨ᠎ᠠ ᠃ 11 ᠳ᠋ᠦ᠋ᠭᠡᠷ | ᠰᠠᠷ᠎ᠠ ᠳᠤ ᠰᠢᠨ᠎ᠡ ᠪᠠᠷ ᠲᠠᠷᠬᠠᠭᠠᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠶᠢᠨ | ᠨᠣᠷᠮ᠎ᠠ ᠨᠢ 3.45% ᠂ ᠰᠢᠨ᠎ᠡ ᠪᠠᠷ ᠲᠠᠯᠪᠢᠭᠰᠠᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ | ᠬᠦᠦ ᠶᠢᠨ ᠨᠣᠷᠮ᠎ᠠ ᠨᠢ 3.08% ᠂ ᠴᠥᠮ ᠳᠡᠭᠡᠷ᠎ᠡ ᠰᠠᠷ᠎ᠠ ᠶᠢᠨ ᠬᠢ ᠠᠴᠠ ᠪᠠᠭᠤᠷᠠᠬᠤ ᠶᠢᠨ ᠬᠠᠮᠲᠤ ᠲᠡᠦᠬᠡ ᠶᠢᠨ | ᠳᠣᠣᠷ᠎ᠠ ᠪᠠᠶᠢᠷᠢ ᠳᠤ ᠪᠠᠶᠢᠵᠤ ᠂ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠂ ᠬᠦᠦ | ᠮᠥᠩᠭᠦ ᠶᠢᠨ ᠳᠠᠷᠤᠭᠠᠰᠤ ᠶᠢ ᠪᠠᠭᠠᠰᠬᠠᠬᠤ ᠳᠤ ᠠᠰᠢᠭᠲᠠᠢ ᠪᠠᠶᠢᠳᠠᠭ ᠃ | ︽ᠣᠳᠣᠬᠠᠨ ᠳᠤ ᠮᠥᠩᠭᠦᠨ ᠭᠦᠢᠯᠭᠡᠭᠡᠨ ᠤ ᠶᠡᠷᠦᠩᠬᠡᠢ ᠬᠡᠮᠵᠢᠶ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ | ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ 400 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠲᠡᠢ ᠪᠥᠭᠡᠳ ᠪᠦᠲᠦᠮᠵᠢᠲᠡᠢ ᠳᠡᠮᠵᠢᠪᠡ︾ ᠭᠡᠵᠦ ᠳᠤᠮᠳᠠᠳᠦ ᠤᠯᠤᠰ ᠤᠨ | ᠰᠢᠤᠳᠠᠨ ᠬᠠᠳᠠᠭᠠᠯᠠᠮᠵᠢ ᠶᠢᠨ ᠪᠠᠩᠭᠢ ᠶᠢᠨ ᠰᠤᠳᠤᠯᠤᠭᠴᠢ ᠯᠧᠦ ᠹᠧᠢ ᠫᠧᠩ ᠢᠯᠡᠳᠭᠡᠪᠡ ᠃ | ᠳᠠᠷᠠᠭ᠎ᠠ ᠠᠯᠬᠤᠮ ᠤᠨ ᠵᠣᠭᠤᠰᠣᠨ ᠤ ᠲᠥᠷᠥ ᠶᠢᠨ ᠪᠣᠳᠣᠯᠭ᠎ᠠ ᠳᠤ ᠪᠠᠰᠠ ᠬᠡᠳᠦᠢ ᠶᠡᠭᠡ ᠣᠷᠣᠨ ᠵᠠᠢ ᠪᠠᠶᠢᠬᠤ | ᠪᠤᠢ︖ | ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠪᠡᠯᠡ | ᠮᠥᠩᠭᠦ ᠶᠢ ᠨᠡᠩ ᠲᠦᠷᠭᠡᠨ ᠨᠡᠩ ᠣᠯᠠᠨ ᠢᠶᠠᠷ ᠪᠤᠳᠠᠲᠤ ᠠᠵᠤ ᠠᠬᠤᠢ ᠲᠡᠶᠢᠰᠢ ᠬᠠᠨᠳᠤᠭᠤᠯᠬᠤ ᠶᠢ ᠠᠬᠢᠭᠤᠯᠤᠨ᠎ᠠ | ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ | ᠲᠣᠭᠲᠠᠭᠤᠨ ᠪᠠᠶᠢᠵᠤ ᠂ ᠲᠣᠭᠲᠠᠭᠤᠨ ᠤ ᠳᠤᠮᠳᠠ ᠤᠷᠤᠭᠰᠢᠯᠠᠬᠤ ᠶᠢᠨ ᠬᠠᠮᠲᠤ ᠪᠠᠰᠠ ᠵᠠᠷᠢᠮ ᠰᠢᠨ᠎ᠡ ᠪᠠᠶᠢᠳᠠᠯ ᠪᠠ | ᠰᠢᠨ᠎ᠡ ᠠᠰᠠᠭᠤᠳᠠᠯ ᠢᠯᠡᠷᠡᠵᠦ ᠂ ᠨᠡᠶᠢᠭᠡᠮ ᠤᠨ ᠵᠢᠱᠢᠯᠲᠡ ᠪᠠᠭᠤᠷᠠᠶ ᠂ ᠣᠬᠤᠷ ᠬᠤᠭᠤᠴᠠᠭᠠᠨ ᠤ ᠪᠦᠲᠦᠮᠵᠢᠲᠡᠶ ᠪᠠᠯᠠ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠨ᠎ᠠ ᠃ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠣᠭᠤᠰᠣᠨ ᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠡᠵᠡᠮᠳᠡᠬᠦ | ᠡᠷᠴᠢᠮ ᠢᠶᠠᠨ ᠴᠢᠩᠭᠠᠷᠠᠭᠤᠯᠵᠤ ᠂ ᠰᠥᠷᠭᠡᠦ ᠦᠶᠡᠯᠡᠯ ᠤᠨ ᠬᠤᠭᠤᠴᠠᠭ᠎ᠠ ᠶᠢ ᠲᠣᠬᠢᠷᠠᠭᠤᠯᠬᠤ ᠡᠷᠴᠢᠮ ᠢᠶᠠᠨ | ᠴᠢᠩᠭᠠᠷᠠᠭᠤᠯᠤᠨ ᠂ ᠢᠯᠠᠩᠭᠤᠶ᠎ᠠ 9 ᠳ᠋ᠦ᠋ᠭᠡᠷ ᠰᠠᠷ᠎ᠠ ᠶᠢᠨ ᠬᠤᠷᠢᠳ ᠠᠴᠠ ᠨᠠᠭᠠᠰᠢ ᠂ ᠨᠠᠮ ᠤᠨ ᠲᠥᠪ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ ᠂ ᠨᠡᠯᠢᠶᠡᠳ ᠶᠡᠭᠡ ᠡᠷᠴᠢᠮ ᠢᠶᠠᠷ ᠪᠠᠷᠢᠮᠵᠢᠶ᠎ᠠ ᠶᠢ ᠪᠠᠭᠤᠷᠠᠭᠤᠯᠵᠤ ᠂ ᠬᠦᠦ ᠮᠥᠩᠭᠦ ᠶᠢ | ᠡᠷᠴᠢᠮ ᠲᠠᠢ ᠪᠠᠷ ᠪᠠᠭᠤᠷᠠᠭᠤᠯᠬᠤ ᠶᠢ ᠬᠡᠷᠡᠭᠵᠢᠭᠦᠯᠬᠦ ᠶᠢᠨ ᠬᠠᠮᠲᠤ ᠲᠡᠮᠳᠡᠭᠲᠦ ᠂ ᠰᠠᠭᠤᠷᠢ ᠮᠥᠩᠭᠦ ᠂ ᠳᠠᠭᠠᠳᠬᠠᠯ ᠤᠨ | ᠺᠣᠮᠫᠠᠨᠢ ᠬᠠᠷᠢᠯᠴᠠᠨ ᠳᠥᠭᠦᠮ ᠳᠥᠲᠡ ᠪᠠᠶᠢᠬᠤ ᠪᠠ ᠰᠲ᠋ᠣᠺ ᠢ ᠡᠭᠡᠭᠦᠯᠦᠨ ᠬᠤᠳᠠᠯᠳᠤᠨ ᠠᠪᠴᠤ ᠨᠡᠮᠡᠵᠦ ᠠᠪᠬᠤ | ᠲᠤᠰᠬᠠᠶ ᠵᠦᠢᠯ ᠤᠨ ᠳᠠᠬᠢᠨ ᠵᠢᠭᠡᠯᠡᠯᠭᠡ ᠶᠢᠨ ᠬᠤᠶᠠᠷ ᠵᠦᠢᠯ ᠤᠨ ᠪᠠᠭᠠᠵᠢ ᠶᠢ ᠪᠣᠶ ᠪᠣᠯᠭᠠᠪᠠ ᠃ | ᠮᠥᠩᠭᠦᠨ ᠭᠦᠢᠯᠭᠡᠭᠡᠨ ᠤ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠂ ᠵᠠᠬ᠎ᠠ | ᠳᠡᠯᠭᠡᠭᠦᠷ ᠤᠨ ᠲᠤᠰᠬᠠᠯ ᠢᠳᠡᠪᠬᠢᠲᠡᠶ ᠪᠥᠭᠡᠳ ᠵᠥᠪ ᠪᠣᠯᠵᠤ ᠂ ᠨᠡᠶᠢᠭᠡᠮ ᠤᠨ ᠵᠢᠱᠢᠯᠲᠡ ᠢᠯᠡᠳᠲᠡ ᠰᠠᠶᠢᠵᠢᠷᠠᠪᠠ ᠃ | 10 ᠳ᠋ᠤᠭᠠᠷ ᠰᠠᠷ᠎ᠠ ᠳᠤ ᠳᠡᠯᠭᠡᠷᠡᠩᠭᠦᠶ ᠤᠳᠬ᠎ᠠ ᠶᠢᠨ ᠵᠣᠭᠤᠰ ︵M2︶ ᠪᠣᠯᠤᠨ ᠢᠪᠴᠤᠤ ᠤᠳᠬ᠎ᠠ ᠶᠢᠨ ᠵᠣᠭᠤᠰ | ︵M1︶ ᠤᠨ ︽ᠬᠠᠶᠢᠴᠢ ᠶᠢᠨ ᠵᠥᠷᠢᠶ᠎ᠡ︾ ᠪᠠᠭᠠᠰᠴᠤ ᠂ ᠠᠵᠤ ᠠᠬᠤᠶ ᠶᠢᠨ ᠲᠣᠭᠲᠠᠭᠤᠨ ᠰᠠᠶᠢᠵᠢᠷᠠᠭᠰᠠᠨ ᠢ | ᠬᠠᠷᠠᠭᠤᠯᠵᠤ ᠪᠠᠶᠢᠨ᠎ᠠ ᠃ ᠬᠠᠳᠠᠭᠠᠯᠠᠮᠵᠢ ᠶᠢᠨ ᠪᠠᠶᠢᠰᠢᠩ ᠤᠨ ᠬᠦᠦ ᠶᠢᠨ ᠨᠤᠷᠮ᠎ᠠ ᠶᠢ ᠨᠢᠭᠡᠨᠲᠡ ᠦᠨᠳᠦᠰᠦᠨ ᠲᠡᠭᠡᠨ | ᠲᠣᠬᠢᠷᠠᠭᠤᠯᠵᠤ ᠳᠠᠭᠤᠰᠴᠠᠢ ᠂ ᠬᠠᠲᠠᠭᠠᠯᠠᠮᠵᠢ ᠶᠢᠨ ᠪᠠᠶᠢᠰᠢᠩ ᠤᠨ ᠬᠦᠦ ᠶᠢᠨ ᠨᠤᠷᠮ᠎ᠠ ᠶᠢ ᠬᠦᠳᠡᠯᠦᠩᠭᠦᠢ | ᠲᠣᠭᠢᠷᠠᠭᠤᠯᠬᠤ ᠲᠣᠭᠲᠠᠴᠠ ᠶᠢ ᠴᠤ ᠨᠢᠭᠡᠨᠲᠡ ᠵᠢᠩᠭᠢᠨᠢ ᠪᠠᠶᠢᠭᠤᠯᠵᠤ ᠳᠠᠭᠤᠰᠭᠠᠵᠠᠢ ᠃ | ︽ᠵᠠᠷᠢᠮ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠪᠠᠰᠠ ᠵᠠᠯᠭᠠᠭ᠎ᠠ ᠪᠠᠷ ᠨᠠᠶᠢᠳᠠᠪᠤᠷᠢᠵᠢᠭᠤᠯᠵᠤ ᠂ | ᠵᠢᠭᠡᠯᠡᠯᠭᠡ ᠶᠢᠨ ᠬᠢᠨᠠᠨ ᠬᠠᠷᠭᠤᠭᠤᠯᠤᠯᠲᠠ ᠂ ᠢᠲᠡᠭᠡᠮᠵᠢ ᠣᠯᠭᠤᠬᠤ ᠂ ᠵᠣᠭᠤᠰ ᠭᠠᠷᠭᠠᠨ ᠠᠪᠬᠤ ᠵᠡᠷᠭᠡ ᠳᠤ ᠪᠠᠰᠠ | ᠨᠢᠭᠡ ᠶᠠᠪᠤᠴᠠ ᠱᠠᠭᠠᠷᠳᠠᠭᠳᠠᠨ᠎ᠠ ᠂ ᠢᠷᠡᠭᠡᠳᠦᠶ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠪᠠᠰᠠ ᠤᠯᠠᠮ ᠨᠢᠭᠡ | ᠠᠯᠬᠤᠮ ᠢᠯᠡᠷᠡᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠨᠢ ᠨᠠᠩ ᠬᠦᠴᠦᠲᠡᠶ ᠪᠥᠭᠡᠳ ᠪᠦᠲᠦᠮᠵᠢᠲᠡᠶ ᠪᠣᠯᠤᠨ᠎ᠠ︾ ᠭᠡᠵᠦ ᠵᠤᠤ ᠯᠢᠶᠠᠨ ᠤ | ᠰᠤᠳᠤᠯᠤᠭᠴᠢ ᠳ᠋ᠦᠩ ᠰᠢ ᠮᠢᠶᠣᠤ ᠬᠡᠯᠡᠪᠡ ᠃ | ᠡᠨᠡ ᠵᠢᠯ ᠠᠴᠠ ᠨᠠᠭᠠᠰᠢ ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠬᠡᠮᠵᠢᠶ᠎ᠡ ᠪᠠᠭ᠎ᠠ ᠪᠤᠰᠤ ᠂ | ᠢᠷᠡᠭᠡᠳᠦᠶ ᠳᠤ ᠪᠠᠰᠠ ᠬᠡᠳᠦᠶ ᠶᠡᠭᠡ ᠣᠷᠣᠨ ᠵᠠᠶ ᠲᠠᠢ ᠪᠣᠶ︖ | ︽ᠪᠡᠯᠡᠳᠬᠡᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠂ ᠪᠠᠩᠬᠢ ᠶᠢᠨ ᠦᠢᠯᠡᠰ ᠤᠨ | ᠳᠤᠮᠳᠠᠴᠢ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠨᠢ ᠪᠠᠷᠤᠭ 6.6% ᠪᠠᠶᠢᠵᠤ ᠂ ᠡᠨᠡ ᠬᠦ ᠬᠢᠷᠢ | ᠬᠡᠮᠵᠢᠶ᠎ᠡ ᠨᠢ ᠳᠡᠯᠡᠬᠡᠶ ᠳᠡᠭᠡᠷᠡᠬᠢ ᠭᠤᠤᠯ ᠪᠣᠯᠬᠤ ᠠᠵᠤ ᠠᠬᠤᠶ ᠶᠢᠨ ᠴᠣᠭᠴᠠ ᠶᠢᠨ ᠲᠥᠪ ᠪᠠᠩᠬᠢ ᠲᠠᠢ | ᠬᠠᠷᠢᠴᠠᠭᠤᠯᠪᠠᠯ ᠪᠠᠰᠠ ᠵᠣᠬᠢᠬᠤ ᠣᠷᠣᠨ ᠵᠠᠶ ᠲᠠᠢ ᠪᠠᠶᠢᠨ᠎ᠠ︾ ᠭᠡᠵᠦ ᠳᠤᠮᠳᠠᠳᠦ ᠤᠯᠤᠰ ᠤᠨ ᠠᠷᠠᠳ ᠤᠨ | ᠪᠠᠩᠭᠢ ᠶᠢᠨ ᠳᠠᠷᠤᠭ᠎ᠠ ᠫᠠᠨ ᠭᠦᠩ ᠱᠧᠩ ᠢᠯᠡᠳᠭᠡᠪᠡ ᠃ | ᠳᠠᠷᠠᠭᠠᠴᠢ ᠶᠢᠨ ᠠᠯᠬᠤᠮ ᠤᠨ ᠲᠦᠷᠦ ᠶᠢᠨ ᠪᠤᠳᠤᠯᠭ᠎ᠠ ᠶᠢᠨ ᠪᠣᠳᠣᠯᠬᠢᠯᠠᠯ ᠢ ᠶᠠᠷᠢᠵᠤ ᠂ ᠫᠠᠨ ᠭᠦᠩ ᠱᠧᠩ᠄ ︽ | ᠵᠣᠭᠤᠰᠣᠨ ᠤ ᠲᠦᠷᠦ ᠶᠢᠨ ᠪᠤᠳᠤᠯᠭ᠎ᠠ ᠶᠢ ᠲᠣᠬᠢᠷᠠᠭᠤᠯᠤᠨ ᠡᠵᠡᠮᠳᠡᠬᠦ ᠡᠷᠴᠢᠮ ᠢ ᠴᠢᠩᠭᠠᠷᠠᠭᠤᠯᠵᠤ ᠂ ᠵᠣᠭᠤᠰᠣᠨ ᠤ | ᠲᠦᠷᠦ ᠶᠢᠨ ᠪᠤᠳᠤᠯᠭ᠎ᠠ ᠶᠢ ᠲᠣᠬᠢᠷᠠᠭᠤᠯᠤᠨ ᠡᠵᠡᠮᠳᠡᠬᠦ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ ᠂ | ᠬᠠᠳᠠᠭᠠᠯᠠᠯᠲᠠ ᠶᠢᠨ ᠬᠡᠮᠵᠢᠶ᠎ᠡ ᠶᠢᠨ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ ᠂ ᠨᠡᠮᠡᠭᠳᠡᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠤᠨ᠎ᠠ︾ | ᠭᠡᠵᠦ ᠢᠯᠡᠳᠬᠡᠪᠡ ᠃ | ᠣᠶᠢᠷ᠎ᠠ ᠳᠤ ᠬᠤᠷᠠᠯᠲᠤᠭᠰᠠᠨ ᠳᠦᠪ ᠤᠨ ᠠᠵᠤ ᠠᠬᠤᠢ ᠶᠢᠨ ᠠᠵᠢᠯ ᠤᠨ ᠬᠤᠷᠠᠯ ᠨᠢ 14 ᠵᠢᠯ ᠳᠠᠷᠠᠭᠠᠯᠠᠨ | ᠬᠡᠷᠡᠭᠵᠢᠭᠦᠯᠦᠭᠰᠡᠨ ︽ᠯᠠᠪᠲᠠᠭᠤᠨ ᠵᠤᠭᠤᠰᠤᠨ ᠤ ᠳᠦᠷᠦ ᠶᠢᠨ ᠪᠤᠲᠤᠯᠭ᠎ᠠ︾ ᠶᠢ ︽ᠵᠤᠭᠢᠰᠲᠠᠢ ᠠᠭᠤᠵᠢᠭᠤ | ᠪᠠᠶᠢᠯᠭᠠᠬᠤ ᠵᠤᠭᠤᠰᠤᠨ ᠤ ᠳᠦᠷᠦ ᠶᠢᠨ ᠪᠤᠲᠤᠯᠭ᠎ᠠ︾ ᠪᠣᠯᠭᠠᠨ ᠳᠤᠭᠢᠷᠠᠭᠤᠯᠤᠯᠲᠠ ᠬᠢᠵᠦ ᠂ ᠢᠲᠡᠪᠭᠢᠲᠠᠢ ᠳᠤᠭᠢᠶ᠎ᠠ | ᠲᠠᠮᠵᠢᠭᠤᠯᠵᠠᠢ ᠃ ᠳᠦᠪ ᠤᠨ ᠡᠳ᠋ ᠤᠨ ᠵᠠᠰᠠᠭ ᠤᠨ ᠠᠯᠪᠠᠨ ᠬᠡᠷ ᠤᠨ ᠬᠤᠯᠪᠤᠬᠲᠠᠯ ᠪᠦᠭᠦᠢ ᠬᠠᠷᠢᠭᠤᠴᠠᠯᠭᠠᠲᠠᠨ | ᠨᠦᠭᠦᠣᠠ ᠢᠯᠡᠷᠬᠡᠶᠢᠯᠡᠭᠰᠡᠨ ᠨᠢ ᠂ ᠬᠤᠷᠸ᠎ᠠ ᠳᠣᠭᠢᠷᠠᠭᠤᠯᠣᠯ ᠡᠵᠠᠮᠲᠠᠯ ᠤᠨ ᠭᠦᠨᠵᠡᠭᠡᠢ ᠬᠤᠪᠢᠷᠠᠯᠲᠠ ᠭᠠᠷᠣᠬᠰᠠᠨ | ᠶᠠᠪᠤᠲᠠᠯ ᠪᠤᠯ ᠭᠤᠣᠯᠲᠠᠭᠤ ᠣᠲᠣᠬᠠᠨ ᠤ ᠭᠠᠲᠠᠭᠠᠲᠤ ᠣᠷᠴᠢᠠ ᠠᠬᠤᠢ ᠶᠢᠨ ᠬᠤᠪᠢᠷᠠᠯᠲᠠ ᠶᠢᠨ ᠪᠤᠢ ᠪᠤᠯᠣᠬᠰᠠᠨ | ᠠᠰᠢᠭ ᠣᠢᠭᠡᠢ ᠨᠦᠯᠣᠭᠡ ᠨᠢ ᠭᠦᠨᠵᠡᠭᠡᠶᠢᠷᠡᠵᠦ ᠮᠠᠲᠠᠨ᠎ᠠ ᠂ ᠤᠯᠤᠰ ᠤᠨ ᠳᠣᠲᠣᠭᠠᠲᠤ ᠶᠢᠨ ᠠᠵᠤ ᠠᠬᠤᠢ ᠶᠢᠨ | ᠠᠵᠢᠯᠯᠠᠭᠠᠨ ᠳᠤ ᠪᠠᠰᠠ ᠴᠦᠬᠡᠨ ᠪᠤᠰᠤ ᠰᠢᠯᠭᠠᠯᠲᠠ ᠳᠣᠯᠭᠠᠷᠠᠵᠤ ᠂ ᠢᠷᠠᠭᠦ ᠵᠢᠯ ᠤᠨ ᠠᠵᠤ ᠠᠬᠤᠢ ᠶᠢᠨ ᠠᠵᠢᠯ ᠢ | ᠰᠠᠶᠢᠲᠣᠷ ᠬᠢᠵᠦ ᠂ ᠬᠦᠴᠢᠷ ᠢ ᠰᠥᠷᠦᠨ ᠤᠷᠤᠭᠰᠢᠯᠠᠵᠤ ᠂ ᠢᠳᠡᠪᠬᠢᠲᠡᠢ ᠪᠠᠷ ᠠᠵᠢᠯᠯᠠᠵᠤ ᠂ ᠡᠭᠦᠨ ᠤ ᠬᠠᠮᠲᠤ ᠂ ᠮᠠᠨ ᠤ | ᠤᠯᠤᠰ ᠪᠠᠰᠠ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠬᠤ | ᠨᠥᠬᠦᠴᠡᠯ ᠪᠠ ᠣᠷᠣᠨ ᠵᠠᠢ ᠲᠠᠢ ᠪᠠᠶᠢᠵᠤ ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠴᠢᠩᠭ᠎ᠠ | ᠬᠦᠴᠦᠲᠡᠢ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ ᠃ | ︽ᠵᠣᠬᠢᠰᠲᠠᠶ ᠠᠭᠤᠵᠢᠭᠤ ᠪᠠᠶᠢᠯᠭᠠᠬᠤ ᠵᠣᠭᠤᠰᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ | ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠳᠠᠪᠬᠤᠷ | ᠴᠢᠳᠠᠮᠵᠢ ᠶᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ ᠂ ᠪᠡᠯᠡ ᠮᠥᠩᠭᠦ ᠶᠢ ᠨᠡᠩ ᠲᠦᠷᠭᠡᠨ ᠨᠡᠩ ᠤᠯᠠᠨ | ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠪᠣᠯᠤᠨ᠎ᠠ ᠃ ᠬᠦᠦ ᠮᠥᠩᠭᠦ ᠶᠢ | ᠲᠣᠬᠢᠷᠠᠮᠵᠢᠲᠠᠶ ᠦᠶ᠎ᠡ ᠳᠤ ᠪᠠᠭᠤᠷᠠᠭᠤᠯᠤᠨ ᠳᠣᠷᠣᠭᠰᠢᠯᠠᠭᠤᠯᠵᠤ ᠂ ᠬᠥᠳᠡᠯᠦᠩᠭᠦᠶ ᠴᠢᠨᠠᠷ ᠢᠶᠠᠷ ᠭᠦᠢᠴᠡᠳ ᠪᠠᠶᠢᠬᠤ ᠶᠢ | ᠪᠠᠲᠤᠯᠠᠨ ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ | ᠠᠬᠤᠶ ᠶᠢᠨ ᠨᠡᠮᠡᠭᠳᠡᠯ ᠂ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢᠨ ᠵᠢᠱᠢᠭᠰᠡᠨ ᠬᠠᠷᠠᠯᠲᠠ ᠯᠤᠭ᠎ᠠ | ᠲᠣᠬᠢᠷᠠᠯᠴᠠᠭᠤᠯᠤᠨ᠎ᠠ ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠶ ᠪᠥᠭᠡᠳ | ᠲᠡᠩᠴᠡᠭᠦᠷᠢᠲᠡᠶ ᠬᠢᠷᠢ ᠬᠡᠮᠵᠢᠶᠡᠨ ᠳᠤ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ ᠃ ᠲᠥᠪ | ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠶ ᠪᠠᠶᠢᠬᠤ ᠪᠠ ᠮᠥᠩᠭᠦᠨ ᠭᠦᠢᠯᠭᠡᠭᠡᠨ ᠤ ᠲᠣᠭᠲᠠᠭᠤᠨ | ᠪᠠᠶᠢᠬᠤ ᠴᠢᠳᠠᠮᠵᠢ ᠶᠢ ᠰᠦᠪᠡᠭᠴᠢᠯᠡᠨ ᠥᠷᠭᠡᠳᠬᠡᠵᠦ ᠂ ᠮᠥᠩᠭᠦᠨ ᠭᠦᠢᠯᠭᠡᠭᠡᠨ ᠤ ᠪᠠᠭᠠᠵᠢ ᠶᠢᠨ ᠰᠢᠨ᠎ᠡ ᠶᠢ ᠡᠭᠦᠳᠴᠦ ᠂ | ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︾ ᠭᠡᠵᠦ ᠲᠥᠪ ᠤᠨ | ᠡᠳ᠋ ᠤᠨ ᠵᠠᠰᠠᠭ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠭᠡᠪᠡ ᠃ | ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠲᠤᠬᠠᠢ ᠶᠠᠮᠠᠷ ᠶᠠᠮᠠᠷ ᠪᠣᠳᠠᠲᠠᠢ ᠠᠷᠭ᠎ᠠ ᠪᠠᠶᠢᠬᠤ ᠪᠤᠢ︖ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠲᠦᠭᠵᠢᠷᠡᠯ ᠪᠠ ᠬᠤᠷᠢᠭ᠎ᠠ ᠴᠡᠭ ᠢ | ᠬᠦᠴᠦ ᠪᠠᠨ ᠬᠠᠮᠲᠤᠳᠬᠠᠨ ᠨᠡᠪᠲᠡᠷᠡᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠦᠨ᠎ᠡ | ᠤᠶᠢᠷ᠎ᠠ ᠶᠢᠨ ᠵᠢᠯ ᠳᠤ ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠨᠢ ᠬᠡᠮᠵᠢᠶ᠎ᠡ ᠶᠢᠨ | ᠨᠡᠮᠡᠭᠳᠡᠯ ᠤᠨ ᠬᠡᠪᠴᠢᠶ᠎ᠡ ᠶᠢ ᠨᠡᠮᠡᠭᠳᠡᠭᠦᠯᠵᠦ ᠦᠨ᠎ᠡ ᠶᠢ ᠲᠣᠭᠲᠠᠭᠤᠨ ᠪᠠᠶᠢᠯᠭᠠᠬᠤ ᠪᠠᠶᠢᠳᠠᠯ ᠢᠯᠡᠷᠡᠭᠰᠡᠨ ᠪᠣᠯᠪᠠᠴᠤ | ᠬᠡᠰᠡᠭ ᠵᠢᠵᠢᠭ ᠪᠢᠴᠢᠯ ᠠᠵᠤ ᠠᠬᠤᠶᠢᠠᠯᠯ ᠳᠤ ᠪᠠᠰᠠ ᠪᠡᠯᠡ ᠲᠣᠬᠢᠷᠠᠭᠤᠯᠭ᠎ᠠ ᠶᠢᠨ ᠲᠦᠭᠵᠢᠷᠡᠯ ᠤᠨ ᠴᠡᠭ ᠪᠠ ᠲᠤᠷᠬᠤ | ᠴᠡᠭ ᠤᠷᠤᠰᠢᠵᠦ ᠪᠠᠶᠢᠨ᠎ᠠ ᠃ ᠣᠶᠢᠷ᠎ᠠ ᠶᠢᠨ ᠬᠤᠭᠤᠴᠠᠭᠠᠨ ᠳᠤ ᠂ ᠠᠯᠢ ᠣᠯᠠᠨ ᠴᠢᠭᠯᠡᠭᠦᠯᠬᠦ ᠴᠢᠨᠠᠷᠲᠠᠶ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠣᠯᠠᠨ ᠲᠠᠯ᠎ᠠ ᠪᠠᠷ ᠬᠠᠮᠵᠢᠯᠴᠠᠨ ᠬᠦᠴᠦᠯᠡᠵᠦ ᠂ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠦᠢᠯᠡᠴᠢᠯᠡᠭᠡᠨ ᠢ ᠰᠠᠶᠢᠵᠢᠷᠠᠭᠤᠯᠤᠨ᠎ᠠ ᠃ | ᠲᠥᠷᠥ ᠶᠢᠨ ᠪᠣᠳᠣᠯᠭ᠎ᠠ ᠨᠢ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠬᠦᠷᠲᠡᠬᠦ ᠬᠡᠪᠴᠢᠶ᠎ᠡ ᠶᠢ | ᠥᠷᠭᠡᠳᠭᠡᠨ᠎ᠡ ᠃ ᠳᠤᠮᠳᠠᠳᠤ ᠤᠯᠤᠰ ᠤᠨ ᠠᠷᠠᠳ ᠤᠨ ᠪᠠᠩᠬᠢ ᠫᠦ᠋ ᠡᠾᠦ᠋ᠢ ᠵᠢᠵᠢᠭ ᠪᠢᠴᠢᠯ ᠵᠢᠭᠡᠯᠡᠯᠭᠡ ᠶᠢᠨ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠭᠠᠭᠴᠠ ᠡᠷᠦᠬᠡ ᠶᠢᠨ ᠢᠲᠡᠭᠡᠮᠵᠢ ᠣᠯᠭᠤᠬᠤ ᠠᠴᠠ 1000 ᠲᠦᠮᠡᠨ | ᠲᠥᠭᠦᠷᠢᠭ ᠠᠴᠠ ᠬᠡᠲᠦᠷᠡᠭᠦᠯᠬᠦ ᠥᠬᠡᠶ ᠪᠠᠶᠢᠭᠰᠠᠨ ᠠᠴᠠ ᠨᠢ 2000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ | ᠪᠣᠯᠲᠠᠯ᠎ᠠ ᠠᠭᠤᠵᠢᠭᠤ ᠲᠠᠯᠪᠢᠪᠠ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | ᠵᠢᠵᠢᠭ ᠪᠢᠴᠢᠯ ᠠᠵᠤ ᠠᠬᠤᠶᠢᠯᠠᠯ ᠤᠨ ᠡᠬᠡ ᠮᠥᠩᠭᠦ ᠶᠢ ᠪᠤᠴᠠᠭᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠂ | ᠦᠷᠭᠦᠯᠵᠢᠯᠡᠨ ᠵᠢᠭᠡᠯᠡᠯᠭᠡ ᠵᠢᠭᠡᠯᠡᠬᠦ ᠡᠲᠡᠭᠡᠳ ᠢ ᠤᠤᠯ ᠤᠨ ᠬᠡᠰᠡᠭ ᠵᠢᠵᠢᠭ ᠪᠢᠴᠢᠯ ᠠᠵᠤ ᠠᠬᠤᠶᠢᠯᠠᠯ ᠠᠴᠠ ᠪᠣᠶ | ᠪᠥᠬᠦᠶ ᠵᠢᠵᠢᠭ ᠪᠢᠴᠢᠯ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠬᠦ ᠶᠢᠨ ᠬᠠᠮᠲᠤ ᠲᠡᠷᠡᠴᠢᠯᠡᠨ ᠱᠠᠲᠤ ᠦᠶ᠎ᠡ ᠶᠢᠨ | ᠴᠢᠨᠠᠷᠲᠠᠢ ᠪᠠᠷ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ ᠬᠦᠷᠲᠡᠯ᠎ᠡ ᠦᠷᠭᠡᠳᠭᠡᠪᠡ ᠃ | ᠲᠣᠭᠲᠠᠴᠠ ᠨᠢ ᠠᠵᠤ ᠠᠬᠤᠶᠢᠯᠠᠯ ᠳᠤ ᠠᠰᠢᠭ ᠬᠦᠷᠲᠡᠭᠡᠬᠦ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ | ᠬᠦᠴᠦᠯᠡᠨ ᠨᠡᠪᠲᠡᠷᠡᠭᠦᠯᠪᠡ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠵᠢᠵᠢᠭ ᠪᠢᠴᠢᠯ ᠠᠵᠤ | ᠠᠬᠤᠶᠢᠯᠠᠯ ᠢ ᠳᠡᠮᠵᠢᠬᠦ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ ᠂ | ᠦᠨᠳᠦᠰᠦᠨ ᠱᠠᠲᠤᠨ ᠳᠤ ᠬᠠᠮᠤᠭ ᠤᠨ ᠣᠶᠢᠷᠠᠲᠤᠬᠤ ᠂ ᠠᠵᠤ ᠠᠬᠤᠶᠢᠯᠠᠯ ᠢ ᠬᠠᠮᠤᠭ ᠠᠴᠠ ᠣᠶᠢᠯᠠᠭᠠᠬᠤ ᠲᠣᠭᠤᠷᠢᠭ | ᠰᠢᠶᠠᠨ ᠤ ᠳᠠᠪᠬᠤᠷᠭ᠎ᠠ ᠳᠤ ᠠᠵᠢᠯ ᠤᠨ ᠲᠤᠰᠬᠠᠶ ᠠᠩᠭᠢ ᠪᠠᠶᠢᠭᠤᠯᠵᠤ ᠂ ᠪᠠᠩᠬᠢ ᠪᠠ ᠠᠵᠤ ᠠᠬᠤᠶᠢᠯᠠᠯ ᠢ ᠨᠠᠷᠢᠯᠢᠭ | ᠣᠨᠣᠴᠠᠲᠠᠶ ᠪᠠᠷ ᠵᠣᠯᠭᠠᠭᠤᠯᠬᠤ ᠬᠥᠭᠦᠷᠭᠡ ᠶᠢ ᠪᠠᠶᠢᠭᠤᠯᠵᠤ ᠂ ᠥᠪᠡᠷ ᠤᠨ ᠥᠷᠲᠡᠭ ᠢᠶᠠᠷ ᠳᠣᠤᠷ᠎ᠠ ᠢᠲᠡᠭᠡᠮᠵᠢᠲᠦ | ᠵᠢᠭᠡᠯᠡᠯᠭᠡ ᠶᠢᠨ ᠪᠠᠯᠠ ᠮᠥᠩᠭᠦ ᠶᠢ ᠰᠢᠭᠤᠳ ᠦᠨᠳᠦᠰᠦᠨ ᠱᠠᠲᠤᠨ ᠳᠤ ᠬᠦᠷᠭᠡᠬᠦ ᠶᠢ ᠪᠡᠶᠡᠯᠡᠭᠦᠯᠪᠡ ᠃ | ᠳᠦᠷᠢᠮ ᠨᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ | ᠣᠷᠴᠢᠨ ᠲᠣᠭᠤᠷᠢᠨ ᠢ ᠰᠢᠯᠢᠳᠡᠭᠵᠢᠭᠦᠯᠪᠡ ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢ | ᠶᠠᠭ ᠲᠦᠷᠭᠡᠨ ᠠᠬᠢᠭᠤᠯᠵᠤ ᠪᠠᠶᠢᠨ᠎ᠠ ᠂ ᠲᠥᠰᠦᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠵᠢᠭ ᠪᠢᠴᠢᠯ | ᠬᠡᠯᠪᠡᠷᠢ ᠶᠢᠨ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠬᠤ ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ ᠂ ᠵᠦᠢ ᠪᠤᠰᠤ | ᠵᠢᠭᠡᠯᠡᠯᠭᠡ ᠶᠢᠨ ᠬᠦᠯᠢᠴᠡᠬᠦ ᠬᠡᠮᠵᠢᠶ᠎ᠡ ᠶᠢ ᠵᠦᠶ ᠵᠣᠬᠢᠰᠲᠠᠶ ᠲᠣᠬᠢᠷᠠᠭᠤᠯᠬᠤ ᠶᠢ ᠵᠥᠪᠰᠢᠶᠡᠷᠡᠨ᠎ᠡ ᠃ ᠡᠭᠦᠨ ᠠᠴᠠ | ᠭᠠᠳᠠᠨ᠎ᠠ ᠂ ᠫᠦ᠋ ᠡᠾᠦ᠋ᠢ ᠢᠲᠡᠭᠡᠮᠵᠢᠲᠦ ᠵᠢᠭᠡᠯᠡᠯᠭᠡ ᠶᠢᠨ ᠲᠤᠰᠢᠶᠠᠯ ᠢᠶᠠᠨ ᠭᠦᠢᠴᠡᠳᠭᠡᠭᠰᠡᠨ ᠬᠠᠷᠢᠭᠤᠴᠠᠯᠭ᠎ᠠ ᠠᠴᠠ | ᠬᠡᠯᠲᠦᠷᠢᠭᠦᠯᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠢᠲᠡᠭᠡᠮᠵᠢᠲᠦ | ᠵᠢᠭᠡᠯᠡᠯᠭᠡ ᠶᠢᠨ ᠠᠵᠢᠯᠲᠠᠳ ᠤᠨ ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠥᠩᠭᠡᠷᠡᠭᠦᠯᠵᠦ ᠂ ᠲᠤᠰᠢᠶᠠᠯ ᠢᠶᠠᠨ | ᠭᠦᠢᠴᠡᠳᠭᠡᠭᠰᠡᠨ ᠠᠴᠠ ᠬᠠᠷᠢᠭᠤᠴᠠᠯᠭ᠎ᠠ ᠪᠠᠨ ᠬᠡᠯᠲᠦᠷᠢᠭᠦᠯᠬᠦ ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ | ᠢᠳᠡᠪᠬᠢᠲᠡᠢ ᠠᠭᠤᠷ ᠠᠮᠢᠰᠬᠤᠯ ᠢ ᠪᠤᠢ ᠪᠣᠯᠭᠠᠪᠠ ᠃ | ᠨᠡᠶᠢᠯᠡᠮᠡᠯ ᠬᠦᠴᠦᠨ ᠤ ᠳᠣᠣᠷ᠎ᠠ ᠂ ᠨᠡᠩ ᠣᠯᠠᠨ ᠮᠥᠩᠭᠦᠨ ᠭᠦᠢᠯᠭᠡᠭᠡᠨ ᠤ ᠦᠢᠯᠡᠰ ᠵᠢᠵᠢᠭ ᠪᠢᠴᠢᠯ ᠠᠵᠤ | ᠠᠬᠤᠶᠢᠯᠠᠯ ᠳᠤ ᠤᠷᠤᠵᠦ ᠂ ︽ᠵᠢᠵᠢᠭ ᠠᠷᠠᠯᠵᠢᠶ᠎ᠠ︾ ᠨᠢᠭᠡᠪᠦᠷᠢ ᠳᠤ ᠬᠦᠴᠦᠨ ᠨᠡᠮᠡᠷᠢᠯᠡᠨ᠎ᠡ ᠃ 11 ᠳ᠋ᠦ᠋ᠭᠡᠷ | ᠰᠠᠷ᠎ᠠ ᠶᠢᠨ ᠰᠡᠭᠦᠯᠴᠢ ᠂ ᠫᠦ᠋ ᠡᠾᠦ᠋ᠢ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ 32.21 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ ᠃ 11 ᠳ᠋ᠦ᠋ᠭᠡᠷ | ᠰᠠᠷ᠎ᠠ ᠳᠤ ᠰᠢᠨ᠎ᠡ ᠪᠠᠷ ᠲᠠᠷᠬᠠᠭᠠᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠶᠢᠨ | ᠨᠣᠷᠮ᠎ᠠ ᠨᠢ 3.45% ᠳᠤ ᠬᠦᠷᠪᠡ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠭᠤᠣᠯ ᠬᠦᠴᠦᠨ ᠵᠦᠢᠯ ᠮᠥᠨ ᠃ ᠡᠨᠡ ᠵᠢᠯ ᠠᠴᠠ ᠨᠠᠭᠠᠰᠢ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠯᠦᠭᠡ ᠲᠣᠬᠢᠷᠠᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ | ᠭᠦᠢᠯᠭᠡᠭᠡᠨ ᠤ ᠪᠠᠶᠢᠭᠤᠯᠤᠯ ᠯᠤᠭ᠎ᠠ ᠲᠦᠷᠭᠡᠳᠬᠡᠨ ᠪᠠᠶᠢᠭᠤᠯᠵᠤ ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠡᠭᠦᠷᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠳᠤ | ᠬᠤᠯᠪᠣᠭᠳᠠᠬᠤ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠵᠤ ᠂ ᠤᠷᠳᠤ ᠬᠤᠭᠤᠴᠠᠭ᠎ᠠ ᠪᠠᠷ | ᠬᠥᠷᠥᠩᠭᠡ ᠶᠢᠨ ᠪᠡᠯᠡ ᠣᠷᠣᠭᠤᠯᠤᠯᠲᠠ ᠶᠢ ᠡᠷᠲᠡ ᠣᠷᠣᠭᠤᠯᠬᠤ ᠂ ᠪᠠᠭ᠎ᠠ ᠪᠡᠯᠡ ᠣᠷᠣᠭᠤᠯᠬᠤ ᠂ ᠤᠷᠳᠤ | ᠬᠤᠭᠤᠴᠠᠭ᠎ᠠ ᠪᠠᠷ ᠪᠡᠯᠡ ᠣᠷᠣᠭᠤᠯᠬᠤ ᠂ ᠬᠠᠲᠠᠭᠤ ᠪᠡᠯᠡ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ | ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠪᠡ ᠃ | ︽ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠪᠠᠭᠠᠵᠢ ᠡᠳᠦᠷ ᠢᠷᠡᠬᠦᠶ᠎ᠡ ᠪᠠᠶᠠᠯᠢᠭᠵᠢᠪᠠ ᠃ ᠵᠢᠱᠢᠶᠡᠯᠡᠪᠡᠯ ᠂ ᠡᠨᠡ ᠵᠢᠯ ᠳᠤᠮᠳᠠᠳᠤ ᠤᠯᠤᠰ ᠤᠨ | ᠠᠷᠠᠳ ᠤᠨ ᠪᠠᠩᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ | ᠥᠭᠡᠷᠡᠴᠢᠯᠡᠯᠲᠡ ᠶᠢᠨ ᠳᠠᠬᠢᠨ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠰᠢᠨ᠎ᠡ ᠪᠠᠷ ᠪᠠᠶᠢᠭᠤᠯᠵᠤ ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠂ ᠭᠤᠤᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ | ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠳᠤ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ︾ ᠭᠡᠵᠦ ᠭᠤᠸᠠᠩ ᠳ᠋ᠠ ᠪᠠᠩᠭᠢ ᠶᠢᠨ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠬᠡᠯᠲᠡᠰ ᠤᠨ ᠬᠤᠷᠸ᠎ᠠ ᠲᠤᠬᠢᠷᠠᠭᠤᠯᠬᠤ ᠰᠤᠳᠤᠯᠤᠭᠴᠢ ᠵᠸᠤ ᠮᠤᠤ ᠬᠤᠸᠠ ᠢᠯᠡᠳᠭᠡᠪᠡ ᠃ | 10 ᠳ᠋ᠤᠭᠠᠷ ᠰᠠᠷ᠎ᠠ ᠶᠢᠨ ᠰᠡᠭᠦᠯᠴᠢ ᠪᠠᠷ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 3.17 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ ᠃ ᠡᠨᠡ ᠵᠢᠯ ᠤᠨ ᠡᠮᠦᠨ᠎ᠡ 8 ᠰᠠᠷ᠎ᠠ ᠳᠤ ᠂ ᠰᠢᠨᠵᠢᠯᠡᠭᠡ | ᠮᠡᠷᠭᠡᠵᠢᠯ ᠤᠨ ᠳᠠᠭᠠᠳᠬᠠᠯ ᠤᠨ ᠵᠠᠷᠤᠳᠠᠯ 388 ᠳ᠋ᠦᠩᠰᠢᠭᠤᠷ ᠲᠦᠭᠦᠷᠢᠭ ᠲᠤ ᠬᠦᠷᠴᠦ ᠂ ᠰᠢᠨᠵᠢᠯᠡᠭᠡ ᠮᠡᠷᠭᠡᠵᠢᠯ ᠤᠨ | ᠰᠤᠳᠤᠯᠤᠯᠲᠠ ᠂ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠰᠢᠨᠵᠢᠯᠡᠭᠡ ᠮᠡᠷᠭᠡᠵᠢᠯ ᠤᠨ | ᠠᠵᠢᠯᠯᠠᠭᠠᠨ ᠳᠤ 7 ᠲᠦᠮᠡᠨ ᠳ᠋ᠦᠩᠰᠢᠭᠤᠷ ᠲᠦᠭᠦᠷᠢᠭ ᠠᠴᠠ ᠳᠠᠪᠠᠵᠠᠶ ᠃ | ᠳᠠᠷᠠᠭᠠᠴᠢ ᠶᠢᠨ ᠠᠯᠬᠤᠮ ᠳᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠶᠢ ᠨᠠᠩ ᠰᠠᠶᠢᠨ | ᠬᠥᠭᠵᠢᠭᠦᠯᠵᠦ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠠᠶᠢᠷᠢᠯᠠᠭᠤᠯᠤᠯᠲᠠ ᠬᠢᠪᠠ᠄ ︽ᠣᠯᠠᠨ | ᠳᠡᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠬᠦᠯᠢᠴᠡᠩᠭᠦᠢ | ᠬᠦᠷᠦᠩᠭᠡ ᠶᠢ ᠪᠤᠵᠠᠭᠠᠶᠢᠷᠠᠭᠤᠯᠵᠤ ᠂ ᠨᠡᠩ ᠶᠡᠭᠡ ᠡᠷᠴᠢᠮ ᠢᠶᠠᠷ ᠨᠡᠶᠢᠭᠡᠮ ᠤᠨ ᠪᠡᠯᠡ ᠮᠥᠩᠭᠦ ᠶᠢ ᠲᠠᠲᠠᠵᠤ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠳᠤ ᠣᠷᠣᠯᠴᠠᠭᠤᠯᠵᠤ ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ | ᠱᠠᠲᠤ ᠱᠠᠲᠤ ᠪᠠᠷ ᠪᠤᠶᠢᠵᠢᠭᠤᠯᠬᠤ︾ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠪᠡ ᠃ | ᠭᠡᠷ ᠪᠠᠶᠢᠰᠢᠩ ᠭᠠᠵᠠᠷ ᠬᠥᠷᠥᠩᠭᠡ ᠶᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠦᠷ᠎ᠡ | ᠪᠦᠲᠦᠮᠵᠢ ᠨᠢ ᠶᠠᠮᠠᠷ ᠵᠡᠷᠭᠡ ᠪᠣᠶ︖ | ᠵᠠᠬ᠎ᠠ ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠴᠤ ᠂ ᠦᠷᠭᠦᠯᠵᠢᠯᠡᠨ ᠪᠠᠭᠤᠷᠠᠬᠤ ᠶᠢ ᠵᠣᠭᠰᠤᠭᠠᠬᠤ | ᠳᠣᠭᠲᠠᠭᠤᠨ ᠪᠠᠶᠢᠳᠠᠯ ᠳᠤ ᠤᠷᠤᠬᠤ ᠪᠤᠯᠤᠮᠵᠢ ᠲᠠᠢ ᠪᠠᠶᠢᠨ᠎ᠠ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ ᠂ 10 ᠳ᠋ᠤᠭᠠᠷ ᠰᠠᠷ᠎ᠠ ᠳᠤ ᠪᠥᠬᠦ ᠤᠯᠤᠰ ᠤᠨ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠬᠡᠷ ᠪᠠᠶᠢᠰᠢᠩ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ ᠂ ᠨᠢᠳᠤᠨᠤᠨ ᠤ 6 ᠳ᠋ᠤᠭᠠᠷ ᠰᠠᠷ᠎ᠠ ᠠᠴᠠ ᠬᠤᠶᠢᠰᠢ ᠠᠩᠬ᠎ᠠ | ᠤᠳᠠᠭ᠎ᠠ ᠡᠶᠡᠷᠭᠦ ᠨᠡᠮᠡᠭᠳᠡᠯ ᠲᠠᠢ ᠪᠣᠯᠪᠠ ᠃ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ | ᠥᠰᠥᠭ ᠵᠢᠷᠤᠵᠤ ᠠᠷᠠᠯᠵᠢᠶᠠᠯᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠵᠦ ᠂ 7 | ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ ᠃ | ︽ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠤ ᠢᠳᠡᠪᠬᠢᠲᠡᠢ ᠬᠤᠪᠢᠷᠠᠯᠲᠠ | ᠭᠠᠷᠴᠠᠢ︾ ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠷᠸ᠎ᠠ ᠠᠵᠤ ᠠᠬᠤᠶ ᠶᠢᠨ | ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠯᠢᠦ ᠯᠢᠨ ᠠᠴᠠ ᠂ ︽ᠴᠠᠭᠠᠨ ᠲᠠᠩᠰᠠ︾ ᠶᠢᠨ ᠵᠢᠭᠡᠯᠡᠯᠭᠡ ᠲᠠᠯᠪᠢᠬᠤ | ᠡᠷᠴᠢᠮ ᠢ ᠴᠢᠩᠭᠠᠷᠠᠭᠤᠯᠵᠤ ᠂ ᠬᠦᠤ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠂ ᠠᠩᠬ᠎ᠠ ᠲᠤᠰᠢᠶᠠᠬᠤ ᠮᠦᠩᠭᠦ ᠶᠢ | ᠪᠠᠭᠤᠷᠠᠭᠤᠯᠬᠤ ᠂ ᠦᠯᠡᠳᠡᠭᠡᠯ ᠭᠡᠷ ᠪᠠᠶᠢᠰᠢᠩ ᠪᠤᠶᠤ ᠭᠠᠵᠠᠷ ᠰᠢᠷᠤᠢ ᠶᠢ ᠡᠭᠡᠭᠦᠯᠦᠨ ᠬᠤᠳᠠᠯᠳᠤᠨ ᠠᠪᠬᠤ ᠪᠤᠶᠤ | ᠭᠠᠵᠠᠷ ᠰᠢᠷᠣᠶ ᠂ ᠬᠠᠭᠤᠴᠢᠨ ᠵᠣᠭᠤᠰ ᠢ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢᠨ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠠᠮᠲᠤ ᠶᠢᠨ ᠦᠢᠯᠡᠳᠦᠯ ᠢ | ᠴᠢᠩᠭᠠᠷᠠᠭᠤᠯᠵᠤ ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠬᠠᠷᠠᠯᠲᠠ ᠲᠣᠳᠣᠷᠬᠠᠢ ᠂ | ᠡᠷᠴᠢᠮ ᠭᠦᠢᠴᠡᠳ ᠪᠠᠶᠢᠨ᠎ᠠ ᠭᠡᠵᠦ ᠬᠡᠯᠡᠪᠡ ᠃ | 9 ᠳ᠋ᠦ᠋ᠭᠡᠷ ᠰᠠᠷ᠎ᠠ ᠶᠢᠨ 26 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠂ ︽︿ᠴᠠᠭᠠᠨ ᠨᠡᠷᠡᠰ ᠤᠨ ᠵᠢᠭᠰᠠᠭᠠᠯᠲᠠ﹀ ᠶᠢᠨ | ᠲᠦᠷᠦᠯ ᠵᠦᠢᠯ ᠤᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ︾ ᠭᠡᠵᠦ ᠳᠤᠷᠠᠳᠴᠠᠢ ᠃ 10 ᠳ᠋ᠤᠭᠠᠷ | ᠰᠠᠷ᠎ᠠ ᠠᠴᠠ ᠨᠠᠭᠠᠰᠢ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠴᠠᠭᠠᠨ ᠨᠡᠷᠡᠰ ᠤᠨ ᠵᠢᠭᠰᠠᠭᠠᠯᠲᠠ︾ | ᠶᠢᠨ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ | ᠠᠬᠢᠭᠤᠯᠪᠠ ᠃ 11 ᠳ᠋ᠦ᠋ᠭᠡᠷ ᠰᠠᠷ᠎ᠠ ᠶᠢᠨ 18 ᠤ ᠡᠳᠦᠷ ᠪᠣᠯᠲᠠᠯ᠎ᠠ ᠂ ᠬᠤᠳᠠᠯᠳᠤᠭᠠᠨ ᠤ ᠪᠠᠩᠬᠢ ᠨᠢᠭᠡᠨᠲᠡ ᠬᠢᠨᠠᠨ | ᠵᠥᠪᠰᠢᠶᠡᠷᠡᠵᠦ ᠪᠠᠲᠤᠯᠠᠭᠰᠠᠨ ︽ᠴᠠᠭᠠᠨ ᠨᠡᠷᠡᠰ ᠤᠨ ᠵᠢᠭᠰᠠᠭᠠᠯᠲᠠ︾ ᠶᠢᠨ ᠲᠥᠷᠥᠯ ᠵᠦᠢᠯ ᠤᠨ ᠵᠢᠭᠡᠯᠡᠯᠭᠡ ᠶᠢᠨ | ᠵᠣᠭᠤᠰ ᠤᠨ ᠲᠤᠭ᠎ᠠ 3 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃ | ︽ᠡᠯ᠎ᠡ ᠬᠤᠲᠠ ᠶᠢᠨ ᠵᠣᠬᠢᠴᠠᠭᠤᠯᠬᠤ ᠲᠣᠭᠲᠠᠴᠠ ᠠᠴᠠ ᠠᠰᠠᠭᠤᠳᠠᠯ ᠤᠨ ᠲᠥᠷᠥᠯ ᠵᠦᠢᠯ ᠢ ᠰᠡᠷᠭᠦᠭᠡᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ ᠂ ᠵᠢᠭᠡᠯᠡᠯᠭᠡ ᠲᠠᠯᠪᠢᠬᠤ ᠨᠥᠬᠦᠴᠡᠯ ᠢ ᠨᠠᠶᠢᠳᠠᠪᠤᠷᠢᠵᠢᠭᠤᠯᠤᠨ ᠂ ᠬᠢᠷᠢ | ᠲᠡᠩᠴᠡᠭᠰᠡᠨ ᠲᠥᠷᠥᠯ ᠵᠦᠢᠯ ᠢ ︿ᠣᠷᠣᠭᠤᠯᠪᠠᠰᠤ ᠵᠣᠬᠢᠬᠤ ᠶᠢ ᠨᠢ ᠪᠦᠬᠦᠨ ᠢ ᠣᠷᠣᠭᠤᠯᠬᠤ﹀︔ ︿ᠴᠠᠭᠠᠨ | ᠨᠡᠷᠡᠰ ᠤᠨ ᠵᠢᠭᠰᠠᠭᠠᠯᠲᠠ﹀ ᠶᠢᠨ ᠲᠥᠷᠥᠯ ᠵᠦᠢᠯ ᠳᠤ ᠂ ᠬᠤᠳᠠᠯᠳᠤᠭᠠᠨ ᠤ ᠪᠠᠩᠬᠢ ᠠᠴᠠ ᠬᠢᠨᠠᠨ ᠵᠥᠪᠰᠢᠶᠡᠷᠡᠬᠦ ᠡᠷᠬᠡ | ᠮᠡᠳᠡᠯ ᠢ ᠵᠣᠬᠢᠬᠤ ᠬᠡᠮᠵᠢᠶ᠎ᠡ ᠪᠠᠷ ᠪᠠᠭᠤᠯᠭᠠᠵᠤ ᠂ ᠬᠢᠨᠠᠨ ᠵᠥᠪᠰᠢᠶᠡᠷᠡᠵᠦ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ ᠂ ︿ᠵᠢᠭᠡᠯᠡᠯᠭᠡ ᠲᠠᠯᠪᠢᠪᠠᠰᠤ ᠵᠣᠬᠢᠬᠤ ᠶᠢ ᠨᠢ ᠪᠦᠬᠦᠨ ᠳᠤ ᠵᠢᠭᠡᠯᠡᠯᠭᠡ ᠥᠭᠬᠦ﹀︾ ᠶᠢ | ᠪᠡᠶᠡᠯᠡᠭᠦᠯᠦᠨ᠎ᠡ ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢᠯᠡᠳᠭᠡᠪᠡ ᠃ | ︽︿ᠴᠠᠭᠠᠨ ᠨᠡᠷᠡᠰ ᠤᠨ ᠵᠢᠭᠰᠠᠭᠠᠯᠲᠠ﹀ ᠶᠢᠨ ᠲᠥᠷᠥᠯ ᠵᠦᠢᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ | ᠦᠷ᠎ᠡ ᠠᠰᠢᠭ ᠢ ᠨᠡᠮᠡᠭᠳᠡᠭᠦᠯᠬᠦ ᠨᠢ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠵᠤ ᠂ ᠨᠠᠩ ᠣᠯᠠᠨ ᠣᠷᠣᠨ ᠰᠠᠭᠤᠴᠠ ᠶᠢᠨ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠲᠤᠰᠢᠶᠠᠬᠤ ᠶᠢ ᠠᠬᠢᠭᠤᠯᠵᠤ ᠂ ᠡᠯ᠎ᠡ ᠲᠠᠯ᠎ᠠ ᠶᠢᠨ ᠢᠲᠡᠭᠡᠯ ᠵᠣᠷᠢᠭ ᠢ ᠬᠥᠪᠴᠢᠯᠡᠬᠦ ᠳᠤ ᠠᠰᠢᠭᠲᠠᠢ ᠶᠤᠮ ᠃ | ᠡᠭᠦᠨ ᠤ ᠬᠠᠮᠲᠤ ᠂ ᠡᠨᠡ ᠪᠣᠯ ᠬᠤᠳᠠᠯᠳᠤᠭᠠᠨ ᠤ ᠪᠠᠩᠬᠢ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠵᠢᠭᠡᠯᠡᠯᠭᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠬᠡᠷ ᠪᠠᠶᠢᠰᠢᠩ ᠭᠠᠵᠠᠷ | ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠲᠠᠢ ᠢᠵᠢ ᠪᠥᠷᠢᠳᠦᠭᠰᠡᠨ ᠢᠲᠡᠭᠡᠮᠵᠢᠲᠦ ᠵᠢᠭᠡᠯᠡᠯᠭᠡ ᠶᠢᠨ | ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠶ ᠶᠤᠮ ᠃ ᠱᠠᠩᠬᠠᠢ ᠶᠢᠨ ᠮᠥᠩᠭᠦᠨ | ᠭᠦᠢᠯᠭᠡᠭᠡ ᠪᠣᠯᠤᠨ ᠬᠦᠭᠵᠢᠯᠲᠡ ᠶᠢᠨ ᠲᠤᠷᠰᠢᠯᠲᠠ ᠶᠢᠨ ᠭᠡᠷ ᠤᠨ ᠡᠷᠬᠢᠯᠡᠭᠴᠢ ᠂ ᠲᠦᠷᠦᠭᠦᠦ ᠲᠤᠰᠬᠠᠢ ᠮᠡᠷᠭᠡᠵᠢᠯᠲᠡᠨ | ᠽᠧᠩ ᠭᠠᠩ ᠬᠡᠯᠡᠪᠡ ᠃ | ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠨᠢ | ᠬᠡᠷᠡᠭᠯᠡᠭᠴᠢᠳ ᠲᠤ ᠦᠨᠡᠨ ᠪᠣᠳᠠᠲᠠᠢ ᠠᠰᠢᠭ ᠬᠦᠷᠲᠡᠭᠰᠡᠨ ᠲᠥᠷᠥᠭᠳᠡᠯ ᠣᠯᠭᠤᠨ᠎ᠠ ᠃ ᠬᠠᠳᠠᠭᠠᠯᠠᠭᠳᠠᠵᠤ ᠪᠠᠶᠢᠭ᠎ᠠ ᠭᠡᠷ | ᠪᠠᠶᠢᠰᠢᠩ ᠤᠨ ᠵᠢᠭᠡᠯᠡᠯᠭᠡ ᠶᠢᠨ ᠬᠦᠦ ᠶᠢᠨ ᠨᠤᠷᠮ᠎ᠠ ᠳᠤ ᠲᠣᠬᠢᠷᠠᠭᠤᠯᠤᠯᠲᠠ ᠬᠢᠵᠦ 5000 ᠲᠦᠮᠡᠨ ᠡᠷᠦᠬᠡ ᠭᠡᠷ | ᠪᠦᠯᠢ ᠳᠤ ᠠᠰᠢᠭ ᠬᠦᠷᠲᠡᠭᠡᠵᠦ ᠂ ᠵᠢᠯ ᠪᠦᠷᠢ ᠭᠡᠷ ᠪᠦᠯᠢ ᠶᠢᠨ ᠬᠦᠦ ᠮᠥᠩᠭᠦ ᠶᠢᠨ ᠵᠠᠷᠤᠯᠭ᠎ᠠ ᠶᠢ ᠪᠠᠷᠤᠭ 1500 | ᠳ᠋ᠦᠩᠰᠢᠭᠤᠷ ᠲᠥᠭᠦᠷᠢᠭ ᠪᠠᠭᠠᠰᠬᠠᠨ᠎ᠠ ᠃ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠂ ᠦᠯᠡᠳᠡᠭᠡᠯ ᠣᠷᠣᠨ | ᠰᠠᠭᠤᠴᠠ ᠶᠢᠨ ᠵᠢᠭᠡᠯᠡᠯᠭᠡ ᠵᠢᠭᠡᠯᠡᠭᠴᠢ ᠪᠠᠩᠬᠢ ᠯᠤᠭ᠎ᠠ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠳᠠᠬᠢᠨ | ᠪᠣᠯᠵᠣᠨ ᠲᠣᠭᠲᠠᠵᠤ ᠪᠣᠯᠤᠨ᠎ᠠ ᠂ ᠰᠢᠨ᠎ᠡ ᠪᠠᠷ ᠲᠠᠷᠬᠠᠭᠠᠭᠰᠠᠨ ᠭᠡᠷ ᠪᠠᠶᠢᠰᠢᠩ ᠤᠨ ᠵᠢᠭᠡᠯᠡᠯᠭᠡ ᠵᠢᠭᠡᠯᠡᠭᠴᠢ ᠴᠤ ᠳᠠᠬᠢᠵᠤ | ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠡᠵᠡᠨ ᠮᠡᠳᠡᠨ ᠰᠣᠩᠭᠤᠵᠤ ᠪᠣᠯᠤᠨ᠎ᠠ ᠃ LPR | ᠳᠤᠷᠤᠭᠰᠢᠯᠠᠬᠤ ᠦᠶᠡᠯᠡᠯ ᠤᠨ ᠬᠤᠭᠤᠴᠠᠭᠠᠨ ᠳᠤ ᠵᠣᠭᠤᠰ ᠵᠢᠭᠡᠯᠡᠭᠴᠢ ᠬᠦᠦ ᠮᠥᠩᠭᠦ ᠶᠢᠨ ᠨᠣᠷᠮ᠎ᠠ ᠳᠤᠷᠤᠭᠰᠢᠯᠠᠬᠤ | ︽ᠠᠰᠢᠭ ᠲᠤᠰᠠ︾ ᠶᠢ ᠨᠡᠩ ᠲᠦᠷᠭᠡᠨ ᠬᠦᠷᠲᠡᠵᠦ ᠪᠣᠯᠤᠨ᠎ᠠ ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ 11 ᠳ᠋ᠤᠭᠡᠷ ᠰᠠᠷ᠎ᠠ ᠳᠤ ᠂ ᠰᠢᠨ᠎ᠡ ᠪᠠᠷ ᠬᠤᠪᠢ ᠬᠥᠮᠦᠨ ᠤ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ 3.08% ᠪᠣᠯᠤᠨ᠎ᠠ ᠃ ︽ᠠᠩᠬ᠎ᠠ ᠲᠤᠰᠢᠶᠠᠬᠤ | ᠪᠠ ᠬᠦᠦ ᠶᠢᠨ ᠨᠣᠷᠮ᠎ᠠ ᠵᠡᠷᠭᠡ ᠶᠢᠨ ᠬᠤᠪᠢᠷᠠᠯᠲᠠ ᠨᠢ ᠰᠠᠭᠤᠭᠠᠯᠢ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ | ᠲᠣᠭᠠᠴᠠᠭ᠎ᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ︾ ᠃ ᠲᠥᠷᠥ ᠶᠢᠨ ᠶᠠᠪᠤᠳᠠᠯ ᠤᠨ ᠬᠤᠷᠢᠶᠠᠨ ᠤ | ᠬᠥᠭᠵᠢᠯᠲᠡ ᠶᠢᠨ ᠰᠤᠳᠤᠯᠭᠠᠨ ᠤ ᠲᠥᠪ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠤᠳᠤᠯᠭᠠᠨ ᠤ ᠭᠠᠵᠠᠷ ᠤᠨ | ᠳᠠᠷᠤᠭ᠎ᠠ ᠳ᠋ᠧᠩ ᠢᠦᠶ ᠰᠦᠩ ᠬᠡᠯᠡᠬᠦ ᠳᠡᠭᠡᠨ ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠬᠤᠪᠢᠷᠠᠯᠲᠠ ᠨᠢ | ᠬᠡᠷᠡᠭᠯᠡᠭᠴᠢᠳ ᠤᠨ ᠬᠤᠳᠠᠯᠳᠤᠨ ᠠᠪᠬᠤ ᠬᠦᠰᠡᠯ ᠢ ᠲᠤᠰᠬᠠᠵᠠᠶ ᠃ | ᠡᠭᠦᠨ ᠠᠴᠠ ᠭᠠᠳᠠᠨ᠎ᠠ ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠣᠭᠤᠳᠤᠨ ︽ᠮᠥᠩᠭᠦᠨ | ᠭᠦᠢᠯᠭᠡᠭᠡᠨ ᠤ 16 ᠵᠦᠢᠯ︾ ᠂ ᠡᠵᠡᠩᠨᠡᠯᠲᠡ ᠶᠢᠨ ᠴᠢᠨᠠᠷᠲᠠᠶ ᠠᠳᠠᠯ ᠠᠬᠤᠶ ᠶᠢᠨ ᠵᠢᠭᠡᠯᠡᠯᠭᠡ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠬᠡᠷᠡᠭᠯᠡᠭᠡᠨ ᠤ | ᠬᠤᠭᠤᠴᠠᠭ᠎ᠠ ᠶᠢ ᠤᠷᠲᠤᠳᠬᠠᠨ ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠵᠡᠷᠭᠡ | ᠪᠦᠲᠦᠴᠡ ᠶᠢᠨ ᠴᠢᠨᠠᠷᠲᠠᠶ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠨᠡᠶᠢᠲᠡᠯᠡᠵᠦ ᠂ 5000 | ᠳ᠋ᠦᠩᠰᠢᠭᠤᠷ ᠲᠥᠭᠦᠷᠢᠭ ᠤᠨ ᠪᠠᠷᠢᠴᠠᠭᠠᠲᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠦᠨ ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ︽ᠭᠤᠷᠪᠠᠨ ᠶᠡᠭᠡ ᠢᠨᠵᠧᠨᠧᠷᠢᠩ︾ ᠤᠨ ᠪᠥᠲᠥᠭᠡᠨ | ᠪᠠᠶᠢᠭᠤᠯᠤᠯᠲᠠ ᠶᠢ ᠳᠡᠮᠵᠢᠵᠦ ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠮᠥᠩᠭᠦᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ | ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠬᠤ ᠶᠢ ᠠᠬᠢᠭᠤᠯᠪᠠ ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠤᠭ ᠤᠨ ᠰᠢᠨ᠎ᠡ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠵᠢᠭᠡᠯᠡᠯᠭᠡ ᠶᠢ ᠰᠢᠨ᠎ᠡ ᠪᠠᠷ 2.2 ᠲᠦᠮᠡᠨ ᠳ᠋ᠦᠩᠰᠢᠭᠤᠷ ᠲᠥᠭᠦᠷᠢᠭ ᠲᠠᠯᠪᠢᠵᠤ ᠂ 9 ᠳ᠋ᠦ᠋ᠭᠡᠷ ᠰᠠᠷ᠎ᠠ ᠶᠢᠨ | ᠰᠡᠭᠦᠯᠴᠢ ᠶᠢᠨ ᠦᠯᠡᠳᠡᠪᠦᠷᠢ ᠲᠤᠭ᠎ᠠ ᠨᠢ ᠵᠢᠯ ᠤᠨ ᠡᠬᠢᠨ ᠤ ᠬᠢ ᠠᠴᠠ 4000 ᠳ᠋ᠦᠩᠰᠢᠭᠤᠷ ᠲᠥᠭᠦᠷᠢᠭ ᠨᠡᠮᠡᠭᠳᠡᠪᠡ︔ | ᠪᠠᠷᠢᠴᠠᠭᠠᠳᠤ ᠵᠢᠭᠡᠯᠡᠯᠭᠡ ᠂ ᠨᠡᠶᠢᠯᠡᠭᠦᠯᠦᠨ ᠬᠤᠳᠠᠯᠳᠤᠨ ᠠᠪᠬᠤ ᠵᠢᠭᠡᠯᠡᠯᠭᠡ ᠂ ᠡᠵᠡᠩᠨᠡᠯᠲᠡ ᠶᠢᠨ ᠴᠢᠨᠠᠷᠲᠠᠶ ᠠᠳᠠᠯ | ᠠᠬᠤᠶ ᠶᠢᠨ ᠵᠢᠭᠡᠯᠡᠯᠭᠡ ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠢᠭᠡᠯᠡᠯᠭᠡ ᠶᠢ ᠨᠡᠶᠢᠲᠡ 4.8 ᠲᠦᠮᠡᠨ | ᠳ᠋ᠦᠩᠰᠢᠭᠤᠷ ᠲᠥᠭᠦᠷᠢᠭ ᠰᠢᠨ᠎ᠡ ᠪᠠᠷ ᠲᠠᠷᠬᠠᠭᠠᠪᠠ ᠃ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠢᠷᠡᠬᠦ ᠵᠢᠯ ᠤᠨ ᠭᠡᠷ ᠪᠠᠶᠢᠰᠢᠩ ᠭᠠᠵᠠᠷ | ᠰᠢᠷᠤᠢ ᠶᠢᠨ ᠬᠥᠷᠥᠩᠭᠡ ᠶᠢᠨ ᠠᠵᠢᠯ ᠳᠤ ᠪᠠᠶᠢᠷᠢᠯᠠᠭᠤᠯᠤᠯᠲᠠ ᠬᠢᠵᠦ ᠭᠡᠷ ᠪᠠᠶᠢᠰᠢᠩ ᠭᠠᠵᠠᠷ ᠰᠢᠷᠤᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠪᠠ ᠲᠣᠭᠲᠠᠭᠤᠨ ᠪᠠᠶᠢᠳᠠᠯ ᠢ ᠦᠷᠭᠦᠯᠵᠢᠯᠡᠨ ᠬᠦᠴᠦᠯᠡᠨ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ ᠲᠥᠪ ᠤᠨ ᠡᠳ᠋ ᠤᠨ ᠵᠠᠰᠠᠭ ᠤᠨ ᠠᠯᠪᠠᠨ ᠭᠡᠷ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠨᠥᠬᠦᠳ ᠤᠨ ᠦᠵᠡᠬᠦ ᠪᠠᠷ ᠂ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠭᠤᠷᠪᠠᠨ | ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ᠄ ᠨᠢᠭᠡ ᠳᠤ ᠂ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ | ᠪᠠᠳᠠᠷᠠᠭᠤᠯᠵᠤ ᠂ ᠬᠤᠷᠢᠭ᠎ᠠ ᠴᠡᠭ ᠢ ᠪᠥᠭᠯᠡᠬᠦ ᠶᠢ ᠨᠡᠪᠲᠡᠷᠡᠭᠦᠯᠵᠦ ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷ | ᠪᠣᠯᠣᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ︔ | ᠬᠤᠶᠠᠷ ᠲᠤ ᠂ ᠬᠠᠩᠭᠠᠯᠭ᠎ᠠ ᠶᠢ ᠬᠦᠴᠦᠯᠡᠨ ᠰᠠᠶᠢᠵᠢᠷᠠᠭᠤᠯᠵᠤ ᠂ ᠲᠠᠸᠠᠷ ᠤᠨ ᠭᠡᠷ ᠪᠠᠶᠢᠰᠢᠩ ᠤᠨ ᠪᠦᠳᠦᠭᠡᠨ | ᠪᠠᠶᠢᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠂ | ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ ᠂ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ | ᠠᠬᠢᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ | ᠪᠠᠶᠢᠭᠤᠯᠵᠤ ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠤᠨ ᠳᠠᠯᠳᠠ ᠭᠡᠮ ᠢ ᠦᠨᠳᠦᠰᠦᠨ ᠠᠴᠠ ᠨᠢ | ᠰᠢᠢᠳᠪᠦᠷᠢᠯᠡᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ | ︽ᠶᠡᠷᠦᠩᠬᠡᠶ ᠳᠤᠨᠢ ᠠᠪᠴᠤ ᠦᠵᠡᠪᠡᠯ ᠂ ᠮᠠᠨ ᠤ ᠤᠯᠤᠰ ᠤᠨ ᠬᠡᠷ ᠪᠠᠶᠢᠰᠢᠩ ᠭᠠᠵᠠᠷ ᠬᠥᠷᠥᠩᠭᠡ ᠶᠢᠨ | ᠠᠰᠠᠭᠤᠳᠠᠯ ᠪᠣᠯ ᠡᠮᠦᠨ᠎ᠡ ᠨᠢ ᠤᠷᠤᠭᠰᠢᠯᠠᠬᠤ ᠳᠤᠮᠳᠠ ᠂ ᠬᠡᠯᠪᠡᠷᠢ ᠪᠠᠨ ᠬᠤᠪᠢᠷᠠᠭᠤᠯᠬᠤ ᠳᠤᠮᠳᠠ ᠲᠤᠯᠭᠠᠷᠠᠭᠰᠠᠨ | ᠠᠰᠠᠭᠤᠳᠠᠯ ᠪᠣᠯᠤᠨ᠎ᠠ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠬᠠᠮᠲᠤ ᠦᠷᠭᠦᠯᠵᠢᠯᠡᠨ ᠬᠦᠴᠦᠯᠡᠬᠦ ᠶᠢ ᠳᠠᠭᠠᠯᠳᠤᠨ ᠂ ᠵᠠᠬ᠎ᠠ ᠳᠡᠯᠭᠡᠭᠦᠷ ᠤᠯᠠᠮ ᠨᠢᠭᠡ | ᠠᠯᠬᠤᠮ ᠲᠣᠭᠲᠠᠭᠤᠨ ᠪᠣᠯᠵᠣ ᠂ ᠠᠵᠢᠯ ᠲᠥᠷᠥᠯ ᠲᠦᠷᠭᠡᠨ ᠰᠠᠶᠢᠵᠢᠷᠠᠵᠤ ᠂ ᠬᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ ᠂ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ | ᠰᠠᠶᠢᠲᠠᠶ ᠬᠥᠭᠵᠢᠯᠲᠡ ᠶᠢ ᠴᠤ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠤᠨ᠎ᠠ︾ ᠭᠡᠵᠡᠶ ᠃ ᠲᠥᠪ ᠤᠨ ᠡᠳ᠋ ᠤᠨ | ᠵᠠᠰᠠᠭ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠭᠡᠪᠡ ᠃ | ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠤᠭᠠᠳ ᠶᠠᠮᠠᠷ ᠶᠠᠮᠠᠷ | ᠠᠬᠢᠴᠠ ᠲᠠᠢ ᠪᠣᠯᠤᠭᠰᠠᠨ ᠪᠤᠢ︖ | ᠭᠠᠳᠠᠭᠠᠳᠤ ᠪᠡᠯᠡ ᠶᠢ ᠲᠡᠳᠡᠨ ᠠᠪᠴᠢᠷᠠᠬᠤ ᠪᠠ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ ᠂ ᠪᠠᠷᠠᠭᠠᠨ ᠤ | ᠠᠷᠠᠯᠵᠢᠶ᠎ᠠ ᠶᠢᠨ ᠠᠷᠠᠳ ᠤᠨ ᠵᠣᠭᠤᠰ ᠤᠨ ᠬᠢᠯᠢ ᠠᠯᠤᠰᠯᠠᠭᠰᠠᠨ ᠣᠷᠣᠯᠭ᠎ᠠ ᠵᠠᠷᠤᠯᠭ᠎ᠠ ᠶᠢᠨ ᠵᠣᠭᠤᠰ ᠤᠨ ᠲᠤᠭ᠎ᠠ | ᠨᠡᠯᠢᠶᠡᠳ ᠲᠦᠷᠭᠡᠨ ᠨᠡᠮᠡᠭᠳᠡᠪᠡ | ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠲᠡᠮᠳᠡᠭ | ᠪᠣᠯᠬᠤ ᠪᠥᠭᠡᠳ ᠪᠠᠰᠠ ᠴᠤ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ | ᠬᠥᠳᠡᠯᠭᠡᠬᠦ ᠬᠦᠴᠦᠨ ᠮᠥᠨ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ︽ᠲᠣᠭᠲᠠᠭᠠᠯ︾ ᠳᠤ ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠬᠡᠬᠡᠯᠳᠡ ᠶᠢ | ᠠᠬᠢᠭᠤᠯᠵᠤ ᠂ ᠠᠷᠠᠳ ᠤᠨ ᠵᠣᠭᠤᠰ ᠤᠨ ᠤᠯᠠᠨ ᠤᠯᠤᠰᠴᠢᠯᠠᠯᠳᠠ ᠶᠢ ᠯᠠᠪᠳᠠᠭᠤᠨ ᠪᠣᠯᠭᠤᠮᠵᠢᠲᠠᠢ ᠯᠠᠪᠳᠠᠭᠤᠨ ᠢᠶᠠᠷ | ᠠᠬᠢᠭᠤᠯᠵᠤ ᠂ ᠠᠷᠠᠳ ᠤᠨ ᠵᠣᠭᠤᠰ ᠤᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠢ ᠬᠥᠭᠵᠢᠭᠦᠯᠦᠨ᠎ᠡ ᠃ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ ᠂ | ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠬᠤᠯᠪᠣᠭᠳᠠᠯ | ᠪᠥᠬᠦᠶ ᠬᠠᠷᠢᠭᠤᠴᠠᠯᠭᠠᠲᠠᠨ ᠬᠡᠯᠡᠬᠦ ᠳᠡᠭᠡᠨ ᠂ ᠣᠷᠣᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ | ᠬᠠᠷᠠᠭᠠᠯᠵᠠᠯ ᠳᠡᠭᠡᠷ᠎ᠡ ᠨᠠᠵᠠᠭᠠᠢ ᠲᠠᠯ᠎ᠠ ᠶᠢᠨ ᠨᠠᠷᠢᠨ ᠳᠠᠩᠰᠠ ᠨᠡᠮᠡᠬᠦ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ | ᠦᠭᠡᠢ ᠲᠡᠭᠦᠯᠳᠡᠷᠵᠢᠭᠦᠯᠵᠦ ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ ᠤ | ᠬᠡᠯᠡᠯᠴᠡᠭᠡᠷ ᠲᠠᠬᠢ ᠮᠥᠩᠭᠦᠨ ᠭᠦᠢᠯᠭᠡᠭᠡᠨ ᠤ ᠬᠦᠷᠢᠶᠡᠨ ᠤ ᠬᠤᠯᠪᠣᠭᠳᠠᠯ ᠪᠥᠬᠦᠶ ᠲᠦᠷᠢᠮ ᠲᠠᠢ ᠬᠠᠷᠢᠴᠠᠭᠤᠯᠤᠨ ᠂ | ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢᠶᠠᠨ ᠴᠢᠩᠭᠠᠷᠠᠭᠤᠯᠤᠨ᠎ᠠ ᠃ ᠡᠨᠡ ᠵᠢᠯ ᠠᠴᠠ ᠨᠠᠭᠠᠰᠢ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠡᠭᠡᠭᠡᠯᠲᠡ ᠶᠢᠨ ᠰᠢᠨ᠎ᠡ ᠠᠷᠭ᠎ᠠ | ᠬᠡᠮᠵᠢᠶ᠎ᠡ ᠶᠢ ᠢᠳᠡᠪᠬᠢᠲᠡᠶ ᠰᠤᠳᠤᠯᠤᠨ ᠭᠠᠷᠭᠠᠵᠤ ᠂ ᠬᠢᠯᠢ ᠶᠢᠨ ᠭᠠᠳᠠᠨᠠᠬᠢ ᠪᠠᠶᠢᠭᠤᠯᠤᠮᠵᠢ ᠶᠢ ᠮᠥᠩᠭᠦᠨ ᠭᠦᠢᠯᠭᠡᠭᠡᠨ ᠤ | ᠲᠦᠷᠢᠶᠡᠰᠦᠯᠡᠯ ᠤᠨ ᠺᠣᠮᠫᠠᠨᠢ ᠶᠢᠨ ᠪᠡᠯᠡ ᠭᠠᠷᠭᠠᠭᠴᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠵᠡᠷᠭᠡ ᠶᠢ ᠤᠯᠠᠮ | ᠨᠢᠭᠡ ᠠᠯᠬᠤᠮ ᠠᠭᠤᠵᠢᠭᠤ ᠲᠠᠯᠪᠢᠵᠠᠢ ᠃ 9 ᠳ᠋ᠦ᠋ᠭᠡᠷ ᠰᠠᠷ᠎ᠠ ᠶᠢᠨ ᠰᠡᠭᠦᠯᠴᠢ ᠪᠤᠯᠲᠠᠯ᠎ᠠ ᠂ ᠭᠠᠲᠠᠭᠠᠲᠤ ᠶᠢᠨ ᠪᠠᠯᠠ ᠶᠢᠨ | ᠪᠠᠩᠭᠢ ᠨᠢ ᠳᠤᠮᠲᠠᠲᠤ ᠤᠯᠤᠰ ᠲᠤ ᠨᠡᠶᠢᠲᠡ 41 ᠭᠠᠲᠠᠭᠠᠲᠤ ᠶᠢᠨ ᠪᠡᠯᠡ ᠶᠢᠨ ᠬᠠᠤᠯᠢ ᠶᠢᠨ ᠡᠷᠭᠡᠲᠡᠨ ᠤ ᠪᠠᠩᠭᠢ ᠪᠠ | 116 ᠭᠠᠲᠠᠭᠠᠲᠤ ᠶᠢᠨ ᠪᠠᠩᠭᠢ ᠶᠢᠨ ᠬᠤᠪᠢᠶᠠᠷᠢ ᠪᠠᠩᠭᠢ ᠶᠢ ᠪᠠᠶᠢᠭᠤᠯᠵᠤ ᠂ ᠭᠠᠲᠠᠭᠠᠲᠤ ᠪᠡᠯᠡ ᠶᠢᠨ ᠪᠠᠩᠭᠢ ᠶᠢᠨ | ᠶᠡᠷᠦᠩᠭᠡᠢ ᠡᠳ᠋ ᠬᠦᠷᠦᠩᠬᠡ 3.90 ᠳᠦᠮᠡᠨ ᠳ᠋ᠦᠩᠰᠢᠭᠤᠷ ᠳᠦᠭᠦᠷᠢᠭ ᠲᠤ ᠬᠦᠷᠴᠡᠢ︔ ᠬᠢᠯᠢ ᠶᠢᠨ ᠭᠠᠲᠠᠨᠠᠭᠢ | ᠲᠠᠭᠠᠳᠬᠠᠯ ᠤᠨ ᠪᠠᠶᠢᠭᠤᠯᠤᠮᠵᠢ ᠳᠤᠮᠲᠠᠲᠤ ᠤᠯᠤᠰ ᠲᠤ ᠨᠡᠶᠢᠲᠡ 67 ᠭᠠᠲᠠᠭᠠᠲᠤ ᠪᠡᠯᠡ ᠶᠢᠨ ᠲᠠᠭᠠᠳᠬᠠᠯ ᠤᠨ | ᠪᠠᠶᠢᠭᠤᠯᠤᠮᠵᠢ ᠪᠠᠶᠢᠭᠤᠯᠵᠤ ᠂ ᠶᠡᠷᠦᠩᠭᠡᠢ ᠡᠳ᠋ ᠬᠦᠷᠦᠩᠬᠡ ᠨᠢ 2.82 ᠳᠦᠮᠡᠨ ᠳ᠋ᠦᠩᠰᠢᠭᠤᠷ ᠳᠦᠭᠦᠷᠢᠭ ᠲᠤ | ᠬᠦᠷᠴᠡᠢ ᠃ | ᠭᠠᠳᠠᠭᠠᠳᠤ ᠪᠡᠯᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ | ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠪᠠᠶᠢᠭᠤᠯᠤᠮᠵᠢ ᠶᠢᠨ ᠳᠤᠮᠳᠠᠳᠤ ᠤᠯᠤᠰ ᠤᠨ ᠮᠥᠩᠭᠦᠨ | ᠭᠦᠢᠯᠭᠡᠭᠡᠨ ᠤ ᠵᠠᠬ᠎ᠠ ᠳᠡᠯᠭᠡᠭᠦᠷ ᠲᠤ ᠨᠡᠩ ᠪᠦᠬᠦ ᠲᠠᠯ᠎ᠠ ᠪᠠᠷ ᠭᠦᠨᠵᠡᠭᠡᠢ ᠣᠷᠣᠯᠴᠠᠬᠤ ᠶᠢ ᠳᠡᠮᠵᠢᠨ᠎ᠡ ᠃ ᠭᠠᠳᠠᠭᠠᠳᠤ | ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ ᠂ | ᠬᠢᠨᠠᠯᠲᠠ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠵᠣᠬᠢᠬᠤ ᠬᠡᠮᠵᠢᠶᠡᠨ ᠤ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ᠎ᠡ ᠃ ᠭᠠᠳᠠᠭᠠᠳᠤ ᠪᠡᠯᠡ ᠶᠢᠨ ᠪᠠᠩᠬᠢ ᠶᠢ ᠠᠬᠢᠭᠤᠯᠵᠤ ᠂ | ᠡᠬᠡ ᠪᠠᠩᠬᠢ ᠯᠦᠭᠡ ᠬᠤᠯᠪᠣᠭᠰᠠᠨ ᠳᠠᠪᠠᠭᠤᠯᠢᠭ ᠢᠶᠠᠨ ᠨᠡᠩ ᠰᠠᠢᠨ ᠪᠠᠳᠠᠷᠠᠭᠤᠯᠵᠤ ᠂ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠴᠢᠳᠠᠪᠤᠷᠢ ᠪᠠᠨ ᠴᠢᠩᠭᠠᠳᠬᠠᠨ᠎ᠠ ᠃ ᠨᠥᠬᠦᠴᠡᠯ ᠳᠤ ᠨᠡᠶᠢᠴᠡᠬᠦ ᠭᠠᠳᠠᠭᠠᠳᠤ ᠪᠡᠯᠡ ᠶᠢᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠲᠤᠷᠰᠢᠯᠲᠠ ᠳᠤ | ᠣᠷᠣᠯᠴᠠᠬᠤ ᠶᠢ ᠳᠡᠮᠵᠢᠨ᠎ᠡ ᠃ | ᠠᠷᠠᠳ ᠤᠨ ᠵᠣᠭᠤᠰ ᠢ ᠳᠡᠯᠡᠬᠡᠶᠢᠴᠢᠯᠡᠬᠦ ᠶᠠᠪᠤᠳᠠᠯ ᠯᠠᠪᠳᠠᠭᠤᠨ ᠪᠠᠲᠤᠲᠠᠢ ᠶᠠᠪᠤᠭᠳᠠᠵᠤ ᠪᠠᠶᠢᠨ᠎ᠠ ᠃ ᠳᠣᠮᠲᠠᠲᠤ | ᠤᠯᠤᠰ ᠤᠨ ᠠᠷᠠᠣᠠ ᠤᠨ ᠪᠠᠩᠭᠢ ᠶᠢᠨ ᠬᠤᠯᠪᠤᠬᠲᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ | ᠬᠡᠯᠠᠭᠦ ᠳᠤ ᠪᠠᠨ ᠂ ᠠᠷᠠᠣᠠ ᠤᠨ ᠵᠣᠭᠤᠰ ᠢ ᠲᠠᠯᠠᠭᠡᠶᠢᠴᠢᠯᠠᠭᠦ ᠰᠠᠭᠤᠷᠢ ᠳᠦᠭᠦᠭᠡᠷᠣᠮᠵᠢ ᠶᠢ ᠲᠠᠭᠦᠯᠲᠠᠷᠵᠢᠭᠦᠯᠣᠠ ᠂ | ᠢᠯᠭᠠᠷᠠᠭᠤᠯᠤᠨ ᠪᠤᠲᠤᠬᠤ ᠪᠠᠩᠭᠢ ᠶᠢᠨ ᠳᠣᠬᠠᠢ ᠳᠦᠷᠤ ᠶᠢᠨ ᠪᠤᠲᠣᠯᠭ᠎ᠠ ᠶᠢᠨ ᠲᠠᠮᠵᠢᠯᠭᠡ ᠪᠠ ᠳᠣᠰᠢᠶᠠᠯ ᠢᠶᠠᠨ | ᠭᠦᠢᠴᠡᠳᠭᠡᠬᠦ ᠬᠠᠮᠢᠶᠠᠷᠣᠯᠲᠠ ᠶᠢ ᠴᠢᠩᠭᠠᠳᠬᠠᠵᠦ ᠂ ᠠᠷᠠᠣᠠ ᠤᠨ ᠵᠣᠭᠤᠰ ᠢ ᠢᠯᠭᠠᠷᠠᠭᠤᠯᠤᠨ ᠪᠤᠲᠤᠬᠤ ᠪᠠᠩᠭᠢ ᠶᠢᠨ | ᠪᠠᠶᠢᠷᠢᠯᠠᠭᠤᠯᠣᠯᠲᠠ ᠶᠢ ᠰᠢᠯᠢᠳᠡᠭᠵᠢᠭᠦᠯᠦᠨ᠎ᠡ ᠬᠡᠵᠠᠢ ᠃ ᠣᠳᠣ ᠪᠣᠯᠲᠠᠯ᠎ᠠ ᠂ 32 ᠤᠯᠤᠰ ᠪᠣᠯᠣᠨ ᠭᠠᠵᠠᠷ ᠣᠷᠣᠨ ᠳᠤ | ᠠᠷᠠᠳ ᠤᠨ ᠵᠣᠭᠤᠰ ᠢ ᠢᠯᠭᠠᠷᠠᠭᠤᠯᠤᠨ ᠪᠣᠳᠣᠬᠤ ᠪᠠᠩᠬᠢ ᠂ ᠪᠥᠮᠪᠥᠷᠴᠡᠭ ᠤᠨ ᠭᠤᠣᠯ ᠮᠥᠩᠭᠦᠨ ᠭᠦᠢᠯᠭᠡᠭᠡᠨ ᠤ | ᠲᠥᠪ ᠢ ᠬᠠᠮᠤᠷᠴᠠᠶ ᠃ | ᠡᠭᠦᠨ ᠠᠴᠠ ᠭᠠᠳᠠᠨ᠎ᠠ ᠂ ᠠᠷᠠᠯᠵᠢᠶᠠᠨ ᠤ ᠪᠠᠯᠠ ᠣᠷᠣᠭᠤᠯᠤᠯᠲᠠ ᠶᠢ ᠳᠥᠭᠦᠮᠴᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ ᠂ ᠳᠤᠮᠳᠠᠳᠤ ᠤᠯᠤᠰ ᠤᠨ ᠠᠷᠠᠳ ᠤᠨ ᠪᠠᠩᠬᠢ ᠣᠯᠠᠨ ᠵᠦᠢᠯ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠨᠡᠶᠢᠲᠡᠯᠡᠵᠦ ᠂ ᠪᠠᠶᠢᠩᠭᠤ ᠶᠢᠨ ᠵᠦᠢᠯᠡᠰ ᠢᠯᠠᠩᠭᠤᠶ᠎ᠠ ᠪᠠᠷᠠᠭᠠᠨ ᠤ ᠠᠷᠠᠯᠵᠢᠶ᠎ᠠ ᠶᠢᠨ ᠠᠷᠠᠳ ᠤᠨ | ᠵᠣᠭᠤᠰ ᠤᠨ ᠬᠢᠯᠢ ᠠᠯᠤᠰᠯᠠᠭᠰᠠᠨ ᠤᠷᠤᠯᠭ᠎ᠠ ᠵᠠᠷᠤᠯᠭ᠎ᠠ ᠶᠢᠨ ᠵᠤᠭᠤᠰ ᠤᠨ ᠲᠤᠭ᠎ᠠ ᠨᠡᠯᠢᠶᠡᠳ ᠲᠦᠷᠭᠡᠨ ᠨᠡᠮᠡᠭᠳᠡᠪᠡ ᠃ | ᠡᠨᠡ ᠵᠢᠯ ᠤᠨ 1 — 10 ᠳ᠋ᠤᠭᠠᠷ ᠰᠠᠷ᠎ᠠ ᠳᠤ ᠂ ᠪᠠᠷᠠᠭᠠᠨ ᠤ ᠠᠷᠠᠯᠵᠢᠶᠠᠨ ᠤ ᠠᠷᠠᠳ ᠤᠨ ᠵᠣᠭᠤᠰ ᠤᠨ ᠬᠢᠯᠢ | ᠠᠯᠤᠰᠯᠠᠭᠰᠠᠨ ᠬᠤᠷᠢᠶᠠᠨ ᠥᠭᠭᠦᠭᠰᠡᠨ ᠵᠣᠭᠤᠰ ᠤᠨ ᠲᠤᠭ᠎ᠠ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠨ ᠂ ᠠᠳᠠᠯᠢ ᠬᠤᠭᠤᠴᠠᠭᠠᠨ ᠤ ᠪᠠᠷᠠᠭᠠᠨ ᠤ ᠠᠷᠠᠯᠵᠢᠶᠠᠨ ᠤ | ᠭᠠᠳᠠᠭᠠᠳᠤ ᠶᠢᠨ ᠵᠣᠭᠤᠰ ᠤᠨ ᠬᠢᠯᠢ ᠠᠯᠤᠰᠯᠠᠭᠰᠠᠨ ᠬᠤᠷᠢᠶᠠᠨ ᠥᠭᠭᠦᠭᠰᠡᠨ ᠵᠣᠭᠤᠰ ᠤᠨ ᠲᠤᠭ᠎ᠠ ᠶᠢᠨ 26. | 6% ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2.1 ᠵᠠᠭᠤᠨ ᠤ ᠴᠡᠭ ᠳᠡᠭᠡᠭᠰᠢᠯᠡᠵᠡᠢ ᠃ | ︽ᠠᠷᠠᠳ ᠤᠨ ᠵᠣᠭᠤᠰ ᠤᠨ ᠳᠡᠯᠡᠬᠡᠶᠢᠴᠢᠯᠡᠯᠲᠡ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠨᠡᠩ ᠢᠯᠡᠭᠦᠦ ᠴᠢᠬᠤᠯᠠᠴᠢᠯᠠᠵᠤ ᠂ ᠠᠷᠠᠳ ᠤᠨ ᠵᠣᠭᠤᠰ ᠤᠨ ᠬᠢᠯᠢ ᠠᠯᠤᠰᠯᠠᠨ ᠬᠡᠷᠡᠭᠯᠡᠬᠦ ᠰᠠᠭᠤᠷᠢ | ᠴᠢᠨᠠᠷᠲᠠᠶ ᠲᠦᠷᠢᠮ ᠤᠨ ᠲᠣᠬᠢᠷᠠᠭᠤᠯᠤᠯᠲᠠ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ ᠂ ᠡᠯ᠎ᠡ ᠲᠥᠷᠥᠯ ᠤᠨ ᠭᠤᠤᠯ ᠴᠣᠭᠴᠠ ᠶᠢᠨ ᠠᠷᠠᠳ ᠤᠨ ᠵᠣᠭᠤᠰ ᠤᠨ | ᠠᠷᠠᠯᠵᠢᠶᠠᠨ ᠤ ᠳ᠋ᠦᠩᠨᠡᠨ ᠪᠤᠳᠤᠬᠤ ᠂ ᠪᠠᠯᠠ ᠣᠷᠣᠭᠤᠯᠵᠤ ᠪᠠᠯᠠ ᠲᠣᠬᠢᠷᠠᠭᠤᠯᠬᠤ ᠂ ᠲᠦᠭᠰᠢᠭᠦᠷᠢ ᠶᠢᠨ ᠬᠠᠮᠢᠶᠠᠷᠤᠯᠲᠠ | ᠵᠡᠷᠭᠡ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ︾ ᠃ ᠳᠤᠮᠳᠠᠳᠤ ᠤᠯᠤᠰ ᠤᠨ ᠠᠷᠠᠳ ᠤᠨ | ᠪᠠᠩᠭᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠪᠡ ᠃ | ᠨᠡᠭᠡᠭᠡᠯᠲᠡᠲᠦ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠲᠣᠭᠲᠠᠴᠠ ᠶᠢ | ᠴᠢᠩᠭᠠᠳᠬᠠᠵᠤ ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠦᠨ᠎ᠡ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠬᠤ | ᠪᠠ ᠬᠠᠮᠠᠭᠠᠯᠠᠬᠤ ᠶᠢᠨ ᠬᠠᠮᠲᠤ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | ᠨᠡᠭᠡᠭᠡᠯᠲᠡ ᠬᠢᠵᠦ ᠬᠢᠨᠠᠨ ᠬᠠᠮᠢᠶᠠᠷᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ ᠂ ᠬᠢᠯᠢ ᠠᠯᠤᠰᠯᠠᠭᠰᠠᠨ | ᠲᠦᠭᠰᠢᠭᠦᠷᠢ ᠶᠢ ᠬᠢᠨᠠᠨ ᠬᠡᠮᠵᠢᠬᠦ ᠪᠠ ᠵᠠᠳᠠᠯᠤᠨ ᠰᠢᠨᠵᠢᠯᠡᠵᠦ ᠤᠷᠢᠳᠴᠢᠯᠠᠨ ᠮᠠᠭᠠᠳᠯᠠᠬᠤ ᠶᠢ ᠴᠢᠩᠭᠠᠳᠬᠠᠵᠤ ᠂ | ᠲᠦᠭᠰᠢᠭᠦᠷᠢ ᠶᠢ ᠬᠢᠯᠢ ᠠᠯᠤᠰᠯᠠᠨ ᠳᠠᠮᠵᠢᠭᠤᠯᠬᠤ ᠶᠢ ᠨᠢᠭᠲᠠ ᠰᠡᠷᠭᠡᠶᠢᠯᠡᠵᠦ ᠂ ᠳᠤᠮᠳᠠᠳᠤ ᠤᠯᠤᠰ ᠲᠤ ᠪᠠᠶᠢᠭ᠎ᠠ | ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠠᠷᠭᠠᠴᠠᠭᠠᠬᠤ ᠪᠡᠯᠡᠳᠬᠡᠯ | ᠲᠥᠰᠦᠯ ᠢ ᠲᠣᠭᠲᠠᠭᠠᠵᠤ ᠂ ᠠᠵᠤ ᠠᠬᠤᠶ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠨ᠎ᠠ︔ ᠳᠤᠮᠳᠠᠳᠤ | ᠤᠯᠤᠰ ᠤᠨ ᠪᠡᠯᠡ ᠶᠢᠨ ᠪᠠᠩᠬᠢ ᠶᠢᠨ ᠳᠠᠭᠠᠳᠬᠠᠯ ᠤᠨ ᠪᠠᠶᠢᠭᠤᠯᠤᠮᠵᠢ ᠶᠢ ᠦᠷᠭᠦᠯᠵᠢᠯᠡᠨ ᠬᠥᠲᠥᠯᠥᠨ ᠵᠢᠯᠣᠭᠤᠳᠴᠤ | ᠪᠠᠶᠢᠭᠠᠳ ᠭᠠᠳᠠᠭᠠᠳᠤ ᠳᠤ ᠪᠠᠶᠢᠷᠢᠰᠢᠭᠤᠯᠤᠯᠲᠠ ᠬᠢᠯᠭᠡᠵᠦ ᠂ ᠮᠥᠩᠭᠦᠨ ᠭᠦᠢᠯᠭᠡᠭᠡᠨ ᠤ ᠨᠡᠷᠡᠳᠬᠦᠨ ᠢ | ᠪᠠᠶᠠᠯᠢᠭᠵᠢᠭᠤᠯᠵᠤ ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠪᠠ ᠲᠦᠭᠰᠢᠭᠦᠷᠢ ᠶᠢᠨ ᠬᠠᠮᠢᠶᠠᠷᠤᠯᠲᠠ ᠶᠢ | ᠴᠢᠩᠭᠠᠷᠠᠭᠤᠯᠵᠤ ᠂ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠡᠯᠡᠬᠦ ᠳᠡᠭᠡᠨ ᠂ ᠨᠡᠭᠡᠭᠡᠯᠲᠡ ᠲᠠᠢ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠮᠤᠷ | ᠲᠦᠪᠰᠢᠨ ᠤ ᠲᠣᠭᠲᠠᠴᠠ ᠶᠢ ᠴᠢᠩᠭᠠᠳᠬᠠᠵᠤ ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠂ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠲᠥᠪ ᠪᠠᠩᠬᠢ ᠯᠤᠭ᠎ᠠ ᠶᠢᠨ ᠤᠯᠤᠯᠴᠠᠭ᠎ᠠ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠠᠰᠠᠯᠲᠠ ᠳᠤ | ᠢᠳᠡᠪᠬᠢᠲᠡᠢ ᠣᠷᠣᠯᠴᠠᠵᠤ ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠬᠡᠬᠡᠯᠳᠡ ᠬᠢᠬᠦ | ᠴᠢᠳᠠᠪᠤᠷᠢ ᠪᠠᠨ ᠳᠡᠭᠡᠭᠰᠢᠯᠡᠭᠦᠯᠵᠦ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠲᠦᠯᠬᠢᠴᠡ ᠬᠦᠴᠦᠨ ᠪᠠ ᠴᠢᠬᠤᠯᠠ ᠪᠠᠲᠤᠯᠠᠭ᠎ᠠ ᠬᠠᠩᠭᠠᠨ᠎ᠠ ᠃ | |