ᠲᠥᠪᠡᠳ ᠤᠨ ᠳ᠋ᠢᠩ ᠿᠢ ᠰᠢᠶᠠᠨ ᠳᠤ 6.8 ᠲᠠᠰ ᠤᠨ ᠭᠠᠵᠠᠷ ᠬᠥᠳᠡᠯᠦᠯᠲᠡ ᠡᠭᠦᠰᠴᠦ  ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ ᠭᠠᠵᠠᠷ ᠬᠥᠳᠡᠯᠦᠯᠲᠡ ᠶᠢ ᠳᠠᠭᠠᠭᠠᠬᠤ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠡᠬᠢᠯᠡᠭᠦᠯᠵᠦ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠠᠴᠠ ᠪᠣᠯᠤᠭᠰᠠᠨ ᠬᠤᠬᠢᠷᠠᠯ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/8
  2025 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠤᠨ 9 ᠴᠠᠭ 5 ᠮᠢᠨᠦ᠋ᠲ ᠲᠤ᠂ ᠲᠥᠪᠡᠳ ᠤᠨ ᠿᠢ ᠺᠠᠠ ᠽᠧ ᠬᠤᠲᠠ ᠶᠢᠨ ᠳ᠋ᠢᠩ ᠿᠢ ᠰᠢᠶᠠᠨ ᠳᠤ 6.8 ᠲᠠᠰ ᠤᠨ ᠭᠠᠵᠠᠷ ᠬᠥᠳᠡᠯᠦᠯᠲᠡ ᠡᠭᠦᠰᠴᠦ᠂ ᠭᠠᠵᠠᠷ ᠬᠥᠳᠡᠯᠦᠯᠲᠡ ᠶᠢᠨ ᠡᠭᠦᠰᠦᠯ ᠤᠨ ᠭᠦᠨᠴᠡ ᠨᠢ 10 ᠺᠢᠯᠤᠮᠧᠲᠷ ᠪᠣᠯᠤᠨ᠎ᠠ᠃ ᠭᠠᠵᠠᠷ ᠬᠥᠳᠡᠯᠦᠯᠲᠡ ᠶᠢᠨ ᠳᠠᠷᠠᠭ᠎ᠠ᠂ ᠤᠰᠤᠨ ᠠᠰᠢᠭᠯᠠᠯᠲᠠ ᠶᠢᠨ ᠶᠠᠮᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠳᠠᠷᠦ᠋ᠢᠬᠠᠨ ᠲᠣᠬᠢᠷᠠᠭᠤᠯᠤᠯᠲᠠ ᠬᠢᠵᠦ᠂ ᠭᠠᠵᠠᠷ ᠬᠥᠳᠡᠯᠦᠯᠲᠡ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠬᠦᠭᠡᠷᠦᠮᠵᠢ ᠶᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ ᠵᠠᠳᠠᠯᠤᠨ ᠰᠤᠳᠤᠯᠵᠤ ᠮᠠᠭᠠᠳᠯᠠᠵᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ᠂ ᠡᠭᠦᠰᠦᠮᠡᠯ ᠭᠠᠮᠰᠢᠭ ᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ ᠭᠠᠵᠠᠷ ᠬᠥᠳᠡᠯᠦᠯᠲᠡ ᠶᠢ ᠳᠠᠭᠠᠭᠠᠬᠤ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ  ᠠᠵᠢᠯ ᠢ ᠦᠳᠲᠡᠷ ᠲᠦᠷᠭᠡᠨ ᠡᠬᠢᠯᠡᠭᠦᠯᠵᠦ᠂ ᠲᠤᠰᠬᠠᠶ ᠮᠡᠷᠭᠡᠵᠢᠯ ᠤᠨ ᠬᠦᠴᠦᠨ ᠢ ᠳᠠᠷᠤᠶ ᠲᠦᠷᠭᠡᠨ ᠵᠣᠬᠢᠶᠠᠨ ᠪᠠᠶᠢᠭᠤᠯᠵᠤ ᠭᠠᠵᠠᠷ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠪᠠ ᠡᠭᠦᠰᠴᠦ ᠮᠡᠳᠡᠬᠦ ᠬᠠᠰᠢᠯᠭᠠᠲᠤ ᠨᠠᠭᠤᠷ ᠵᠡᠷᠭᠡ ᠡᠭᠦᠰᠦᠮᠡᠯ ᠭᠠᠮᠰᠢᠭ ᠲᠤ ᠲᠣᠤᠷᠯᠠᠨ ᠪᠠᠶᠢᠴᠠᠭᠠᠬᠤ ᠪᠠ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠥᠷᠨᠢᠭᠦᠯᠵᠦ᠂ ᠡᠯ᠎ᠡ ᠲᠥᠷᠥᠯ ᠤᠨ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠠᠶᠤᠯᠲᠠᠶ ᠣᠷᠣᠨ ᠤ ᠣᠯᠠᠨ ᠲᠦᠮᠡᠨ ᠢ ᠤᠷᠢᠳᠴᠢᠯᠠᠨ ᠰᠡᠷᠡᠮᠵᠢᠯᠡᠭᠦᠯᠬᠦ ᠪᠠ ᠰᠢᠯᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠬᠠᠮᠢᠶ᠎ᠠ ᠪᠦᠬᠦᠢ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠶᠢ ᠰᠢᠯᠵᠢᠭᠦᠯᠦᠨ ᠬᠡᠷᠡᠭᠯᠡᠬᠦ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠭᠠᠵᠠᠷ ᠬᠥᠳᠡᠯᠦᠯᠲᠡ ᠠᠴᠠ ᠪᠣᠯᠤᠭᠰᠠᠨ ᠤᠰᠤᠨ ᠠᠰᠢᠭᠯᠠᠯᠲᠠ ᠶᠢᠨ ᠢᠨᠵᠧᠨᠧᠷᠢᠩ ᠢ ᠨᠥᠯᠥᠭᠡᠯᠡᠭᠰᠡᠨ ᠪᠠᠶᠢᠳᠠᠯ ᠳᠤ ᠵᠠᠳᠠᠯᠤᠯᠲᠠ ᠬᠢᠬᠦ ᠬᠡᠷᠡᠭᠲᠡᠢ᠃  ᠪᠥᠬᠦ ᠤᠯᠤᠰ ᠤᠨ ᠤᠰᠤᠨ ᠠᠰᠢᠭᠯᠠᠯᠲᠠ ᠶᠢᠨ ᠨᠢᠭᠡ ᠵᠢᠷᠤᠭ ᠤᠨ ᠵᠠᠳᠠᠯᠤᠯᠲᠠ ᠪᠠᠷ ᠳᠡᠮᠵᠢᠨ᠂ ᠬᠥᠳᠡᠯᠦᠯᠲᠡ ᠶᠢᠨ ᠳᠤᠮᠳᠠᠬᠢ 10 ᠺᠢᠯᠤᠮᠧᠲᠷ ᠤᠨ ᠬᠡᠪᠴᠢᠶᠡᠨ ᠳᠤ ᠪᠠᠭ᠎ᠠ ᠬᠡᠯᠪᠡᠷᠢ ᠶᠢᠨ ᠤᠰᠤᠨ ᠴᠥᠭᠦᠷᠥᠮ 1 ᠪᠣᠶ︔ 10 ~ 20 ᠺᠢᠯᠤᠮᠧᠲᠷ ᠤᠨ ᠬᠡᠪᠴᠢᠶᠡᠨ ᠳᠤ ᠪᠠᠭ᠎ᠠ ᠬᠡᠯᠪᠡᠷᠢ ᠶᠢᠨ ᠤᠰᠤᠨ ᠴᠠᠬᠢᠯᠭᠠᠨ ᠥᠷᠲᠡᠭᠡ 1 ᠪᠣᠶ︔ 20 ~ 50 ᠺᠢᠯᠤᠮᠧᠲᠷ ᠤᠨ ᠬᠡᠪᠴᠢᠶᠡᠨ ᠳᠤ ᠪᠠᠭ᠎ᠠ ᠬᠡᠯᠪᠡᠷᠢ ᠶᠢᠨ ᠤᠰᠤᠨ ᠴᠥᠭᠦᠷᠥᠮ 4 ᠰᠠᠭᠤᠷᠢ᠂ ᠪᠠᠭ᠎ᠠ ᠬᠡᠯᠪᠡᠷᠢ ᠶᠢᠨ ᠤᠰᠤᠨ ᠴᠠᠬᠢᠯᠭᠠᠨ ᠥᠷᠲᠡᠭᠡ 4 ᠪᠣᠶ᠃ 1 ᠳ᠋ᠦ᠋ᠭᠡᠷ ᠰᠠᠷ᠎ᠠ ᠶᠢᠨ 7 ᠤ ᠡᠳᠦᠷ ᠤᠨ 10 ᠴᠠᠭ 43 ᠮᠢᠨᠦ᠋ᠲ ᠤᠨ ᠲᠠᠭᠠᠭᠤᠯᠢ ᠤᠲᠤᠨ ᠤ ᠠᠯᠤᠰ ᠰᠡᠷᠡᠯ ᠤᠨ ᠵᠢᠷᠤᠭ ᠠᠴᠠ ᠦᠵᠡᠪᠡᠯ᠂ ᠭᠠᠵᠠᠷ ᠬᠥᠳᠡᠯᠦᠯᠲᠡ ᠶᠢᠨ ᠲᠥᠪ ᠤᠨ ᠣᠶᠢᠷ᠎ᠠ ᠬᠠᠪᠢ ᠶᠢᠨ ᠭᠤᠣᠯ ᠮᠥᠷᠡᠨ ᠳᠤ ᠬᠠᠰᠢᠯᠭᠠᠲᠤ ᠨᠠᠭᠤᠷ᠂ ᠬᠠᠰᠢᠯᠭ᠎ᠠ ᠳᠠᠯᠠᠩ ᠰᠡᠲᠡᠷᠡᠭᠰᠡᠨ ᠵᠡᠷᠭᠡ ᠪᠠᠶᠢᠳᠠᠯ ᠢᠯᠡᠷᠡᠭᠰᠡᠨ ᠦᠭᠡᠢ᠃  ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠠᠷᠦ᠋ᠢᠬᠠᠨ ᠿᠢ ᠺᠠᠠ ᠽᠧ ᠬᠤᠲᠠ ᠵᠢᠴᠢ ᠳ᠋ᠢᠩ ᠿᠢ ᠰᠢᠶᠠᠨ᠂ ᠳ᠋ᠢᠩ ᠵᠢᠶᠧ ᠰᠢᠶᠠᠨ᠂ ᠰᠠᠺᠠ ᠰᠢᠶᠠᠨ᠂ ᠯᠠᠽᠧ ᠰᠢᠶᠠᠨ ᠵᠡᠷᠭᠡ ᠶᠢ ᠵᠣᠬᠢᠶᠠᠨ ᠪᠠᠶᠢᠭᠤᠯᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠶᠤᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠡᠶ᠃ ᠠᠩᠬ᠎ᠠ ᠠᠯᠬᠤᠮ ᠤᠨ ᠪᠠᠶᠢᠴᠠᠭᠠᠯᠲᠠ ᠪᠠᠷ ᠳᠠᠮᠵᠢᠭᠠᠳ᠂ ᠬᠦᠨᠳᠦ ᠶᠡᠭᠡ ᠠᠶᠤᠯ ᠤᠨ ᠪᠠᠶᠢᠳᠠᠯ ᠢᠯᠡᠷᠡᠭᠰᠡᠨ ᠦᠭᠡᠶ ᠪᠠᠶᠢᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号