1 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠲᠤ ︽ | ᠪᠥᠬᠦ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ︾ ᠭᠡᠬᠦ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠳᠡᠳ᠋ ᠲᠢᠩᠬᠢᠮ ᠤᠨ ᠳᠠᠷᠤᠭ᠎ᠠ | ᠯᠢ ᠪᠢᠨ ᠭᠤᠤᠯ ᠰᠡᠳᠦᠪᠲᠦ ᠨᠡᠶᠢᠲᠡᠯᠡᠯ ᠬᠢᠵᠦ᠂ ᠤᠰᠤᠨ ᠠᠰᠢᠭᠯᠠᠯᠲᠠ ᠶᠢᠨ ᠲᠢᠩᠬᠢᠮ ᠤᠨ ᠲᠥᠯᠥᠪᠯᠡᠭᠡᠨ ᠤ | ᠡᠳ᠋ ᠤᠨ ᠶᠠᠪᠤᠳᠠᠯ ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ | ᠭᠠᠵᠠᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠰᠢᠨᠬᠤᠸᠠ ᠬᠤᠷᠢᠶᠠᠨ ᠤ | ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠥᠪᠥᠷ | ᠮᠣᠩᠭᠤᠯ ᠤᠨ ᠶᠡᠷᠦᠩᠬᠡᠶ ᠥᠷᠲᠡᠭᠡ᠂ ᠲᠥᠪ ᠤᠨ ᠷᠠᠳᠢᠣ᠋ ᠲᠧᠯᠸᠢᠰ ᠤᠨ ᠰᠦᠯᠵᠢᠶ᠎ᠡ᠂ ᠥᠪᠥᠷ ᠮᠣᠩᠭᠤᠯ ᠤᠨ | ᠡᠳᠦᠷ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠰᠢᠨ ᠯᠠᠩ ᠵᠡᠷᠭᠡ 10 ᠭᠠᠷᠤᠶ ᠰᠣᠨᠢᠨ | ᠮᠡᠳᠡᠭᠡᠨ ᠤ ᠨᠢᠭᠡᠴᠢ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠬᠤᠷᠠᠯ ᠳᠤ ᠣᠷᠣᠯᠴᠠᠵᠤ ᠰᠤᠷᠪᠤᠯᠵᠢᠯᠠᠭ᠎ᠠ ᠮᠡᠳᠡᠭᠡᠯᠡᠯ | ᠬᠢᠪᠠ᠃ | | | | | | ᠯᠢ ᠪᠢᠨ 2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠵᠢᠴᠢ ᠣᠯᠤᠭᠰᠠᠨ ᠦᠷ᠎ᠡ ᠪᠦᠲᠦᠮᠵᠢ ᠪᠠᠨ ᠨᠠᠷᠢᠨ ᠲᠠᠨᠢᠯᠴᠠᠭᠤᠯᠪᠠ᠃ | ᠲᠡᠷᠡ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ | ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠰᠡᠳᠬᠢᠬᠦᠶ ᠪᠠ ᠥᠭᠡᠷᠡᠴᠢᠯᠡᠯᠲᠡ ᠶᠢᠨ ᠠᠷᠭ᠎ᠠ ᠶᠢ | ᠬᠡᠷᠡᠭᠯᠡᠬᠦ ᠶᠢ ᠴᠢᠬᠤᠯᠠᠴᠢᠯᠠᠵᠤ᠂ ᠤᠰᠤᠨ ᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠪᠠᠲᠤᠯᠠᠵᠤ᠂ ᠤᠰᠤᠨ ᠤ | ᠠᠮᠢ ᠠᠬᠤᠶ ᠶᠢ ᠬᠠᠮᠠᠭᠠᠯᠠᠨ᠂ ᠤᠰᠤ ᠶᠢ ᠠᠷᠪᠢᠯᠠᠨ ᠭᠠᠮᠨᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ | ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠨᠢᠭᠡ ᠳᠤ᠂ ᠤᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠩ ᠥᠨᠳᠥᠷ | ᠪᠠᠷᠢᠮᠵᠢᠶ᠎ᠠ ᠪᠠᠷ ᠦᠶᠡᠷ ᠢ ᠰᠡᠷᠭᠡᠶᠢᠯᠡᠬᠦ ᠠᠰᠢᠭᠲᠠᠢ ᠰᠢᠨ᠎ᠡ ᠬᠠᠯᠬᠠᠪᠴᠢ ᠶᠢ ᠪᠠᠲᠤ ᠴᠣᠭᠴᠠᠯᠠᠨ᠎ᠠ᠃ ᠥᠪᠥᠷ | ᠮᠣᠩᠭᠤᠯ ᠤᠨ ︽ᠨᠢᠭᠡ ᠭᠤᠣᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠦᠨᠳᠡᠯᠡᠨ᠂ ᠪᠠᠷᠠᠭᠤᠨ ᠠᠴᠠ | ᠲᠠᠲᠠᠵᠤ ᠵᠡᠭᠦᠨᠰᠢ ᠲᠤᠬᠢᠷᠠᠭᠤᠯᠬᠤ᠂ ᠭᠠᠳᠠᠭᠰᠢ ᠬᠤᠯᠪᠣᠭᠠᠯᠠᠨ ᠳᠣᠲᠣᠭᠠᠳᠤ ᠳᠤ ᠨᠡᠪᠲᠡᠷᠡᠬᠦ︾ ᠤᠰᠤᠨ ᠲᠣᠣᠷ ᠤᠨ | ᠰᠢᠰᠲ᠋ᠧᠮᠵᠢ ᠶᠢ ᠲᠦᠷᠭᠡᠳᠬᠡᠨ ᠪᠣᠶ ᠪᠣᠯᠭᠠᠵᠤ᠂ ᠪᠦᠬᠦ ᠨᠡᠶᠢᠭᠡᠮ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 200 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠰᠢᠪᠲᠤᠯᠵᠤ᠂ | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠨᠦᠬᠡᠨ ᠵᠠᠮ ᠢ | ᠪᠦᠬᠦ ᠲᠠᠯ᠎ᠠ ᠪᠠᠷ ᠨᠡᠪᠲᠡᠷᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠪᠠ | ᠣᠳᠣᠬᠢᠴᠢᠯᠠᠭᠰᠠᠨ ᠥᠭᠡᠷᠡᠴᠢᠯᠡᠬᠦ ᠢᠨᠵᠧᠨᠧᠷᠢᠩ ᠢ ᠤᠷᠢᠳᠴᠢᠯᠠᠨ ᠪᠡᠶᠡᠯᠡᠭᠦᠯᠵᠦ᠂ ᠭᠤᠣᠯ ᠪᠣᠯᠬᠤ ᠭᠤᠣᠯ ᠤᠨ | ᠵᠠᠮ ᠤᠨ ᠭᠤᠣᠯᠳᠠᠯᠭ᠎ᠠ ᠲᠠᠢ ᠭᠤᠣᠯ ᠤᠨ ᠬᠡᠰᠡᠭ ᠤᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠨᠡᠶᠢᠳᠡᠮ | ᠳᠡᠭᠡᠭᠰᠢᠯᠡᠭᠦᠯᠪᠡ᠃ ᠬᠤᠶᠠᠷ ᠲᠤ᠂ ᠤᠰᠤᠨ ᠤ ᠠᠮᠢ ᠠᠬᠤᠢ ᠶᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠩ ᠶᠡᠭᠡ ᠡᠷᠴᠢᠮ ᠢᠶᠠᠷ ᠬᠥᠮᠦᠨ ᠤᠰᠤᠨ ᠤ ᠡᠶ᠎ᠡ ᠵᠣᠬᠢᠴᠠᠩᠭᠤᠢ ᠰᠢᠨ᠎ᠡ ᠬᠠᠭᠤᠳᠠᠰᠤ ᠶᠢ ᠬᠠᠮᠲᠤᠪᠠᠷ ᠵᠢᠷᠤᠭᠯᠠᠬᠤ | ᠬᠡᠷᠡᠭᠲᠡᠢ᠃ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠢ 25.3 ᠲᠦᠮᠡᠨ ᠬᠥᠮᠥᠨ ᠤᠳᠠᠭ᠎ᠠ | ᠴᠠᠭᠳᠠᠵᠤ᠂ ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ 1071 ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠪᠠ᠃ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤ ᠳᠠᠮᠵᠢᠭᠤᠯᠬᠤ ᠭᠤᠣᠯ ᠱᠤᠭᠤᠮ ᠳᠤ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠡᠷᠬᠢᠨ ᠦᠵᠡᠬᠦ ᠵᠢᠴᠢ ︽ᠣᠩᠭᠤᠴᠠ ᠶᠢ | ᠴᠡᠪᠡᠷᠯᠡᠬᠦ ᠠᠵᠢᠯᠯᠠᠭ᠎ᠠ︾ ᠶᠢ ᠥᠷᠨᠢᠭᠦᠯᠵᠦ᠂ ᠡᠵᠢ ᠭᠤᠣᠯ ᠢ ᠰᠡᠷᠭᠦᠭᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠪᠠᠷᠠᠭᠤᠨ ᠯᠢᠶᠣᠤᠾᠧ ᠭᠤᠣᠯ ᠤᠨ ᠭᠤᠣᠯ ᠤᠷᠤᠰᠬᠠᠯ ᠤᠨ ᠤᠰᠤ ᠥᠩᠭᠡᠷᠡᠬᠦ ᠶᠡᠷᠦᠩᠬᠡᠢ ᠤᠷᠳᠤ 150.9 | ᠺᠢᠯᠤᠮᠧᠲᠷ ᠲᠤ ᠬᠦᠷᠴᠦ᠂ ᠠᠮᠢ ᠠᠬᠤᠢ ᠶᠢᠨ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠴᠢᠩᠭᠠᠳᠬᠠᠬᠤ ᠪᠠᠷ | ᠳᠠᠮᠵᠢᠨ᠂ ︽ᠨᠢᠭᠡ ᠨᠠᠭᠤᠷ ᠬᠤᠶᠠᠷ ᠳᠠᠯᠠᠢ︾ ᠵᠡᠷᠭᠡ ᠭᠤᠣᠯᠳᠠᠯᠭ᠎ᠠ ᠲᠠᠢ ᠨᠠᠭᠤᠷ ᠤᠨ ᠤᠰᠤᠨ ᠤ ᠭᠠᠳᠠᠷᠭᠤ | ᠵᠣᠬᠢᠰᠲᠠᠢ ᠬᠡᠪᠴᠢᠶᠡᠨ ᠳᠤ ᠪᠠᠶᠢᠵᠤ᠂ ᠳᠠᠭ᠎ᠠ ᠶᠢᠨ ᠨᠠᠭᠤᠷ᠂ ᠰᠤᠪᠨᠠᠭᠤᠷ ᠤᠨ ᠤᠰᠤᠨ ᠤ ᠲᠠᠯᠠᠪᠠᠢ ᠶᠢ | ᠲᠣᠭᠲᠠᠭᠤᠨ ᠢᠶᠠᠷ ᠨᠡᠮᠡᠭᠳᠡᠭᠦᠯᠵᠦ᠂ ᠤᠰᠤ ᠬᠦᠷᠦᠰᠦ ᠶᠢ ᠬᠠᠮᠠᠭᠠᠯᠠᠬᠤ ᠣᠷᠣᠨ ᠵᠠᠢ ᠶᠢ ᠬᠠᠮᠢᠶᠠᠷᠤᠨ ᠡᠵᠡᠮᠳᠡᠬᠦ | ᠲᠦᠷᠢᠮ ᠢ ᠪᠠᠶᠢᠭᠤᠯᠵᠤ᠂ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 1252 ᠲᠦᠮᠡᠨ | ᠮᠦ ᠪᠡᠶᠡᠯᠡᠭᠦᠯᠪᠡ᠃ ᠭᠤᠷᠪᠠ ᠳᠤ᠂ ᠤᠰᠤ ᠶᠢ ᠠᠷᠪᠢᠯᠠᠬᠤ ᠶᠢ ᠶᠡᠬᠡᠪᠡᠷ ᠠᠬᠢᠭᠤᠯᠵᠤ᠂ ᠨᠡᠩ ᠪᠣᠳᠠᠲᠠᠢ ᠠᠷᠭ᠎ᠠ | ᠬᠡᠮᠵᠢᠶ᠎ᠡ ᠪᠠᠷ ᠤᠰᠤ ᠶᠢ ᠠᠷᠪᠢᠯᠠᠵᠤ ᠤᠰᠤ ᠶᠢ ᠡᠵᠡᠮᠳᠡᠬᠦ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ︽ᠤᠰᠤ ᠪᠠᠷ | ᠳᠥᠷᠪᠡᠨ ᠵᠦᠢᠯ ᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠳᠠᠪᠠᠭᠤᠯᠤᠨ | ᠪᠡᠶᠡᠯᠡᠭᠦᠯᠵᠦ᠂ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠴᠥᠮ ᠰᠢᠨ᠎ᠡ ᠨᠢᠭᠡ ᠡᠭᠡᠯᠵᠢ ᠶᠢᠨ | ᠦᠨ᠎ᠡ ᠶᠢ ᠲᠣᠭᠲᠠᠭᠠᠨ ᠲᠣᠬᠢᠷᠠᠭᠤᠯᠬᠤ ᠶᠢ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ | ᠬᠤᠳᠳᠤᠭ ᠤᠨ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠬᠡᠮᠵᠢᠯᠲᠡ ᠶᠢᠨ ᠲᠤᠭ᠎ᠠ ᠪᠠᠷᠢᠮᠲᠠ ᠶᠢ ᠪᠥᠬᠦ | ᠲᠠᠯ᠎ᠠ ᠪᠠᠷ ᠬᠡᠷᠡᠭᠯᠡᠨ᠎ᠡ᠃ ᠪᠥᠬᠦ ᠤᠯᠤᠰ ᠲᠤ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠭᠠᠷᠴᠠᠭ ᠢ | ᠤᠷᠢᠳᠠᠪᠠᠷ ᠳᠠᠷᠤᠮᠠᠯᠯᠠᠨ ᠲᠠᠷᠬᠠᠭᠠᠵᠤ ᠨᠡᠶᠢᠲᠡᠯᠡᠨ᠎ᠡ᠂ ᠵᠢᠱᠢᠯᠲᠡ ᠪᠠᠷ ᠪᠥᠬᠦ ᠣᠷᠣᠨ ᠤ 2024 ᠣᠨ ᠤ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ | ᠬᠢᠵᠠᠭᠠᠷᠯᠠᠵᠤ᠂ ᠲᠦᠮᠡᠨ ᠲᠥᠭᠦᠷᠢᠭ ᠤᠨ GDP ᠪᠠ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠶᠢ ᠢᠯᠡᠳᠲᠡ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠢᠯᠡᠳᠬᠡᠮᠵᠢ ᠶᠢ 0. | 587 % ᠳᠤ ᠬᠦᠷᠦᠭᠦᠯᠵᠦ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 6.6 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠲᠦᠷᠪᠡ ᠳᠤ᠂ ᠤᠰᠤᠨ ᠤ | ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠩ ᠥᠨᠳᠥᠷ ᠵᠣᠭᠰᠣᠴᠠ ᠪᠠᠷ ᠤᠰᠤ ᠶᠢ ᠬᠥᠭᠵᠢᠭᠦᠯᠦᠨ | ᠠᠷᠠᠳ ᠢ ᠪᠠᠶᠠᠵᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢᠨ | ᠲᠥᠯᠥᠪᠵᠢᠭᠦᠯᠭᠡ︾ ᠶᠢ ᠬᠡᠷᠡᠭᠵᠢᠭᠦᠯᠵᠦ᠂ ︽3+1︾ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠪᠠ | ᠬᠠᠮᠢᠶᠠᠷᠴᠤ ᠬᠠᠮᠠᠭᠠᠯᠠᠬᠤ ᠵᠠᠭᠪᠤᠷ ᠢ ᠬᠡᠷᠡᠭᠵᠢᠭᠦᠯᠵᠦ᠂ ᠵᠣᠨ ᠤ ᠤᠯᠠᠷᠢᠯ ᠤᠨ ᠤᠰᠤ ᠬᠠᠩᠭᠠᠬᠤ ᠠᠮᠤᠷ ᠲᠦᠪᠰᠢᠨ ᠪᠠ | ᠡᠪᠦᠯ ᠤᠨ ᠤᠯᠠᠷᠢᠯ ᠤᠨ ᠭᠠᠮᠰᠢᠭ ᠤᠨ ᠤᠤᠭᠤᠬᠤ ᠤᠰᠤᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠪᠥᠬᠦ ᠵᠢᠯ ᠳᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ | ᠬᠠᠩᠭᠠᠬᠤ ᠢᠨᠵᠧᠨᠧᠷᠢᠩ ᠤᠨ 270 ᠭᠠᠵᠠᠷ ᠪᠠ ᠲᠠᠷᠠᠬᠠᠶ ᠪᠤᠲᠠᠷᠬᠠᠶ ᠬᠡᠯᠪᠡᠷᠢ ᠶᠢᠨ ᠤᠰᠤ ᠬᠠᠩᠭᠠᠬᠤ | ᠢᠨᠵᠧᠨᠧᠷᠢᠩ ᠢ 900 ᠭᠠᠵᠠᠷ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠳᠡᠭᠡᠭᠰᠢᠯᠡᠭᠦᠯᠵᠦ᠂ 35 ᠲᠦᠮᠡᠨ ᠬᠥᠮᠦᠨ | ᠠᠰᠢᠭ ᠬᠦᠷᠲᠡᠵᠦ᠂ 42 ᠬᠤᠰᠢᠭᠤ ᠰᠢᠶᠠᠨ ᠳᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠰᠢᠶᠠᠨ ᠤ | ᠬᠡᠪᠴᠢᠶᠡᠨ ᠳᠤ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ 505 ᠲᠦᠮᠡᠨ ᠬᠥᠮᠦᠨ ᠠᠮᠠ ᠶᠢ ᠬᠠᠮᠤᠷᠪᠠ᠃ | ᠯᠢ ᠪᠢᠨ᠂ ᠤᠰᠤᠨ ᠠᠰᠢᠭᠯᠠᠯᠲᠠ ᠶᠢᠨ ᠲᠢᠩᠬᠢᠮ ᠨᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠢᠯᠠᠩᠭᠤᠶ᠎ᠠ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠮᠵᠢᠲᠡᠶ ᠪᠠᠯᠠ ᠣᠷᠣᠭᠤᠯᠤᠯᠲᠠ ᠶᠢ ᠲᠠᠰᠤᠷᠠᠯᠲᠠ ᠥᠬᠡᠶ | ᠥᠷᠭᠡᠳᠬᠡᠨ᠂ ᠤᠰᠤ ᠠᠷᠪᠢᠯᠠᠬᠤ ᠲᠦᠷᠢᠮ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠰᠤᠨ ᠤ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ᠂ ᠭᠤᠤᠯ ᠮᠥᠷᠡᠨ ᠨᠠᠭᠤᠷ ᠴᠥᠭᠦᠷᠥᠮ ᠤᠨ | ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠵᠡᠷᠭᠡ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ︽ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠳᠠᠪᠰᠢᠬᠤ︾ ᠪᠠᠲᠤ ᠪᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | |