ᠰᠤᠷᠪᠤᠯᠵᠢᠯᠠᠭᠴᠢ 1 ᠳ᠋ᠦ᠋ᠭᠡᠷ ᠰᠠᠷ᠎ᠠ ᠶᠢᠨ 7 ᠤ ᠡᠳᠦᠷ ᠬᠤᠷᠠᠯᠳᠤᠭᠰᠠᠨ ᠪᠦᠬᠦ ᠣᠷᠣᠨ ᠤ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠤᠶᠢᠯᠠᠭᠠᠭᠰᠠᠨ ᠢᠶᠠᠷ᠂ 2024 ᠣᠨ ᠳᠤ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ | ᠪᠦᠲᠦᠭᠡᠨ ᠪᠠᠶᠢᠭᠤᠯᠤᠯᠲᠠ ᠨᠢ 205.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.55 ᠪᠠᠷ ᠨᠡᠮᠡᠭᠳᠡᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠨᠢ 183.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 8.1% ᠪᠠᠷ ᠨᠡᠮᠡᠭᠳᠡᠪᠡ᠃ | ᠥᠪᠥᠷ ᠮᠣᠩᠭᠤᠯ ᠨᠢ ᠲᠣᠣᠷ ᠬᠤᠯᠪᠣᠬᠤ᠂ ᠲᠣᠣᠷ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ | ᠭᠤᠣᠯᠳᠠᠯᠭ᠎ᠠ ᠪᠣᠯᠭᠠᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠰᠢᠯᠢᠳᠡᠭᠵᠢᠭᠦᠯᠦᠨ᠂ | ᠨᠢᠭᠡ ᠪᠦᠯᠦᠭ ᠴᠢᠬᠤᠯᠠ ᠶᠡᠭᠡ ᠤᠰᠤᠨ ᠲᠣᠣᠷ ᠤᠨ ᠢᠨᠵᠧᠨᠧᠷᠢᠩ ᠢ ᠰᠢᠰᠲ᠋ᠧᠮ ᠲᠠᠢ ᠲᠥᠯᠥᠪᠵᠢᠭᠦᠯᠦᠨ | ᠬᠡᠷᠡᠭᠵᠢᠭᠦᠯᠵᠦ᠂ ︽ᠨᠢᠭᠡ ᠭᠤᠣᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠥᠨᠳᠡᠯᠡᠨ᠂ ᠪᠠᠷᠠᠭᠤᠨ ᠠᠴᠠ | ᠲᠠᠲᠠᠵᠤ ᠵᠡᠭᠦᠨᠰᠢ ᠲᠤᠬᠢᠷᠠᠭᠤᠯᠬᠤ᠂ ᠭᠠᠳᠠᠭᠰᠢ ᠬᠤᠯᠪᠣᠭᠠᠯᠠᠨ ᠳᠣᠲᠣᠭᠠᠳᠤ ᠳᠤ ᠨᠡᠪᠲᠡᠷᠡᠬᠦ︾ ᠤᠰᠤᠨ ᠲᠣᠣᠷ ᠤᠨ | ᠰᠢᠰᠲ᠋ᠧᠮ ᠢ ᠲᠦᠷᠭᠡᠪᠴᠢᠯᠡᠨ ᠪᠤᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠲᠣᠤᠷ ᠤᠨ ᠨᠢᠷᠤᠭᠤᠪᠴᠢ | ᠢᠨᠵᠧᠨᠧᠷᠢᠩ ᠪᠣᠯᠤᠭᠰᠠᠨ ᠤ ᠬᠤᠪᠢ ᠳᠤ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ | ᠨᠡᠮᠡᠷᠢᠯᠡᠬᠦ ᠢᠨᠵᠧᠨᠧᠷᠢᠩ ᠤᠨ ᠨᠦᠬᠡᠨ ᠵᠠᠮ ᠢ ᠪᠥᠬᠦ ᠱᠤᠭᠤᠮ ᠢᠶᠠᠷ ᠨᠡᠪᠲᠡᠷᠡᠭᠦᠯᠵᠦ᠂ ᠦᠨᠳᠡᠭᠡᠨ ᠤᠰᠤᠨ | ᠠᠰᠢᠭᠯᠠᠯᠲᠠ ᠶᠢᠨ ᠬᠦᠢᠰᠦ ᠶᠢᠨ ᠳᠤᠤᠷ᠎ᠠ ᠬᠠᠭᠠᠯᠲᠠ ᠶᠢᠨ ᠤᠰᠤ ᠬᠠᠳᠠᠭᠠᠯᠠᠬᠤ᠂ ᠴᠠᠬᠢᠯᠭᠠᠨ ᠤ ᠥᠷᠲᠡᠭᠡ ᠶᠢ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ ᠨᠡᠶᠢᠲᠡ 1.12 | ᠳ᠋ᠦᠩᠰᠢᠭᠤᠷ ᠺᠢᠯᠣᠸᠠᠲ ᠴᠠᠭ ᠲᠤ ᠬᠦᠷᠪᠡ︔ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ | ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠥᠪᠥᠷ ᠮᠣᠩᠭᠤᠯ ᠤᠨ ᠰᠠᠯᠪᠤᠷᠢ ᠱᠤᠭᠤᠮ ᠤᠨ | ᠢᠨᠵᠧᠨᠧᠷᠢᠩ ᠢ ᠱᠠᠯᠠᠪᠳᠠᠨ ᠪᠠᠶᠢᠭᠤᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ | ᠪᠠᠶᠢᠭᠤᠯᠬᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠢ 1 ᠵᠢᠯ | ᠤᠷᠢᠳᠴᠢᠯᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠵᠦ᠂ ᠪᠥᠬᠦ ᠣᠷᠣᠨ ᠤ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ ᠨᠢ 1487 | ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 989.96 ᠳ᠋ᠦᠩᠰᠢᠭᠤᠷ ᠲᠥᠭᠦᠷᠢᠭ ᠲᠤ ᠬᠦᠷᠴᠡᠶ︔ | ᠰᠢᠰᠲ᠋ᠧᠮ ᠲᠠᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯ ᠪᠣᠯᠬᠤ ᠭᠤᠤᠯ ᠤᠨ ᠵᠠᠮ ᠤᠨ ᠭᠤᠤᠯᠳᠠᠯᠭ᠎ᠠ ᠲᠠᠢ | ᠭᠤᠤᠯ ᠤᠨ ᠬᠡᠰᠡᠭ ᠤᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠨᠡᠶᠢᠳᠡᠮ ᠳᠡᠭᠡᠭᠰᠢᠯᠡᠭᠦᠯᠵᠦ᠂ 468 ᠤᠰᠤᠨ | ᠴᠥᠭᠦᠷᠥᠮ᠂ 6493 ᠺᠢᠯᠤᠮᠧᠲᠷ ᠤᠨ 5 ᠳᠡᠰ ᠠᠴᠠ ᠳᠡᠭᠡᠭᠰᠢᠬᠢ ᠬᠠᠰᠢᠯᠭ᠎ᠠ ᠪᠠᠷ ᠭᠤᠤᠯ ᠪᠣᠯᠭᠠᠭᠰᠠᠨ | ᠣᠳᠣᠬᠢᠴᠢᠯᠠᠭᠰᠠᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠪᠠ᠃ | ᠨᠢᠳᠤᠨᠤᠨ᠂ ᠥᠪᠥᠷ ᠮᠣᠩᠭᠤᠯ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤ ᠳᠠᠮᠵᠢᠭᠤᠯᠬᠤ | ᠭᠤᠣᠯ ᠱᠤᠭᠤᠮ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ | ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠵᠤ ᠤᠰᠤ ᠨᠥᠬᠦᠪᠦᠷᠢᠯᠡᠬᠦ | ᠢᠨᠵᠧᠨᠧᠷᠢᠩ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠰᠢᠰᠲ᠋ᠧᠮ ᠢ ᠪᠠᠶᠢᠭᠤᠯᠵᠤ᠂ ᠡᠯ᠎ᠡ | ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠭᠤᠣᠯ ᠮᠥᠷᠡᠨ ᠨᠠᠭᠤᠷ ᠴᠥᠭᠦᠷᠥᠮ ᠢ 25.3 | ᠲᠦᠮᠡᠨ ᠬᠥᠮᠦᠨ ᠤᠳᠠᠭ᠎ᠠ ᠴᠠᠭᠳᠠᠨ ᠪᠠᠶᠢᠴᠠᠭᠠᠵᠠᠢ︔ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ︾ ᠡᠷᠬᠢᠨ ᠦᠵᠡᠬᠦ ᠵᠢᠴᠢ ︽ᠤᠩᠭᠤᠴᠠ ᠴᠡᠪᠡᠷᠯᠡᠬᠦ ᠠᠵᠢᠯᠯᠠᠭ᠎ᠠ︾ ᠶᠢ | ᠥᠷᠨᠢᠭᠦᠯᠵᠦ᠂ ᠭᠤᠣᠯᠳᠠᠯᠭ᠎ᠠ ᠲᠠᠢ 21 ᠭᠤᠣᠯ ᠮᠥᠷᠡᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠬᠡᠪᠴᠢᠶ᠎ᠡ ᠶᠢ | ᠵᠠᠭᠠᠭᠯᠠᠨ ᠲᠣᠭᠲᠠᠭᠠᠬᠤ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠦᠷᠥᠮ ᠤᠨ ᠨᠤᠭᠤ | ᠭᠠᠵᠠᠷ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠥᠯᠥᠨ ᠨᠠᠭᠤᠷ ᠤᠨ | ᠤᠰᠤᠨ ᠭᠠᠳᠠᠷᠭᠤ ᠵᠦᠢ ᠵᠣᠬᠢᠰᠲᠠᠶ ᠣᠷᠣᠨ ᠵᠠᠶ ᠶᠢ ᠦᠷᠭᠦᠯᠵᠢᠯᠡᠨ ᠪᠠᠲᠤᠯᠠᠵᠤ᠂ ᠤᠯᠠᠭᠠᠨᠰᠤᠬᠠᠢ ᠶᠢᠨ ᠤᠰᠤ | ᠨᠥᠬᠦᠪᠥᠷᠢᠯᠡᠬᠦ ᠬᠡᠮᠵᠢᠶ᠎ᠡ 3.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠨᠠᠭᠤᠷ ᠤᠨ ᠭᠤᠣᠯ | ᠣᠷᠣᠨ ᠤ ᠣᠭᠲᠣᠯᠤᠭᠠᠰᠤ ᠶᠢᠨ ᠤᠰᠤᠨ ᠤ ᠴᠢᠨᠠᠷ Ⅳ ᠵᠦᠢᠯ ᠳᠤ ᠲᠣᠭᠲᠠᠪᠤᠷᠢᠵᠢᠵᠤ᠂ ᠳᠠᠭ᠎ᠠ ᠶᠢᠨ ᠨᠠᠭᠤᠷ ᠤᠨ | ᠤᠰᠤ ᠨᠥᠬᠦᠪᠥᠷᠢᠯᠡᠬᠦ ᠤᠰᠤ 2288 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠤᠰᠤᠨ ᠤ ᠲᠠᠯᠠᠪᠠᠢ 47. | 3 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ | ᠲᠣᠭᠤᠷᠢᠨ ᠮᠠᠭᠤᠵᠢᠷᠠᠭᠰᠠᠨ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂ ᠰᠤᠪᠨᠠᠭᠤᠷ ᠤᠨ ᠰᠠᠪᠠ ᠭᠠᠵᠠᠷ ᠤᠨ ᠠᠮᠢ | ᠠᠬᠤᠶ ᠶᠢᠨ ᠣᠷᠴᠢᠨ ᠲᠣᠭᠤᠷᠢᠨ ᠮᠠᠭᠤᠵᠢᠷᠠᠭᠰᠠᠨ ᠠᠰᠠᠭᠤᠳᠠᠯ ᠢ ᠦᠷᠭᠦᠯᠵᠢᠯᠡᠨ ᠪᠦᠲᠦᠮᠵᠢᠲᠡᠶ ᠬᠤᠷᠢᠭᠯᠠᠪᠠ᠃ | ᠥᠪᠥᠷ ᠮᠣᠩᠭᠤᠯ ᠪᠠᠰᠠ ᠤᠰᠤ ᠬᠦᠷᠦᠰᠦ ᠶᠢ ᠬᠠᠮᠠᠭᠠᠯᠠᠬᠤ ᠣᠷᠣᠨ ᠵᠠᠶ ᠶᠢ ᠬᠠᠮᠢᠶᠠᠷᠤᠨ ᠡᠵᠡᠮᠳᠡᠬᠦ ᠲᠦᠷᠢᠮ ᠢ | ᠪᠠᠶᠢᠭᠤᠯᠵᠤ᠂ ︽ᠡᠯᠡᠰᠦ ᠶᠢ ᠬᠠᠰᠢᠵᠤ ᠤᠰᠤ ᠶᠢ ᠰᠣᠯᠢᠬᠤ︾ ᠠᠮᠢ ᠠᠬᠤᠶ ᠶᠢ ᠵᠠᠰᠠᠬᠤ ᠰᠢᠨ᠎ᠡ ᠵᠠᠭᠪᠤᠷ ᠢ | ᠰᠦᠪᠡᠭᠴᠢᠯᠡᠨ ᠥᠷᠨᠢᠭᠦᠯᠪᠡ︔ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ︔ ᠨᠠᠯᠠᠤ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠶᠢ | ᠬᠡᠷᠡᠭᠵᠢᠭᠦᠯᠪᠡ︔ ᠪᠦᠬᠦ ᠵᠢᠯ ᠳᠤ ᠤᠰᠤ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 1252 | ᠲᠦᠮᠡᠨ ᠮᠦ ᠪᠡᠶᠡᠯᠡᠭᠦᠯᠵᠦ᠂ ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠢᠯᠡᠳᠲᠡ ᠰᠠᠶᠢᠵᠢᠷᠠᠭᠤᠯᠪᠠ᠃ | ᠡᠭᠦᠨ ᠤ ᠬᠠᠮᠲᠤ᠂ ᠥᠪᠥᠷ ᠮᠣᠩᠭᠤᠯ ᠤᠰᠤ ᠠᠷᠪᠢᠯᠠᠬᠤ ᠶᠢ ᠶᠡᠬᠡᠪᠡᠷ ᠠᠬᠢᠭᠤᠯᠵᠤ᠂ ᠨᠠᠩ ᠪᠣᠳᠠᠲᠠᠶ ᠠᠷᠭ᠎ᠠ | ᠬᠡᠮᠵᠢᠶ᠎ᠡ ᠪᠠᠷ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠰᠢᠨ᠎ᠡ ᠪᠠᠶᠢᠳᠠᠯ ᠢ ᠪᠣᠶ ᠪᠣᠯᠭᠠᠪᠠ᠃ ᠪᠥᠬᠦ ᠣᠷᠣᠨ ᠤ | 2024 ᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠤᠰᠤ ᠬᠡᠷᠡᠭᠯᠡᠬᠦ ᠬᠡᠮᠵᠢᠶ᠎ᠡ ᠶᠢ ᠲᠣᠰ ᠲᠣᠰ 2020 ᠣᠨ ᠤ ᠬᠢ ᠠᠴᠠ 9% ᠪᠠ 10% ᠠᠴᠠ ᠳᠡᠭᠡᠭᠰᠢ | ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ | ᠢᠯᠡᠳᠬᠡᠮᠵᠢ ᠶᠢ 0.587% ᠳᠤ ᠬᠦᠷᠦᠭᠦᠯᠵᠦ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ | ᠬᠡᠮᠵᠢᠶ᠎ᠡ ᠶᠢ 6.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠪᠡ᠃ | ᠥᠪᠥᠷ ᠮᠣᠩᠭᠤᠯ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠪᠥᠬᠦ ᠬᠦᠴᠦᠨ ᠢᠶᠠᠷ ᠢᠶᠠᠨ | ᠰᠢᠢᠳᠪᠦᠷᠢᠯᠡᠵᠦ᠂ ᠪᠣᠷᠣᠲᠣᠬᠤᠶ ᠵᠡᠷᠭᠡ 13 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠣᠳᠣᠬᠢᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠲᠠᠢ ᠤᠶᠠᠯᠳᠤᠭᠤᠯᠤᠨ᠂ ᠤᠰᠤᠯᠠᠯᠲᠠ ᠶᠢᠨ ᠣᠷᠣᠨ ᠤ ᠭᠤᠤᠯᠯᠠᠭᠴᠢ ᠬᠦᠴᠦᠨ ᠬᠢᠭᠡᠳ ᠲᠠᠷᠢᠶᠠᠨ | ᠭᠠᠵᠠᠷ ᠤᠨ ᠤᠰᠤ ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ | ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠪᠡ᠃ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠵᠦ᠂ | ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠤᠪᠠᠭ ᠤᠨ ᠡᠬᠢᠨ ᠤ ᠬᠡᠮᠵᠢᠯᠲᠡ ᠶᠢᠨ ᠬᠡᠮᠵᠢᠶ᠎ᠡ ᠶᠢ | ᠪᠦᠬᠦᠨ ᠢ ᠪᠡᠶᠡᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠠᠯᠠᠪᠠᠢ ᠶᠢ 375 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠢ ᠶᠢ | ᠨᠡᠶᠢᠲᠡ 4969 ᠲᠦᠮᠡᠨ ᠮᠦ ᠳᠤ ᠬᠦᠷᠦᠭᠦᠯᠵᠦ᠂ ᠤᠯᠤᠰ ᠠᠴᠠ ᠪᠠᠭᠤᠯᠭᠠᠭᠰᠠᠨ ᠥᠭᠡᠷᠡᠴᠢᠯᠡᠯᠲᠡ ᠶᠢᠨ ᠡᠭᠦᠷᠭᠡ ᠶᠢ | ᠤᠷᠢᠳᠴᠢᠯᠠᠨ 1 ᠵᠢᠯ ᠳᠤ ᠳᠠᠪᠠᠭᠤᠯᠤᠨ ᠪᠡᠶᠡᠯᠡᠭᠦᠯᠪᠡ᠃ ᠲᠠᠷᠢᠶᠠᠯᠠᠩ ᠤᠨ ᠤᠰᠤ ᠠᠷᠪᠢᠯᠠᠬᠤ ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢ 2.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠪᠦᠲᠦᠮᠵᠢᠲᠡᠶ ᠪᠠᠲᠤᠯᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠰᠤᠨ ᠤ ᠠᠷᠠᠳ ᠤᠨ ᠠᠮᠢᠳᠤᠷᠠᠯ ᠢ ᠬᠦᠴᠦᠯᠡᠨ | ᠰᠠᠶᠢᠵᠢᠷᠠᠭᠤᠯᠵᠤ᠂ ︽3 + 1︾ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ | ᠵᠠᠭᠪᠤᠷ ᠢ ᠪᠠᠷᠢᠮᠲᠠᠯᠠᠨ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠶᠢ ᠤᠷᠢᠳ ᠢᠶᠠᠷ | ᠠᠬᠢᠭᠤᠯᠵᠤ᠂ ᠲᠥᠪᠯᠡᠷᠡᠭᠦᠯᠦᠨ ᠤᠰᠤ ᠬᠠᠩᠭᠠᠬᠤ ᠬᠡᠪᠴᠢᠶᠡᠵᠢᠯ ᠢ ᠶᠡᠭᠡ ᠪᠠᠷ ᠠᠬᠢᠭᠤᠯᠪᠠ︔ 270 | ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠂ 900 ᠲᠠᠷᠠᠬᠠᠢ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ | ᠰᠢᠨ᠎ᠡ ᠪᠠᠷ ᠪᠠᠶᠢᠭᠤᠯᠤᠨ ᠥᠭᠡᠷᠡᠴᠢᠯᠡᠨ ᠰᠠᠶᠢᠵᠢᠷᠠᠭᠤᠯᠵᠤ᠂ 51 ᠲᠦᠮᠡᠨ ᠮᠠᠯᠴᠢᠨ ᠲᠠᠷᠢᠶᠠᠴᠢᠨ ᠠᠰᠢᠭ ᠬᠦᠷᠲᠡᠪᠡ︔ | ᠮᠠᠯᠵᠢᠬᠤ ᠲᠠᠷᠢᠶᠠᠯᠠᠬᠤ ᠣᠷᠣᠨ ᠤ 2657 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠰᠡᠯᠪᠢᠨ ᠵᠠᠰᠠᠵᠤ | ᠠᠷᠠᠴᠢᠯᠠᠨ ᠬᠠᠮᠠᠭᠠᠯᠠᠵᠤ᠂ 158 ᠲᠦᠮᠡᠨ ᠬᠥᠮᠦᠨ ᠳᠤ ᠦᠢᠯᠡᠴᠢᠯᠡᠪᠡ︔ ᠪᠥᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠪᠠ ᠬᠡᠪᠴᠢᠶᠡᠵᠢᠭᠰᠡᠨ ᠤᠰᠤ ᠬᠠᠩᠭᠠᠬᠤ ᠬᠥᠮᠦᠨ | ᠠᠮᠠ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 84.8% ᠪᠠ 26.8% ᠪᠣᠯᠭᠠᠨ ᠳᠡᠭᠡᠭᠰᠢᠯᠡᠭᠦᠯᠪᠡ᠃ | ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠭᠦᠯᠪᠡ ᠰᠤᠷᠪᠤᠯᠵᠢᠯᠠᠭᠴᠢ ᠵᠠᠩ ᠬᠤᠢ | ᠯᠢᠩ︶ | |