︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/2/10
  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠪᠠ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ ᠤᠯᠤᠰ ᠤᠨ ᠤᠰᠤᠨ ᠤ ᠲᠣᠤᠷ ᠤᠨ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠤᠨ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃  ︽ᠬᠠᠮᠢᠶᠠᠷᠤᠯᠲᠠ ᠶᠢᠨ ᠠᠷᠭ᠎ᠠ︾ ᠳᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠬᠦᠯᠢᠶᠡᠬᠦ ᠣᠷᠣᠨ ᠤ ᠮᠤᠵᠢ ︵ᠰᠢᠭᠤᠳ ᠬᠠᠷᠢᠶ᠎ᠠ ᠬᠤᠲᠠ︶ ᠶᠢᠨ ᠤᠰᠤ ᠬᠡᠷᠡᠭᠯᠡᠬᠦ ᠡᠷᠬᠡ ᠶᠢᠨ ᠵᠠᠭᠠᠭ ᠬᠢᠵᠠᠭᠠᠷ᠂ ᠠᠷᠠᠯᠵᠢᠶᠠᠯᠠᠬᠤ ᠤᠰᠤᠨ ᠤ ᠬᠡᠮᠵᠢᠶ᠎ᠡ ᠪᠠ ᠴᠠᠭ ᠬᠤᠭᠤᠴᠠᠭ᠎ᠠ᠂ ᠪᠦᠷᠢᠯᠳᠦᠭᠦᠯᠪᠡᠰᠦ ᠵᠣᠬᠢᠬᠤ ᠬᠢᠨᠠᠨ ᠬᠡᠮᠵᠢᠵᠦ ᠬᠡᠮᠵᠢᠬᠦ ᠪᠠ ᠤᠰᠤᠨ ᠤ ᠬᠡᠮᠵᠢᠶ᠎ᠡ ᠶᠢ ᠲᠤᠰᠢᠶᠠᠬᠤ ᠨᠥᠬᠦᠴᠡᠯ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ ᠰᠠᠶᠢᠲᠤᠷ ᠰᠠᠬᠢᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ︽ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠬᠦᠯᠢᠶᠡᠬᠦ ᠣᠷᠣᠨ ᠤ ᠮᠤᠵᠢ ︵ᠰᠢᠭᠤᠳ ᠬᠠᠷᠢᠶ᠎ᠠ ᠬᠤᠲᠠ︶ ᠶᠢᠨ ᠵᠠᠬ᠎ᠠ ᠳᠡᠯᠭᠡᠭᠦᠷ ᠤᠨ ᠠᠷᠭ᠎ᠠ ᠪᠠᠷᠢᠯ ᠢ ᠠᠰᠢᠭᠯᠠᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠣᠬᠢᠷᠠᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠢᠶᠠᠷ ᠠᠰᠢᠭᠯᠠᠬᠤ ᠬᠢᠷᠢ ᠬᠡᠮᠵᠢᠶ᠎ᠡ ᠶᠢ ᠠᠬᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号