ᠤᠰᠤᠨ ᠠᠰᠢᠬᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠲᠦᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ
ᠨᠡᠶᠢᠲᠡᠯᠡᠭᠰᠡᠨ ᠴᠠᠭ᠄
2025/2/10
  ᠲᠤᠰ ᠥᠷᠲᠡᠭᠡᠨ ᠤ ᠮᠡᠳᠡᠭᠡ 2 ᠳ᠋ᠤᠭᠠᠷ ᠰᠠᠷ᠎ᠠ ᠶᠢᠨ 8 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠸᠠᠩ ᠰᠢᠨ ᠵᠧ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠰᠠᠶᠢᠳ ᠯᠢ ᠯᠢᠶᠠᠩ ᠱᠧᠩ ᠬᠤᠷᠠᠯ ᠳᠤ ᠣᠷᠣᠯᠴᠠᠪᠠ᠃  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ  ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠲᠣᠭᠤᠷᠢᠨ ᠪᠠᠶᠢᠴᠠᠭᠠᠬᠤ ᠠᠵᠢᠯ ᠤᠨ ᠬᠥᠭᠵᠢᠯᠲᠡ ᠶᠢ ᠭᠦᠨᠵᠡᠭᠡᠶᠢᠷᠡᠭᠦᠯᠬᠦ ᠴᠢᠬᠤᠯᠠ ᠬᠦᠴᠦᠯᠡᠬᠦ ᠴᠡᠭ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠩᠭ᠎ᠠ ᠴᠡᠭᠴᠡᠯᠡᠨ ᠰᠠᠶᠢᠵᠢᠷᠠᠭᠤᠯᠬᠤ ᠢᠯᠡ ᠲᠣᠳᠣ ᠲᠤᠬᠢᠶ᠎ᠠ ᠶᠢ ᠪᠠᠳᠠᠷᠠᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠢᠯᠡ ᠪᠣᠯᠭᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠵᠦ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃  ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠪᠦᠬᠦ ᠦᠶᠡᠯᠡᠯ ᠤᠨ ᠬᠤᠭᠤᠴᠠᠭᠠᠨ ᠤ ᠬᠠᠷᠢᠭᠤᠴᠠᠯᠭ᠎ᠠ ᠶᠢᠨ ᠰᠢᠰᠲ᠋ᠧᠮ ᠪᠣᠯᠤᠨ ᠲᠦᠷᠢᠮ ᠤᠨ ᠶᠠᠪᠤᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠴᠠᠭᠠᠯᠲᠠ ᠲᠠᠢ᠂ ᠬᠢᠨᠠᠨ ᠰᠢᠯᠭᠠᠯᠲᠠ ᠲᠠᠢ᠂ ᠮᠡᠳᠡᠭᠦᠯᠦᠯᠲᠡ ᠲᠠᠢ᠂ ᠦᠨᠡᠯᠡᠯᠲᠡ ᠲᠠᠢ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠵᠠᠢ᠃  ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠠᠮᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠯᠪᠠᠨ ᠬᠡᠷ︶ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠶ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号