ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ | ᠳᠤᠮᠳᠠᠳᠤ ᠪᠷᠠᠽᠢᠯ᠂ ᠳᠤᠮᠳᠠᠳᠤ ᠦᠷᠦ᠋ᠭᠤᠸᠠᠶ ᠶᠢᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ | ᠲᠠᠨᠢᠯᠲᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠤᠶᠠᠷ | ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠤ ᠰᠣᠯᠢᠯᠴᠠᠭ᠎ᠠ ᠶᠢ ᠴᠢᠩᠭᠠᠳᠬᠠᠵᠤ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠶᠢ ᠨᠠᠩ ᠰᠠᠶᠢᠲᠤᠷ | ᠪᠡᠶᠡᠯᠡᠭᠦᠯᠬᠦ ᠶᠢᠨ ᠲᠣᠭᠤᠷᠢᠨ ᠳᠤ᠂ 2 ᠰᠠᠷ᠎ᠠ ᠶᠢᠨ 1 ᠤ ᠡᠳᠦᠷ ᠠᠴᠠ 9 ᠤ ᠡᠳᠦᠷ ᠪᠤᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠦᠯᠭᠦᠮ ᠳᠠᠭᠠᠭᠤᠯᠤᠨ ᠪᠷᠠᠽᠢᠯ᠂ | ᠦᠷᠦ᠋ᠭᠤᠸᠠᠶ ᠳᠤ ᠠᠶᠢᠯᠴᠢᠯᠠᠪᠠ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠲ᠋ᠤᠰ | ᠭᠠᠷᠠᠮ ᠳᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠪᠠ ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ | ᠥᠪᠥᠷ ᠮᠣᠩᠭᠤᠯ ︶ — ᠪᠷᠠᠽᠢᠯ ᠤᠨ ᠰᠢᠷ᠎ᠠ ᠪᠤᠷᠴᠠᠭ ᠤᠨ ᠦᠷᠭᠦᠯᠵᠢᠯᠡᠬᠦ ᠪᠠᠶᠢᠯᠳᠤᠬᠤ ᠪᠣᠳᠣᠯᠭ᠎ᠠ ᠶᠢᠨ ᠭᠡᠷ᠎ᠡ | ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ | ᠬᠡᠯᠬᠢᠶ᠎ᠡ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ | ᠣᠷᠣᠯᠴᠠᠪᠠ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ | ᠫᠠᠦ᠋ᠯᠦ᠋ ᠳᠤ ︽ 2026 ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ | ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ ︾ ᠳᠤ ᠣᠷᠣᠯᠴᠠᠪᠠ ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ | ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠲᠠᠢ ᠠᠭᠤᠯᠵᠠᠪᠠ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ | ᠥᠪᠥᠷ ᠮᠣᠩᠭᠤᠯ ︶ — ᠪᠷᠠᠽᠢᠯ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ | ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃ | ᠪᠷᠠᠽᠢᠯ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠡᠩ ᠲᠡᠷᠢᠭᠦᠨ ᠳᠤ ᠰᠠᠩᠲ᠋ᠤᠰ | ᠭᠠᠷᠠᠮ ᠳᠤ ᠬᠦᠷᠴᠦ᠂ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠰᠢᠷ᠎ᠠ | ᠪᠤᠷᠴᠠᠭ ᠤᠨ ᠦᠷᠭᠦᠯᠵᠢᠯᠡᠬᠦ ᠪᠠᠶᠢᠯᠳᠤᠬᠤ ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ | ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠪᠠᠶᠢᠭᠤᠯᠬᠤ | ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃ ᠲᠤᠬᠠᠢ ᠶᠢᠨ | ᠭᠠᠵᠠᠷ ᠤᠨ ᠴᠠᠭ ᠢᠶᠠᠷ 2 ᠰᠠᠷ᠎ᠠ ᠶᠢᠨ 3 ᠤ ᠦᠳᠡ ᠶᠢᠨ ᠬᠤᠶᠢᠨ᠎ᠠ᠂ ᠰᠦᠨ ᠱᠤᠤ ᠴᠧᠩ ᠰᠠᠩᠸᠤᠩ ᠫᠠᠦ᠋ᠯᠦ᠋ ᠳᠤ | ︽ 2026 ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ ᠥᠪᠥᠷ | ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ ︾ ᠳᠤ ᠣᠷᠣᠯᠴᠠᠵᠤ᠂ | ᠰᠠᠩᠸᠤᠩ ᠫᠠᠦ᠋ᠯᠦ᠋ ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠵᠡᠷᠭᠡ ᠲᠤᠰᠢᠶᠠᠯᠲᠠᠨ ᠲᠠᠢ ᠠᠭᠤᠯᠵᠠᠪᠠ᠃ ᠳᠠᠷᠠᠭ᠎ᠠ | ᠨᠢ ᠶᠠᠪᠤᠭᠳᠠᠭᠰᠠᠨ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠪᠡᠯᠡ ᠣᠷᠣᠭᠤᠯᠤᠯᠲᠠ | ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠰᠦᠨ ᠱᠤᠤ ᠴᠧᠩ ᠪᠠᠶᠠᠷ ᠤᠨ ᠦᠭᠡ | ᠬᠡᠯᠡᠪᠡ᠃ ᠲᠡᠷᠡ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠪᠷᠠᠽᠢᠯ ᠤᠨ ᠬᠠᠷᠢᠯᠴᠠᠭ᠎ᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠤ 11 ᠰᠠᠷ᠎ᠠ ᠳᠤ ᠪᠷᠠᠽᠢᠯ ᠳᠤ ᠠᠶᠢᠯᠴᠢᠯᠠᠬᠤ | ᠬᠤᠭᠤᠴᠠᠭᠠᠨ ᠳᠤ ᠳᠤᠮᠳᠠᠳᠤ ᠪᠷᠠᠽᠢᠯ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ | ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠲᠤᠬᠠᠢ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠢᠯᠡᠷᠬᠡᠶᠢᠯᠡᠯᠲᠡ ︾ ᠵᠢᠴᠢ ᠠᠯᠢ ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ | ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ | ᠣᠷᠣᠪᠠ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠨᠢᠭᠡᠨ ᠥᠪᠡᠷᠲᠡᠭᠡᠨ ᠵᠠᠰᠠᠬᠤ ᠣᠷᠣᠨ ᠮᠥᠨ᠃ | ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ | ᠴᠢᠨᠠᠷ ᠢᠶᠠᠷ ᠴᠢᠩᠭ᠎ᠠ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠰᠣᠶᠣᠯ ᠰᠤᠷᠭᠠᠨ ᠬᠥᠮᠦᠵᠢᠯ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ | ᠪᠠᠶᠢᠨ᠎ᠠ᠃ ᠳᠤᠷᠠᠲᠠᠶ᠎ᠠ ᠬᠤᠶᠠᠷ ᠲᠠᠯ᠎ᠠ ᠪᠠᠷ ᠢᠶᠠᠨ ᠭᠠᠷ ᠬᠤᠯᠪᠣᠨ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ | ᠰᠢᠨ᠎ᠡ ᠰᠢᠪᠲᠤᠯᠤᠯᠲᠠ ᠲᠠᠢ ᠪᠤᠯᠬᠤ ᠶᠢ ᠬᠠᠮᠲᠤ ᠪᠠᠷ ᠠᠬᠢᠭᠤᠯᠤᠨ᠎ᠠ᠃ ᠡᠭᠦᠨ ᠤ ᠵᠡᠷᠭᠡ ᠪᠠᠷ ᠪᠷᠠᠽᠢᠯ ᠤᠨ | ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠨᠥᠭᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠤᠨ | ᠭᠦᠨᠵᠡᠭᠡᠶᠢᠷᠡᠭᠦᠯᠵᠦ᠂ ᠬᠠᠮᠲᠤᠷᠠᠯᠴᠠᠨ ᠬᠥᠭᠵᠢᠬᠦ ᠰᠢᠨ᠎ᠡ ᠵᠠᠮ ᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ | ᠭᠡᠵᠦ ᠬᠡᠯᠡᠪᠡ᠃ ᠲᠣᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠷᠠᠽᠢᠯ ᠤᠨ ᠭᠠᠳᠠᠭᠠᠳᠤ | ᠭᠠᠷᠭᠠᠯᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠳᠤᠮᠳᠠᠳᠤ | ᠪᠷᠠᠽᠢᠯ ᠬᠤᠶᠠᠷ ᠲᠠᠯ᠎ᠠ ᠶᠢᠨ ᠨᠡᠶᠢᠲᠡ 200 ᠭᠠᠷᠤᠢ ᠠᠵᠤ ᠠᠬᠤᠶᠢᠯᠠᠯ ᠣᠷᠣᠯᠴᠠᠵᠤ᠂ ᠬᠠᠮᠲᠤᠷᠠᠯᠴᠠᠭᠠᠨ ᠤ ᠲᠥᠷᠥᠯ | ᠵᠦᠢᠯ᠂ ᠵᠥᠪᠯᠡᠯᠴᠡᠭᠡᠷ 17 ᠲᠣᠭᠲᠠᠵᠤ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ | ᠡᠨᠧᠷᠭᠢ᠂ ᠢᠳᠡᠭᠡᠨ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ | ᠵᠣᠭᠤᠰ ᠤᠨ ᠲᠤᠭ᠎ᠠ ᠨᠢ 100 ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠢ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠯᠭ᠎ᠠ ᠪᠠᠷ | ᠠᠶᠢᠰᠲ ᠬᠤᠱᠣᠣ ᠳᠤ ᠦᠷᠦ᠋ᠭᠤᠸᠠᠢ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ | ᠴᠤᠭᠯᠠᠭᠠᠨ ᠳᠤ ᠣᠷᠣᠯᠴᠠᠪᠠ ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠶᠢᠰᠲ | ᠬᠤᠱᠣᠣ ᠳᠤ ᠢᠯᠢ ᠪᠦᠯᠦᠭᠯᠡᠯ ᠪᠣᠯᠣᠨ ᠺᠧᠨᠠ ᠰᠦ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠡᠩᠧᠯᠢᠨᠸᠢᠰᠲ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠶ ᠶᠢᠨ | ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ ᠣᠷᠣᠯᠠᠭᠴᠢ ᠭᠠᠳᠠᠭᠠᠳᠤ | ᠶᠠᠪᠤᠳᠠᠯ ᠤᠨ ᠶᠠᠮᠤᠨ ᠤ ᠰᠠᠶᠢᠳ ︶ ᠲᠠᠢ ᠬᠡᠯᠡᠯᠴᠡᠭᠡ ᠬᠢᠪᠡ ᠃ | ᠦᠷᠦ᠋ᠭᠤᠸᠠᠢ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠤᠷᠢᠯᠭ᠎ᠠ ᠪᠠᠷ ᠠᠶᠢᠰᠲ | ᠬᠤᠱᠣᠣ ᠳᠤ ᠦᠷᠦ᠋ᠭᠤᠸᠠᠢ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ | ᠴᠤᠭᠯᠠᠭᠠᠨ ᠳᠤ ᠣᠷᠣᠯᠴᠠᠵᠤ᠂ ᠲᠤᠬᠠᠢ ᠶᠢᠨ ᠭᠠᠵᠠᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠤᠨ ᠬᠡᠷᠡᠭᠯᠡᠯᠲᠡ | ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠢᠯᠢ ᠪᠦᠯᠦᠭᠯᠡᠯ ᠪᠣᠯᠣᠨ ᠺᠧᠨᠠ ᠰᠦ ᠶᠢᠨ ᠦᠢᠯᠡᠰ᠂ ᠬᠥᠯᠥᠨ | ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠡᠩᠧᠯᠢᠨᠸᠢᠰᠲ ᠺᠤᠮᠫᠠᠨᠢ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃ | ᠮᠤᠨᠲᠸᠧᠢᠳᠢᠶᠠ ᠳᠤ ᠰᠦᠨ ᠱᠤᠤ ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ | ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ ᠣᠷᠣᠯᠠᠭᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ︶ ᠲᠠᠢ | ᠬᠡᠯᠡᠯᠴᠡᠭᠡ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠰᠠᠨ ᠬᠤᠰᠧ ᠮᠤᠵᠢ ᠶᠢᠨ | ᠨᠥᠭᠦᠷᠰᠡᠭ ᠬᠤᠲᠠ ᠶᠢᠨ ᠬᠡᠯᠡᠯᠴᠡᠭᠡᠷ ᠰᠣᠯᠢᠯᠴᠠᠬᠤ ᠶᠣᠰᠣᠯᠠᠯ ᠳᠤ ᠣᠷᠣᠯᠴᠠᠪᠠ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠷᠠᠽᠢᠯ ᠤᠨ | ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠶᠠᠮᠤᠨ ᠤ ᠳᠡᠳ᠋ ᠰᠠᠶᠢᠳ ᠺᠧᠯᠠᠶᠢᠪᠦ᠋ᠸᠧ · ᠰᠦᠯᠸᠶᠢᠰ ᠲᠠᠢ | ᠠᠭᠤᠯᠵᠠᠪᠠ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠶᠢᠨ | ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ ᠠᠬᠤᠢ ᠶᠢᠨ ᠶᠠᠮᠤᠨ ᠤ ᠰᠠᠶᠢᠳ ᠹᠧᠷᠨᠠᠨᠳᠤ᠋ · ᠮᠠᠲ᠋ᠦ᠋ᠸ᠋ᠰ ᠲᠠᠢ | ᠠᠭᠤᠯᠵᠠᠪᠠ ᠃ | ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠲᠤᠰ | ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠬᠠᠷᠠᠯᠲᠠ ᠪᠣᠯᠣᠨ᠎ᠠ᠃ ᠪᠷᠠᠽᠢᠯ ᠪᠣᠯᠣᠨ ᠦᠷᠦ᠋ᠭᠤᠸᠠᠢ ᠳᠤ ᠪᠠᠶᠢᠬᠤ | ᠬᠤᠭᠤᠴᠠᠭᠠᠨ ᠳᠠᠭᠠᠨ ᠰᠦᠨ ᠱᠤᠤ ᠴᠧᠩ ᠪᠷᠠᠽᠢᠯ ᠤᠨ ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠶᠠᠮᠤᠨ ᠤ | ᠳᠡᠳ᠋ ᠰᠠᠶᠢᠳ ᠺᠧᠯᠠᠶᠢᠪᠦ᠋ᠸᠧ · ᠰᠦᠯᠸᠶᠢᠰ᠂ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ | ᠠᠬᠤᠢ ᠶᠢᠨ ᠶᠠᠮᠤᠨ ᠤ ᠰᠠᠶᠢᠳ ᠹᠧᠷᠨᠠᠨᠳᠤ᠋ · ᠮᠠᠲ᠋ᠦ᠋ᠸ᠋ᠰ ᠲᠠᠢ ᠲᠤᠰ ᠲᠤᠰ ᠠᠭᠤᠯᠵᠠᠪᠠ᠃ ᠲᠡᠷᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠮᠠᠯ ᠠᠵᠤ ᠠᠬᠤᠢ ᠲᠠᠷᠢᠶᠠᠯᠠᠩ ᠤᠨ ᠲᠣᠮᠣ | ᠣᠷᠣᠨ᠂ ᠪᠷᠠᠽᠢᠯ᠂ ᠦᠷᠦ᠋ᠭᠤᠸᠠᠢ ᠪᠣᠯ ᠳᠡᠯᠡᠬᠡᠢ ᠶᠢᠨ ᠮᠠᠯ ᠠᠵᠤ ᠠᠬᠤᠢ ᠲᠠᠷᠢᠶᠠᠯᠠᠩ ᠤᠨ ᠲᠣᠮᠣ ᠤᠯᠤᠰ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠴᠢᠬᠤᠯᠠ ᠤᠯᠤᠰ ᠪᠠᠶᠢᠵᠤ᠂ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠥᠪᠥᠷ | ᠮᠣᠩᠭᠤᠯ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠲᠠᠢ ᠮᠠᠯ ᠠᠵᠤ ᠠᠬᠤᠢ | ᠲᠠᠷᠢᠶᠠᠯᠠᠩ ᠤᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ | ᠦᠷ᠎ᠡ ᠶᠢᠨ ᠦᠢᠯᠡᠰ ᠭᠡᠬᠦ ᠡᠨᠡ ᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠣᠷᠳᠣᠨ ᠠᠴᠠ ᠲᠠᠪᠴᠠᠩ ᠪᠠᠶᠢᠭᠤᠯᠬᠤ ᠪᠠᠷ ᠳᠠᠮᠵᠢᠨ ᠨᠠᠩ ᠣᠯᠠᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭ᠎ᠠ᠂ ᠪᠤᠭ ᠮᠠᠯ᠂ ᠦᠬᠡᠷ᠂ | ᠡᠪᠡᠰᠦ ᠵᠡᠷᠭᠡ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠠᠷ ᠬᠤᠯᠪᠣᠨ ᠠᠬᠢᠭᠤᠯᠵᠤ᠂ | ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠪᠡ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ | ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ ᠴᠢᠩ ᠴᠢᠶᠣᠤ ᠲᠠᠢ ᠠᠭᠤᠯᠵᠠᠪᠠ ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠳᠤ | ᠰᠠᠭᠤᠭ᠎ᠠ ᠡᠯᠴᠢᠨ ᠰᠠᠶᠢᠳ ᠬᠤᠸᠠᠩ ᠶᠠ ᠵᠦᠩ ᠲᠠᠢ ᠠᠭᠤᠯᠵᠠᠪᠠ᠃ | ᠠᠶᠢᠯᠴᠢᠯᠠᠯᠲᠠ ᠶᠢᠨ ᠬᠤᠭᠤᠴᠠᠭᠠᠨ ᠳᠤ ᠰᠦᠨ ᠱᠤᠤ ᠴᠧᠩ ᠪᠠᠰᠠ ᠳᠤᠮᠳᠠᠳᠤ ᠤᠯᠤᠰ ᠤᠨ ᠪᠷᠠᠽᠢᠯ ᠳᠤ | ᠰᠠᠭᠤᠭ᠎ᠠ ᠡᠯᠴᠢᠨ ᠰᠠᠶᠢᠳ ᠵᠦ ᠴᠢᠩ ᠴᠢᠶᠣᠤ᠂ ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ | ᠵᠦᠩ᠂ ᠪᠷᠠᠽᠢᠯ ᠤᠨ ᠰᠠᠩᠸᠤᠩ ᠫᠠᠦ᠋ᠯᠥ᠋ ᠳᠤ ᠰᠠᠭᠤᠭ᠎ᠠ ᠶᠡᠷᠦᠩᠬᠡᠢ ᠺᠤᠨᠰᠦ᠋ᠯ ᠢᠦᠢ ᠫᠧᠩ ᠲᠠᠢ ᠠᠭᠤᠯᠵᠠᠵᠤ᠂ ᠡᠯ᠎ᠡ | ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ | ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠡᠯᠴᠢᠨ | ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠤᠯᠤᠰ ᠤᠨ ᠬᠤᠯᠪᠣᠭᠳᠠᠯ ᠪᠦᠬᠦᠢ | ᠲᠠᠯ᠎ᠠ ᠪᠣᠯᠣᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠬᠦᠴᠦᠨ | ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠪᠡ᠃ | |