ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠥᠪᠥᠷ ᠮᠣᠩᠭᠤᠯ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠲᠦᠷᠭᠡᠳᠬᠡᠨ | ᠬᠥᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠤᠨ ᠤᠰᠤ | ᠠᠷᠪᠢᠯᠠᠬᠤ ᠶᠢ ᠳᠡᠭᠡᠭᠰᠢᠯᠡᠭᠦᠯᠬᠦ ᠣᠨ﹀ ᠤ ᠠᠵᠢᠯᠯᠠᠭᠠᠨ ᠤ ᠲᠥᠰᠦᠯ︾ ᠢ ᠨᠡᠶᠢᠲᠡᠯᠡᠵᠦ᠂ ᠲᠠᠷᠢᠶᠠᠯᠠᠩ ᠤᠨ ᠤᠰᠤ | ᠠᠷᠪᠢᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠬᠡᠷᠡᠭᠵᠢᠭᠦᠯᠵᠦ᠂ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ | ᠣᠶᠢᠯᠠᠭᠠᠭᠰᠠᠨ ᠢᠶᠠᠷ᠂ ᠠᠵᠢᠯᠯᠠᠭᠠᠨ ᠤ ᠲᠥᠰᠦᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠠᠮᠲᠤᠷᠠᠨ | ᠳᠠᠷᠤᠮᠠᠯᠯᠠᠨ ᠲᠠᠷᠬᠠᠭᠠᠵᠤ᠂ ︽ᠤᠰᠤ ᠪᠠᠷ ᠳᠥᠷᠪᠡᠨ ᠵᠦᠢᠯ ᠢ ᠲᠣᠭᠲᠠᠭᠠᠬᠤ︾ ᠣᠨᠣᠯᠵᠢᠬᠤᠨ ᠢ ᠪᠠᠷᠢᠮᠲᠠᠯᠠᠨ᠂ | ᠲᠠᠷᠢᠶᠠᠯᠠᠩ ᠤᠨ ᠤᠰᠤ ᠠᠷᠪᠢᠯᠠᠬᠤ ᠶᠢ ᠪᠥᠬᠦ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠭᠤᠤᠯᠳᠠᠭᠤ ᠭᠠᠵᠠᠷ ᠳᠡᠭᠡᠷᠡᠬᠢ | ᠤᠰᠤᠯᠠᠯᠲᠠ ᠶᠢᠨ ᠣᠷᠣᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠤᠰᠤᠯᠠᠯᠲᠠ ᠶᠢᠨ ᠣᠷᠣᠨ | ᠬᠤᠶᠠᠷ ᠶᠡᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ︽ᠢᠨᠵᠧᠨᠧᠷᠢᠩ ᠤᠨ ᠤᠰᠤ ᠠᠷᠪᠢᠯᠠᠬᠤ ᠪᠠᠷ ᠭᠤᠤᠯ ᠪᠣᠯᠭᠠᠵᠤ᠂ | ᠲᠠᠷᠢᠶᠠᠯᠠᠩ ᠤᠨ ᠮᠡᠷᠭᠡᠵᠢᠯ᠂ ᠪᠦᠲᠦᠴᠡ᠂ ᠲᠥᠷᠥᠯ ᠵᠦᠢᠯ ᠤᠨ ᠤᠰᠤ ᠠᠷᠪᠢᠯᠠᠬᠤ ᠶᠢ ᠢᠵᠢ ᠪᠥᠷᠢᠳᠦᠭᠦᠯᠵᠦ᠂ | ᠲᠣᠭᠲᠠᠴᠠ ᠶᠢᠨ ᠤᠰᠤ ᠠᠷᠪᠢᠯᠠᠬᠤ ᠶᠢ ᠬᠥᠲᠥᠯᠦᠨ ᠳᠠᠭᠠᠭᠤᠯᠬᠤ︾ ᠶᠢᠨ ︽ᠲᠠᠪᠤ ᠶᠢ ᠠᠷᠪᠢᠯᠠᠬᠤ︾ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠠᠵᠢᠯᠯᠠᠭᠠᠨ ᠤ ᠲᠥᠰᠦᠯ ᠳᠤ ᠲᠣᠳᠣᠷᠬᠠᠶ ᠲᠣᠭᠲᠠᠭᠠᠭᠰᠠᠨ ᠨᠢ᠂ ᠤᠰᠤ ᠠᠷᠪᠢᠯᠠᠬᠤ ᠢᠨᠵᠧᠨᠧᠷᠢᠩ᠂ ᠤᠰᠤ | ᠠᠷᠪᠢᠯᠠᠬᠤ ᠲᠥᠬᠦᠭᠡᠷᠦᠮᠵᠢ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠣᠶᠢᠯᠠᠭᠠᠭᠳᠠᠬᠤᠨ᠂ ᠤᠰᠤ | ᠠᠷᠪᠢᠯᠠᠬᠤ ᠲᠣᠭᠲᠠᠴᠠ ᠵᠡᠷᠭᠡ 5 ᠲᠠᠯ᠎ᠠ ᠠᠴᠠ ᠲᠠᠷᠢᠶᠠᠯᠠᠩ ᠤᠨ ᠤᠰᠤ ᠠᠷᠪᠢᠯᠠᠬᠤ ᠶᠢ ᠳᠡᠭᠡᠭᠰᠢᠯᠡᠭᠦᠯᠬᠦ ᠪᠣᠳᠠᠲᠠᠶ | ᠠᠷᠭ᠎ᠠ ᠬᠡᠮᠵᠢᠶ᠎ᠡ ᠶᠢ ᠳᠤᠷᠠᠳᠴᠤ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠬᠤᠭᠤᠯᠠᠶ ᠪᠠᠷ ᠤᠰᠤᠯᠠᠬᠤ ᠶᠢ | ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠢᠨᠵᠧᠨᠧᠷᠢᠩ ᠤᠨ ᠲᠠᠯᠠᠪᠠᠶ ᠶᠢ 150 ᠲᠦᠮᠡᠨ ᠮᠥ ᠠᠴᠠ ᠳᠡᠭᠡᠭᠰᠢ | ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 271 ᠲᠦᠮᠡᠨ ᠮᠥ ᠰᠢᠨ᠎ᠡ ᠪᠠᠷ | ᠨᠡᠮᠡᠭᠳᠡᠭᠦᠯᠵᠦ᠂ ᠵᠢᠯ ᠳᠤ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠺᠦᠪ ᠮᠧᠲᠷ ᠰᠢᠨ᠎ᠡ ᠪᠠᠷ | ᠨᠡᠮᠡᠭᠳᠡᠭᠦᠯᠵᠦ᠂ ᠪᠥᠬᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠠᠷᠪᠢᠲᠠᠶ ᠡᠷᠴᠢᠮᠯᠢᠭ ᠪᠣᠯᠭᠠᠨ | ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | |