ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 6 ᠤ ᠡᠳᠦᠷ ᠠᠴᠠ | 8 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠲᠢᠩᠬᠢᠮ ᠠᠵᠢᠯᠯᠠᠬᠤ ᠳᠤᠭᠤᠶᠢᠯᠠᠩ ᠲᠣᠮᠢᠯᠠᠨ ᠤᠷᠢᠳ | ᠬᠤᠵᠢᠳ ᠠᠯᠠᠱᠠ ᠠᠶᠢᠮᠠᠭ᠂ ᠪᠠᠶᠠᠨᠨᠠᠭᠤᠷ ᠬᠤᠲᠠ ᠶᠢᠨ ᠬᠠᠲᠤᠨ ᠭᠤᠤᠯ ᠳᠠᠭᠠᠤ ᠶᠢᠨ ᠬᠠᠲᠤᠨ ᠭᠤᠤᠯ ᠤᠨ ᠰᠥᠩ | ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠵᠢᠯᠣᠭᠤᠴᠢ ᠥᠬᠡᠶ ᠨᠢᠰᠬᠡᠯ ᠢᠶᠠᠷ ᠰᠥᠩ ᠬᠠᠯᠢᠶ᠎ᠠ ᠶᠢ | ᠲᠠᠶᠢᠯᠪᠤᠷᠢᠯᠠᠨ ᠣᠷᠴᠢᠭᠤᠯᠬᠤ ᠵᠡᠷᠭᠡ ᠠᠷᠭ᠎ᠠ ᠬᠡᠯᠪᠡᠷᠢ ᠶᠢ ᠠᠰᠢᠭᠯᠠᠨ ᠰᠥᠩ ᠬᠠᠯᠢᠶ᠎ᠠ ᠶᠢᠨ ᠬᠠᠨᠳᠤᠰᠢ ᠶᠢ ᠪᠠᠶᠢᠴᠠᠭᠠᠨ | ᠰᠢᠨᠵᠢᠵᠦ᠂ ᠭᠤᠤᠯ ᠢ ᠴᠠᠭᠳᠠᠨ ᠪᠠᠶᠢᠴᠠᠭᠠᠵᠤ᠂ ᠬᠤᠯᠪᠣᠭᠳᠠᠯ ᠪᠥᠬᠦᠶ ᠨᠢᠭᠡᠴᠢ ᠲᠠᠢ ᠬᠠᠲᠤᠨ ᠭᠤᠤᠯ ᠤᠨ | ᠬᠤᠭᠤᠴᠠᠭᠠᠨ ᠳᠠᠬᠢ ᠰᠥᠩ ᠬᠠᠯᠢᠶ᠎ᠠ ᠶᠢ ᠰᠡᠷᠭᠡᠶᠢᠯᠡᠬᠦ ︽ᠳᠥᠷᠪᠡᠨ ᠪᠡᠯᠡᠳᠬᠡᠯ︾᠂ ᠪᠠᠴᠢᠮ ᠪᠠᠶᠢᠳᠠᠯ ᠢ ᠠᠷᠭᠠᠴᠠᠭᠠᠨ | ᠰᠥᠩ ᠬᠠᠯᠢᠶ᠎ᠠ ᠶᠢ ᠰᠠᠯᠭᠠᠬᠤ ᠪᠡᠯᠡᠳᠬᠡᠯ ᠵᠡᠷᠭᠡ ᠲᠤᠬᠠᠶ ᠶᠠᠷᠢᠯᠴᠠᠪᠠ᠃ | ᠠᠵᠢᠯᠯᠠᠬᠤ ᠳᠤᠭᠤᠶᠢᠯᠠᠩ ᠤᠨ ᠬᠢᠨ ᠠᠯᠠᠱᠠ ᠠᠶᠢᠮᠠᠭ᠂ ᠪᠠᠶᠠᠨᠨᠠᠭᠤᠷ ᠬᠤᠳᠠ ᠶᠢᠨ ᠭᠤᠣᠯᠳᠠᠯᠭ᠎ᠠ ᠲᠠᠢ | ᠳᠠᠯᠠᠩ ᠤᠨ ᠬᠡᠰᠡᠭ ᠪᠣᠯᠤᠨ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠢ ᠨᠠᠷᠢᠨ ᠨᠢᠮᠪᠠᠢ ᠲᠣᠭᠤᠷᠢᠨ ᠪᠠᠶᠢᠴᠠᠭᠠᠵᠤ᠂ | ᠬᠠᠰᠢᠯᠭ᠎ᠠ ᠶᠢ ᠲᠤᠭᠤᠯᠤᠭᠰᠠᠨ ᠪᠠᠷᠢᠯᠭ᠎ᠠ᠂ ᠬᠥᠭᠦᠷᠭᠡ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠶᠢ ᠨᠠᠷᠢᠨ ᠨᠢᠮᠪᠠᠢ | ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ᠂ | ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠨ᠂ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ᠂ ᠤᠬᠠᠭᠤᠯᠭ᠎ᠠ ᠰᠣᠷᠢᠯᠲᠠ᠂ ᠲᠥᠰᠥᠯ ᠤᠨ ᠪᠡᠯᠡᠳᠬᠡᠯ ᠲᠥᠰᠦᠯ᠂ ᠪᠣᠳᠠᠰ ᠤᠨ ᠨᠥᠭᠡᠴᠡ | ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠤᠢᠢᠯᠠᠭᠠᠨ ᠠᠰᠠᠭᠤᠵᠤ᠂ ᠰᠠᠨ ᠱᠧᠩ ᠭᠦᠩ ᠤᠰᠤᠨ ᠠᠰᠢᠭᠯᠠᠯᠲᠠ ᠶᠢᠨ | ᠬᠦᠢᠰᠦ ᠶᠢᠨ ᠭᠤᠣᠯ ᠢ ᠬᠠᠰᠢᠬᠤ ᠬᠠᠭᠠᠯᠲᠠ᠂ ᠶᠡᠷᠦᠩᠬᠡᠢ ᠭᠤᠣᠯ ᠰᠤᠪᠠᠭ ᠤᠨ ᠤᠰᠤ ᠣᠷᠣᠭᠤᠯᠬᠤ ᠬᠠᠭᠠᠯᠲᠠ ᠶᠢᠨ | ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠭᠤᠣᠯ ᠤᠨ ᠬᠠᠭᠠᠯᠲᠠ ᠶᠢᠨ ᠳᠡᠭᠡᠳᠦ | ᠳᠤᠤᠷᠠᠳᠤ ᠤᠷᠤᠰᠬᠠᠯ ᠤᠨ ᠰᠦᠩ ᠬᠠᠯᠢᠶ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠠᠶᠢᠨ ᠰᠢᠨᠵᠢᠯᠡᠪᠡ᠃ | ᠠᠵᠢᠯᠯᠠᠬᠤ ᠳᠤᠭᠤᠶᠢᠯᠠᠩ ᠠᠴᠠ᠂ ᠣᠳᠣᠬᠠᠨ ᠳᠤ ᠶᠠᠭ ᠬᠠᠲᠤᠨ ᠭᠤᠤᠯ ᠤᠨ ᠭᠤᠤᠯ ᠭᠡᠰᠬᠦ ᠠᠴᠠ ᠡᠮᠦᠨᠡᠬᠢ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠨᠠᠷᠢᠨ ᠨᠢᠭᠲᠠ | ᠪᠠᠶᠢᠷᠢᠯᠠᠭᠤᠯᠵᠤ᠂ ᠬᠠᠮᠲᠤᠷᠠᠨ ᠵᠥᠪᠳᠡᠯᠴᠡᠭᠡᠳ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠳᠡᠭᠡᠳᠦ ᠳᠣᠤᠷᠠᠳᠤ | ᠤᠷᠤᠰᠬᠠᠯ᠂ ᠵᠡᠭᠦᠨ ᠪᠠᠷᠠᠭᠤᠨ ᠡᠷᠭᠢ᠂ ᠡᠯ᠎ᠡ ᠠᠶᠢᠮᠠᠭ ᠬᠤᠲᠠ ᠬᠤᠰᠢᠭᠤ ᠰᠢᠶᠠᠨ ᠤ ︽ᠨᠢᠭᠡ ᠬᠥᠯᠭᠡ ᠰᠢᠲᠠᠷ᠎ᠠ︾ | ᠶᠢ ᠭᠦᠢᠴᠡᠳᠭᠡᠬᠦ ᠬᠡᠷᠡᠭᠲᠡᠢ᠃ ᠬᠤᠶᠠᠷ ᠲᠤ᠂ ᠴᠠᠭ ᠠᠭᠤᠷ᠂ ᠮᠥᠰᠥᠨ ᠤ ᠪᠠᠶᠢᠳᠠᠯ ᠤᠨ ᠬᠥᠭᠵᠢᠯᠲᠡ | ᠬᠤᠪᠢᠷᠠᠯᠲᠠ ᠶᠢ ᠨᠢᠭᠲᠠ ᠠᠩᠬᠠᠷᠴᠤ᠂ ᠡᠳᠦᠷ ᠳᠠᠷᠠᠭᠠᠯᠠᠨ ᠠᠭᠠᠷ ᠤᠨ ᠳᠤᠯᠠᠭᠠᠨ᠂ ᠤᠰᠤᠨ ᠴᠥᠭᠦᠷᠥᠮ ᠤᠨ ᠤᠰᠤ | ᠬᠠᠳᠠᠭᠠᠯᠠᠬᠤ᠂ ᠭᠤᠣᠯ ᠤᠨ ᠤᠷᠤᠰᠬᠠᠯ ᠤᠨ ᠬᠡᠮᠵᠢᠶ᠎ᠡ᠂ ᠰᠦᠩ ᠬᠠᠯᠢᠶ᠎ᠠ ᠵᠡᠷᠭᠡ ᠪᠠᠶᠢᠳᠠᠯ ᠢ ᠮᠥᠷᠳᠡᠬᠦ ᠬᠡᠷᠡᠭᠲᠡᠢ᠃ | ᠭᠤᠷᠪᠠ ᠳᠤ᠂ ᠪᠠᠭᠤᠷᠠᠢ ᠬᠠᠰᠢᠯᠭ᠎ᠠ᠂ ᠠᠶᠤᠯᠲᠠᠢ ᠪᠠᠷᠢᠯᠭ᠎ᠠ ᠶᠢᠨ ᠭᠤᠣᠯ ᠤᠨ ᠬᠡᠰᠡᠭ᠂ ᠭᠤᠣᠯ ᠤᠨ ᠵᠠᠮ ᠤᠨ ᠤᠰᠤᠨ | ᠠᠵᠢᠯ ᠤᠨ ᠪᠠᠷᠢᠯᠭ᠎ᠠ ᠶᠢ ᠴᠢᠩᠭ᠎ᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | |