︽ᠢᠯᠡ᠂ ᠡᠷᠬᠡ ᠲᠡᠭᠰᠢ᠂ ᠲᠥᠪ ᠭᠤᠣᠯᠴᠢ︾ ᠪᠠᠶᠢᠬᠤ ᠵᠠᠷᠴᠢᠮ ᠶᠣᠰᠣᠭᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠥᠪ ᠤᠨ ︵2025 — 2027 ᠣᠨ︶ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ᠂ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ | ᠣᠷᠣᠯᠠᠬᠤ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠤᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ︵2025 — 2027 | ᠣᠨ︶ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠶᠢᠨ ᠬᠤᠳᠠᠯᠳᠤᠨ ᠠᠪᠬᠤ | ᠲᠥᠷᠥᠯ ᠵᠦᠢᠯ | ᠠᠳᠠᠯᠢᠳᠬᠠᠨ ᠰᠣᠩᠭᠤᠬᠤ ᠠᠭᠤᠯᠭ᠎ᠠ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠦᠢᠯᠡᠴᠢᠯᠡᠭᠡᠨ ᠤ ᠲᠦᠷᠦᠯ ᠵᠡᠷᠭᠡ ᠲᠤᠰᠬᠠᠢ | ᠮᠡᠷᠭᠡᠵᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠬᠠᠷᠢᠭᠤᠴᠠᠵᠤ ᠪᠠᠶᠢᠭ᠎ᠠ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ | ᠠᠳᠠᠯᠢᠳᠬᠠᠨ ᠰᠣᠩᠭᠤᠬᠤ ᠬᠡᠪᠴᠢᠶ᠎ᠡ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠦᠢᠯᠡᠴᠢᠯᠡᠭᠡᠨ ᠤ ᠲᠥᠷᠥᠯ ᠵᠡᠷᠭᠡ ᠲᠤᠰᠬᠠᠶ | ᠮᠡᠷᠭᠡᠵᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠬᠦ ᠺᠣᠮᠫᠠᠨᠢ ᠶᠢᠨ ᠡᠮᠦᠨ᠎ᠡ ᠭᠤᠷᠪᠠᠨ ᠨᠡᠷ᠎ᠡ ᠶᠢ | ᠬᠥᠮᠥᠷᠭᠡ ᠳᠤ ᠣᠷᠣᠭᠤᠯᠬᠤ ᠪᠠᠶᠢᠭᠤᠯᠤᠮᠵᠢ ᠪᠣᠯᠭᠠᠨ᠎ᠠ᠃ | ᠬᠤᠶᠠᠷ᠂ ᠬᠥᠮᠥᠨ ᠰᠣᠩᠭᠤᠬᠤ ᠬᠢᠷᠢ ᠬᠡᠮ ᠤᠨ ᠱᠠᠭᠠᠷᠳᠠᠯᠭ᠎ᠠ | ᠲᠣᠰ ᠤᠳᠠᠭᠠᠨ ᠤ ᠠᠳᠠᠯᠢᠳᠬᠠᠨ ᠰᠣᠩᠭᠤᠬᠤ ᠱᠠᠭᠠᠷᠳᠠᠯᠭ᠎ᠠ ᠶᠢᠨ ᠣᠷᠣᠯᠴᠠᠭᠴᠢ ᠨᠢ ᠵᠣᠬᠢᠴᠠᠩᠭᠤᠶ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠷᠥᠯ ᠵᠦᠢᠯ᠂ ᠡᠳ᠋ ᠪᠠᠷᠠᠭ᠎ᠠ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠴᠢᠳᠠᠪᠤᠷᠢ ᠶᠢ | ᠡᠭᠦᠷᠭᠡᠯᠡᠬᠦ ᠶᠢᠨ ᠬᠠᠮᠲᠤ᠂ ᠲᠣᠭᠲᠠᠭᠠᠭᠰᠠᠨ ᠬᠢᠷᠢ ᠬᠡᠮ ᠤᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ | ᠣᠷᠣᠯᠠᠨ ᠭᠦᠢᠴᠡᠳᠭᠡᠬᠦ ᠺᠣᠮᠫᠠᠨᠢ ᠮᠥᠷᠲᠡᠭᠡᠨ 2022 ᠣᠨ ᠤ 1 ᠳ᠋ᠦ᠋ᠭᠡᠷ ᠰᠠᠷ᠎ᠠ ᠠᠴᠠ ᠨᠠᠭᠠᠰᠢ ᠨᠠᠭᠠᠳᠤ | ᠵᠠᠬ᠎ᠠ ᠳᠤ ᠪᠠᠨ ᠭᠤᠷᠪᠠᠨ ᠵᠦᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠂ ᠭᠤᠷᠪᠠᠨ ᠵᠦᠢᠯ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠭᠤᠷᠪᠠᠨ ᠵᠦᠢᠯ ᠤᠨ ᠦᠢᠯᠡᠴᠢᠯᠡᠭᠡᠨ ᠤ ᠲᠥᠷᠥᠯ ᠵᠡᠷᠭᠡ ᠡᠶᠢᠮᠦᠷᠬᠦ ᠠᠮᠵᠢᠯᠲᠠ | ᠪᠦᠲᠦᠮᠵᠢ ᠶᠢ ᠡᠭᠦᠷᠭᠡᠯᠡᠵᠦ ᠥᠩᠭᠡᠷᠡᠭᠰᠡᠨ ᠺᠣᠮᠫᠠᠨᠢ ᠪᠣᠯᠤᠨ᠎ᠠ᠂ ᠡᠶᠢᠮᠦᠷᠬᠦ ᠠᠮᠵᠢᠯᠲᠠ ᠪᠦᠲᠦᠮᠵᠢ ᠳᠤ ᠬᠦᠷᠦᠭᠰᠡᠨ | ᠥᠬᠡᠶ ᠳᠠᠭᠠᠭᠠᠴᠢᠯᠠᠯᠲᠠ ᠵᠠᠷᠯᠠᠬᠤ ᠣᠷᠣᠯᠠᠨ ᠭᠦᠢᠴᠡᠳᠭᠡᠬᠦ ᠺᠣᠮᠫᠠᠨᠢ ᠠᠳᠠᠯᠢᠳᠬᠠᠨ ᠰᠣᠩᠭᠤᠬᠤ ᠳᠤ ᠣᠷᠣᠯᠴᠠᠵᠤ | ᠪᠣᠯᠬᠤ ᠥᠬᠡᠶ᠃ ᠡᠭᠦᠨ ᠤ ᠬᠠᠮᠲᠤ ᠳᠣᠤᠷᠠᠬᠢ ᠨᠥᠬᠦᠴᠡᠯ ᠢ ᠬᠠᠮᠲᠤ ᠳᠤ ᠨᠢ ᠪᠦᠷᠢᠯᠳᠦᠭᠦᠯᠦᠨ᠎ᠡ᠄ | 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠪᠴᠢᠶᠡᠨ ᠳᠣᠲᠣᠷ᠎ᠠ ᠳᠠᠩᠰᠠᠯᠠᠭᠤᠯᠬᠤ | ᠬᠡᠷᠡᠭᠲᠡᠶ᠂ ᠲᠤᠰᠬᠠᠢ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠶᠢᠨ ᠬᠠᠮᠲᠤ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ | ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ︔ | ︵2︶ ᠬᠤᠳᠠᠯᠳᠤᠭᠠᠨ ᠤ ᠢᠲᠡᠭᠡᠯ ᠬᠦᠨᠳᠦ ᠪᠠ ᠲᠡᠭᠦᠯᠳᠡᠷᠵᠢᠭᠰᠡᠨ ᠡᠳ᠋ ᠤᠨ ᠶᠠᠪᠤᠳᠠᠯ ᠤᠨ ᠨᠢᠭᠲᠠᠯᠠᠨ | ᠪᠣᠳᠣᠬᠤ ᠳᠦᠷᠢᠮ ᠲᠠᠢ︔ | ︵3︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠣᠨᠤᠭ ᠲᠥᠬᠦᠭᠡᠷᠦᠮᠵᠢ ᠪᠠ ᠲᠤᠰᠬᠠᠢ | ᠮᠡᠷᠭᠡᠵᠢᠯ ᠤᠨ ᠴᠢᠳᠠᠪᠤᠷᠢ ᠲᠠᠢ︔ | ︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠬᠤ | ᠰᠠᠶᠢᠨ ᠰᠠᠶᠢᠬᠠᠨ ᠲᠡᠮᠳᠡᠭᠯᠡᠯ ᠲᠠᠢ︔ | ︵5︶ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠠᠴᠠ ᠵᠥᠷᠢᠴᠡᠭᠰᠡᠨ | ᠴᠢᠬᠤᠯᠠ ᠶᠡᠭᠡ ᠲᠡᠮᠳᠡᠭᠯᠡᠯ ᠪᠠᠶᠢᠬᠤ ᠦᠭᠡᠢ︔ | ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ︔ | 2. ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠲᠡᠮᠳᠡᠭᠯᠡᠯ ᠢ | ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ | ᠮᠡᠳᠡᠭᠳᠡᠯ︾ ︵ᠡᠳ᠋ ᠬᠥᠮᠥᠷᠭᠡ ︵2016︶ 125 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠲᠣᠭᠲᠠᠭᠠᠯ ᠢ ᠦᠨᠳᠦᠰᠦᠯᠡᠪᠡᠯ᠂ ᠬᠠᠩᠭᠠᠯᠭ᠎ᠠ ᠶᠢᠨ ᠬᠤᠳᠠᠯᠳᠤᠭᠠᠴᠢᠨ ᠨᠢ ︽ᠢᠲᠡᠭᠡᠮᠵᠢᠲᠦ ᠳᠤᠮᠳᠠᠳᠤ ᠤᠯᠤᠰ︾ ︵ | www.creditchina.gov.cn ︶᠂ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ︾ ︵http://www.gsxt.gov.cn/index.html ︶ ᠲᠤ | ᠵᠢᠭᠰᠠᠭᠠᠭᠳᠠᠭᠰᠠᠨ ᠥᠬᠡᠶ᠂ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ | ᠵᠡᠷᠭᠡ ᠠᠷᠭ᠎ᠠ ᠵᠠᠮ ᠢᠶᠠᠷ ᠢᠲᠡᠭᠡᠮᠵᠢ ᠠᠯᠳᠠᠭᠰᠠᠨ ᠬᠦᠢᠴᠡᠳᠬᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ | ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ | ᠨᠡᠷᠡᠰ ᠲᠤ ᠵᠢᠭᠰᠠᠭᠠᠭᠳᠠᠭᠰᠠᠨ ᠥᠬᠡᠶ︔ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ | ᠵᠢᠭᠰᠠᠭᠠᠭᠳᠠᠭᠰᠠᠨ ᠥᠬᠡᠶ︔ ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ | ᠰᠦᠯᠵᠢᠶᠡᠨ ᠳᠤ ᠣᠶᠢᠷ᠎ᠠ ᠶᠢᠨ ᠭᠤᠷᠪᠠᠨ ᠵᠢᠯ ᠳᠤ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠲᠠᠢ ᠪᠠᠶᠢᠪᠠᠯ᠂ | ᠲᠣᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ᠃ | 3. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ | ᠥᠬᠡᠶ᠃ ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠳᠤ ᠰᠢᠭᠤᠳ ᠬᠤᠪᠢ ᠡᠵᠡᠮᠳᠡᠬᠦ᠂ | ᠬᠠᠮᠢᠶᠠᠷᠬᠤ ᠬᠠᠷᠢᠴᠠᠭ᠎ᠠ ᠪᠠᠶᠢᠬᠤ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ ᠳᠤ ᠠᠳᠠᠯᠢ ᠨᠢᠭᠡᠨ ᠳᠠᠭᠠᠭᠠᠴᠢᠯᠠᠯᠲᠠ | ᠬᠦᠯᠢᠶᠡᠬᠦ ᠪᠤᠶᠤ ᠳᠠᠭᠠᠭᠠᠴᠢᠯᠠᠬᠤ ᠭᠡᠵᠦ ᠬᠤᠪᠢᠶᠠᠷᠢᠯᠠᠭᠰᠠᠨ ᠦᠭᠡᠶ ᠠᠳᠠᠯᠢ ᠨᠢᠭᠡᠨ ᠳᠠᠭᠠᠭᠠᠴᠢᠯᠠᠯᠲᠠ ᠵᠠᠷᠯᠠᠬᠤ | ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠶ᠃ | ᠭᠤᠷᠪᠠ᠂ ᠨᠡᠷ᠎ᠡ ᠮᠡᠳᠡᠭᠦᠯᠬᠦ ᠳᠤ ᠬᠡᠷᠡᠭᠰᠡᠬᠦ ᠴᠢᠬᠤᠯᠠᠲᠠᠢ ᠮᠠᠲ᠋ᠧᠷᠢᠶᠠᠯ | 1. ᠨᠡᠷ᠎ᠡ ᠮᠡᠳᠡᠭᠦᠯᠦᠭᠴᠢ ᠨᠢ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠢᠶᠠᠨ ᠭᠠᠷᠭᠠᠨ | ᠦᠵᠡᠭᠦᠯᠵᠦ᠂ ᠪᠠᠭᠤᠯᠭᠠᠪᠤᠷᠢ ᠶᠢ ᠬᠠᠩᠭᠠᠬᠤ ᠬᠡᠷᠡᠭᠲᠡᠢ︔ | 2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ | ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ | ᠥᠭᠭᠦᠨ᠎ᠡ︔ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ | 4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠦᠷᠭᠦᠯᠵᠢᠯᠡᠨ | ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠳᠠᠷᠠᠭᠠᠯᠠᠨ ᠭᠠᠶᠢᠯᠢ | ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ︔ | 5. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ | ᠬᠠᠩᠭᠠᠨ᠎ᠠ᠃ | 6. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ | ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠣᠭᠲᠤᠯᠤᠭᠰᠠᠨ ᠵᠢᠷᠤᠭ ᠵᠢᠴᠢ ︽ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ︾ ︵http://www.gsxt. | gov.cn/index.html ︶ ᠤᠨ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠤᠯᠤᠭᠰᠠᠨ ᠵᠢᠷᠤᠭ ᠢ ᠬᠠᠩᠭᠠᠨ᠎ᠠ︔ | 7. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ | ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠣᠲᠣ | ᠪᠣᠯᠲᠠᠯ᠎ᠠ︶ ᠬᠡᠭᠡᠯᠢ ᠲᠦᠯᠬᠢᠬᠦ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠤᠨ | ᠣᠭᠲᠤᠯᠤᠭᠰᠠᠨ ᠵᠢᠷᠤᠭ ᠦᠭᠡᠢ᠃ | ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ | ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ︵ᠨᠢᠭᠡ ᠢᠵᠢ︶ ᠶᠢ ᠬᠠᠩᠭᠠᠬᠤ ᠴᠢᠬᠤᠯᠠᠲᠠᠢ | ᠮᠦᠷᠲᠡᠭᠡᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ | ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠷᠢᠴᠠᠯ ᠢ 2025 ᠣᠨ ᠤ 02 ᠳ᠋ᠤᠭᠠᠷ ᠰᠠᠷ᠎ᠠ ᠶᠢᠨ | 17 ᠤ ᠡᠳᠦᠷ ᠠᠴᠠ 2025 ᠣᠨ ᠤ 02 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠠᠵᠢᠯ ᠤᠨ ᠡᠳᠦᠷ | ᠪᠦᠷᠢ ᠶᠢᠨ ᠦᠳᠡ ᠶᠢᠨ ᠡᠮᠦᠨ᠎ᠡ 9᠄ 30 — 12᠄ 00 ᠴᠠᠭ᠂ ᠦᠳᠡ ᠶᠢᠨ ᠬᠤᠶᠢᠨ᠎ᠠ 14᠄ 30 — 17᠄ | 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ | ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠤᠪᠣᠷ ᠰᠢᠷᠣᠶ ᠶᠢᠨ ᠶᠡᠭᠡ ᠵᠡᠭᠡᠯᠢ ᠶᠢᠨ 29 ᠳ᠋ᠦ᠋ᠭᠡᠷ ᠲᠣᠭᠠᠲᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠥᠪ ᠤᠨ 822 ᠳ᠋ᠤᠭᠠᠷ ᠲᠠᠰᠤᠭ | ᠲᠠᠪᠤ᠂ ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠢᠶᠠᠨ ᠲᠤᠰᠢᠶᠠᠬᠤ | ᠠᠳᠠᠯᠢᠳᠬᠠᠨ ᠰᠤᠩᠭᠤᠬᠤ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ 2025 ᠣᠨ ᠤ 03 | ᠳ᠋ᠤᠭᠠᠷ ᠰᠠᠷ᠎ᠠ ᠶᠢᠨ 4 ᠤ ᠡᠳᠦᠷ ︵10 ᠴᠠᠭ 00 ᠮᠢᠨᠥ᠋ᠲ︶᠂ ᠭᠠᠵᠠᠷ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠥᠪ ᠤᠨ ᠶᠢᠰᠦᠳᠦᠭᠡᠷ ᠳᠠᠪᠬᠤᠷ ᠤᠨ ᠵᠦᠪᠳᠡᠯᠴᠡᠭᠡᠨ ᠤ ᠲᠠᠰᠤᠭ᠃ | ᠬᠤᠭᠤᠴᠠᠭ᠎ᠠ ᠥᠩᠭᠡᠷᠡᠲᠡᠯ᠎ᠡ ᠬᠦᠷᠭᠡᠬᠦ ᠪᠤᠶᠤ ᠵᠢᠭᠠᠨ ᠲᠤᠭᠲᠠᠭᠠᠭᠰᠠᠨ ᠭᠠᠵᠠᠷ ᠲᠤ ᠬᠦᠷᠭᠡᠭᠰᠡᠨ ᠦᠭᠡᠢ ᠪᠣᠯ | ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ | ᠵᠢᠷᠭᠤᠭ᠎ᠠ᠂ ᠠᠳᠠᠯᠢᠳᠬᠠᠨ ᠰᠣᠩᠭᠤᠬᠤ ᠴᠠᠭ ᠵᠢᠴᠢ ᠭᠠᠵᠠᠷ ᠣᠷᠣᠨ | ᠠᠳᠠᠯᠢᠳᠬᠠᠨ ᠰᠣᠩᠭᠤᠬᠤ ᠴᠠᠭ ᠬᠢᠭᠡᠳ ᠭᠠᠷᠳᠠᠭᠤᠯᠤᠨ ᠲᠤᠰᠢᠶᠠᠬᠤ ᠠᠳᠠᠯᠢᠳᠬᠠᠨ ᠰᠤᠩᠭᠤᠬᠤ ᠪᠢᠴᠢᠭ | ᠮᠠᠲ᠋ᠧᠷᠢᠶᠠᠯ ᠤᠨ ᠬᠢᠵᠠᠭᠠᠷ ᠤᠨ ᠬᠤᠭᠤᠴᠠᠭ᠎ᠠ ᠨᠢ ᠠᠳᠠᠯᠢ | ᠠᠳᠠᠯᠢᠳᠬᠠᠨ ᠰᠣᠩᠭᠤᠬᠤ ᠭᠠᠵᠠᠷ ᠬᠢᠭᠡᠳ ᠭᠠᠷᠳᠠᠭᠤᠯᠤᠨ ᠲᠤᠰᠢᠶᠠᠬᠤ ᠠᠳᠠᠯᠢᠳᠬᠠᠨ ᠰᠤᠩᠭᠤᠬᠤ ᠪᠢᠴᠢᠭ | ᠮᠠᠲ᠋ᠧᠷᠢᠶᠠᠯ ᠤᠨ ᠭᠠᠵᠠᠷ ᠨᠢ ᠠᠳᠠᠯᠢ | ᠳᠣᠯᠤᠭ᠎ᠠ᠂ ᠠᠯᠪᠠᠨ ᠵᠠᠷ ᠨᠡᠶᠢᠲᠡᠯᠡᠭᠰᠡᠨ ᠵᠠᠭᠤᠴᠢᠯᠠᠭᠤᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ | ᠰᠦᠯᠵᠢᠶ᠎ᠡ᠄ http://slt.nmg.gov.cn/ ᠪᠤᠰᠤᠳ ᠵᠠᠭᠤᠴᠢᠯᠠᠭᠤᠷ ᠢ ᠳᠠᠮᠵᠢᠭᠤᠯᠤᠨ ᠲᠠᠷᠬᠠᠭᠠᠭᠰᠠᠨ ᠪᠣᠯ | ᠬᠦᠴᠦᠨ ᠦᠭᠡᠢ᠃ | ᠨᠠᠢᠮᠠ᠂ ᠬᠠᠷᠢᠯᠴᠠᠬᠤ ᠠᠷᠭ᠎ᠠ ᠮᠠᠶ᠋ᠢᠭ | ᠨᠠᠶᠢᠳᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠶᠢᠨ | ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ | ᠬᠠᠷᠢᠯᠴᠠᠬᠤ ᠬᠥᠮᠥ᠄ ᠵᠠᠩ ᠯᠢ ᠳ᠋ᠦᠩ | ᠤᠲᠠᠰᠤ᠄ 13296938300 | |