ᠤᠯᠤᠰ ᠤᠨ ᠳᠣᠲᠤᠭᠠᠳᠤ ᠶᠢᠨ ᠬᠠᠮᠤᠭ ᠤᠨ ᠶᠡᠭᠡ ᠪᠦᠷᠢᠨ ᠤᠭᠰᠠᠷᠠᠬᠤ ᠰᠢᠲᠠᠮᠠᠬᠠᠢ ᠬᠡᠢ ᠶᠢᠨ ᠠᠢ ᠰᠠᠪᠠ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2025/2/12
  2 ᠳ᠋ᠤᠭᠠᠷ ᠰᠠᠷ᠎ᠠ ᠶᠢᠨ 8 ᠤ ᠡᠳᠦᠷ᠂ ᠤᠷᠮ᠎ᠠ ᠵᠣᠷᠢᠭ ᠪᠠᠳᠠᠷᠠᠩᠭᠤᠢ ᠪᠠᠷ ︽ᠦᠷᠦᠮᠳᠡᠬᠦ︕︾ ᠵᠠᠷᠯᠢᠭ ᠪᠠᠭᠤᠯᠭᠠᠵᠤ᠂ ᠣᠷᠳᠣᠰ ᠬᠤᠲᠠ ᠶᠢᠨ ᠦᠤᠰᠢᠨ ᠬᠤᠰᠢᠭᠤᠨ ᠳᠤ ᠪᠠᠶᠢᠷᠢᠯᠠᠵᠤ ᠪᠠᠶᠢᠭ᠎ᠠ ᠰᠤᠪᠤᠷᠭ᠎ᠠ ᠰᠢᠲᠠᠮᠠᠬᠠᠢ ᠬᠡᠢ ᠶᠢᠨ ᠠᠢ ᠰᠠᠪᠠ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠳᠳᠤᠭ ᠥᠷᠥᠮᠳᠡᠬᠦ ᠲᠠᠪᠴᠠᠩ ᠠᠯᠭᠤᠷᠬᠠᠨ ᠡᠬᠢᠯᠡᠭᠰᠡᠨ ᠨᠢ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠰᠢᠲᠠᠮᠠᠬᠠᠶ ᠬᠡᠶ ᠶᠢᠨ ᠠᠢ ᠰᠠᠪᠠ — ᠰᠤᠪᠤᠷᠭ᠎ᠠ ᠰᠢᠲᠠᠮᠠᠬᠠᠢ ᠬᠡᠢ ᠶᠢᠨ ᠠᠢ ᠰᠠᠪᠠ 2025 ᠣᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠤᠬᠠᠶ ᠶᠢᠨ ᠡᠳᠦᠷ᠂ 10 ᠥᠷᠥᠮᠳᠡᠬᠦ ᠮᠠᠰᠢᠨ ᠬᠠᠮᠲᠤ ᠳᠤ ᠨᠢ ᠥᠷᠥᠮᠳᠡᠵᠦ᠂ ᠲᠤᠬᠠᠶ ᠶᠢᠨ ᠲᠠᠯᠠᠪᠤᠷ ᠲᠤ ᠮᠠᠰᠢᠨ ᠬᠦᠩᠭᠢᠨᠡᠵᠦ᠂ ᠰᠢᠨ᠎ᠡ ᠨᠢᠭᠡ ᠵᠢᠯ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠬᠥᠰᠢᠭᠡ ᠶᠢ ᠨᠡᠭᠡᠭᠡᠪᠡ᠃  ︽ᠡᠨᠡ ᠵᠢᠯ᠂ ᠮᠠᠨ ᠤ ᠰᠤᠪᠤᠷᠭ᠎ᠠ ᠰᠢᠲᠠᠮᠠᠬᠠᠢ ᠬᠡᠢ ᠶᠢᠨ ᠠᠢ ᠰᠠᠪᠠ ᠶᠢᠨ ᠨᠡᠭᠡᠭᠡᠯᠲᠡ ᠶᠢᠨ ᠬᠤᠪᠢᠶᠠᠷᠢ ᠺᠣᠮᠫᠠᠨᠢ ᠶᠢᠨ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠤᠭᠤᠶᠢᠯᠠᠩ 25.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠢᠯᠡᠳᠪᠦᠷᠢᠯᠡᠬᠦ ᠴᠢᠳᠠᠪᠤᠷᠢ ᠶᠢ ᠪᠠᠶᠢᠷᠢᠯᠠᠭᠤᠯᠵᠤ᠂ 665 ᠬᠤᠳᠳᠤᠭ ᠥᠷᠥᠮᠳᠡᠬᠦ ᠪᠠᠷ ᠲᠥᠯᠥᠪᠯᠡᠵᠦ ᠪᠠᠶᠢᠨ᠎ᠠ︾ ᠭᠡᠵᠦ ᠬᠡᠯᠡᠪᠡ᠃ ᠰᠤᠪᠤᠷᠭ᠎ᠠ ᠬᠡᠢ ᠶᠢᠨ ᠠᠭᠤᠷᠬᠠᠢ ᠶᠢᠨ ᠨᠡᠭᠡᠭᠡᠨ ᠬᠥᠭᠵᠢᠭᠦᠯᠦᠯᠲᠡ ᠶᠢᠨ ᠬᠤᠪᠢᠶᠠᠷᠢ ᠺᠣᠮᠫᠠᠨᠢ ᠶᠢᠨ ᠳᠠᠭᠠᠭᠠᠮᠠᠯ᠂ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠤᠭᠤᠶᠢᠯᠠᠩ ᠤᠨ ᠳᠠᠭᠠᠭᠠᠮᠠᠯ ᠯᠦᠩ ᠶᠦᠨ ᠾᠦᠢ ᠲᠤᠬᠠᠢ ᠶᠢᠨ ᠲᠠᠯᠠᠪᠠᠢ ᠳᠤ ᠲᠠᠨᠢᠯᠴᠠᠭᠤᠯᠪᠠ᠃  2025 ᠣᠨ ᠳᠤ᠂ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠣᠰ ᠺᠣᠮᠫᠠᠨᠢ ᠬᠤᠳᠳᠤᠭ ᠥᠷᠥᠮᠳᠡᠬᠦ ᠢᠨᠵᠧᠨᠧᠷᠢᠩ ᠤᠨ ᠠᠵᠢᠯ ᠢᠶᠠᠨ ᠰᠡᠷᠭᠦᠭᠡᠬᠦ ᠶᠢ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠵᠢᠯ ᠤᠨ ᠡᠬᠢᠨ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ ᠤᠷᠢᠳᠴᠢᠯᠠᠨ ᠠᠷᠭ᠎ᠠ ᠰᠦᠪᠡᠭᠴᠢᠯᠡᠵᠦ᠂ ᠡᠯ᠎ᠡ ᠵᠦᠢᠯ ᠤᠨ ᠤᠷᠢᠳᠠᠴᠢ ᠴᠢᠨᠠᠷᠲᠠᠶ ᠭᠠᠷᠳᠠᠮ ᠢ ᠤᠷᠢᠳᠴᠢᠯᠠᠨ ᠭᠦᠢᠴᠡᠳᠬᠡᠵᠦ᠂ ᠡᠷᠲᠡᠬᠡᠨ ᠠᠵᠢᠯ ᠢᠶᠠᠨ ᠰᠡᠷᠭᠦᠭᠡᠬᠦ ᠪᠠᠷ ᠴᠢᠷᠮᠠᠶᠢᠨ᠎ᠠ᠃ ᠭᠠᠵᠠᠷ ᠰᠢᠨᠵᠢᠯᠡᠭᠡᠨ᠂ ᠬᠤᠳᠳᠤᠭ ᠥᠷᠥᠮᠳᠡᠬᠦ᠂ ᠬᠡᠶ ᠲᠤᠷᠰᠢᠬᠤ ᠵᠡᠷᠭᠡ ᠲᠤᠰᠬᠠᠶ ᠮᠡᠷᠭᠡᠵᠢᠯ ᠤᠨ ᠳᠤᠭᠤᠶᠢᠯᠠᠩ ᠵᠢᠴᠢ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ ᠲᠥᠷᠥᠯ ᠵᠦᠢᠯ ᠢ ᠡᠬᠢᠯᠡᠭᠦᠯᠬᠦ ᠠᠴᠠ ᠡᠮᠦᠨ᠎ᠡ᠂ ᠲᠥᠷᠥᠯ ᠵᠦᠢᠯ ᠢ ᠡᠬᠢᠯᠡᠭᠦᠯᠬᠦ ᠪᠠᠴᠢᠮ ᠶᠠᠭᠠᠷᠠᠯᠲᠠᠶ ᠪᠠᠷ ᠪᠡᠯᠡᠳᠬᠡᠯ ᠬᠢᠵᠦ᠂ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠭᠦᠨ ᠤ ᠬᠠᠮᠲᠤ᠂ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠤᠭᠤᠶᠢᠯᠠᠩ ᠲᠥᠷᠥᠯ ᠵᠦᠢᠯ ᠢ ᠡᠬᠢᠯᠡᠭᠦᠯᠬᠦ ᠬᠤᠭᠤᠴᠠᠭᠠᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢ ᠴᠢᠩᠭ᠎ᠠ ᠠᠳᠬᠤᠵᠤ᠂ ᠲᠥᠷᠥᠯ ᠵᠦᠢᠯ ᠢ ᠡᠬᠢᠯᠡᠭᠦᠯᠬᠦ ᠶᠠᠪᠤᠴᠠ ᠳᠠᠬᠢ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠪᠠ᠃ ᠣᠳᠣᠬᠠᠨ ᠳᠤ ᠨᠢᠭᠡᠨᠲᠡ 95 ᠥᠷᠥᠮᠳᠡᠬᠦ ᠮᠠᠰᠢᠨ ᠣᠷᠣᠵᠣ᠂ ᠵᠢᠱᠢᠯᠲᠡ ᠪᠠᠷ 2 ᠳ᠋ᠤᠭᠠᠷ ᠰᠠᠷ᠎ᠠ ᠶᠢᠨ ᠰᠡᠭᠦᠯᠴᠢ ᠪᠠᠷ ᠪᠤᠢ ᠪᠦᠬᠦᠢ ᠥᠷᠥᠮᠳᠡᠬᠦ ᠮᠠᠰᠢᠨ ᠢ ᠪᠦᠬᠦᠨ ᠢ ᠡᠬᠢᠯᠡᠭᠦᠯᠬᠦ ᠪᠣᠯᠤᠨ᠎ᠠ᠃  ᠯᠦᠩ ᠶᠦᠨ ᠾᠦᠢ᠄ ︽ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠠᠴᠠ ᠪᠣᠯᠤᠭᠰᠠᠨ ᠶᠤᠮ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠷᠢᠳᠠᠴᠢ ᠴᠢᠨᠠᠷᠲᠠᠶ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠡᠨᠡ ᠵᠢᠯ ᠤᠨ ᠥᠷᠥᠮᠳᠡᠬᠦ ᠮᠠᠰᠢᠨ ᠤ ᠣᠷᠣᠨ ᠳᠤ ᠪᠠᠨ ᠣᠷᠣᠬᠤ ᠲᠤᠭ᠎ᠠ ᠬᠡᠮᠵᠢᠶ᠎ᠡ ᠥᠩᠭᠡᠷᠡᠭᠰᠡᠨ ᠵᠢᠯ ᠤᠳ ᠤᠨ ᠬᠢ ᠠᠴᠠ 30% ᠣᠷᠴᠢᠮ ᠳᠡᠭᠡᠭᠰᠢᠯᠡᠭᠰᠡᠨ ᠪᠠᠶᠢᠨ᠎ᠠ︾ ᠭᠡᠵᠦ ᠬᠡᠯᠡᠪᠡ᠃  ᠥᠷᠥᠮᠳᠡᠵᠦ ᠠᠮᠵᠢᠯᠲᠠ ᠤᠯᠬᠤ ᠶᠢ ᠪᠠᠲᠤᠯᠠᠬᠤ ᠶᠢᠨ ᠲᠥᠯᠥᠭᠡ᠂ ᠲᠤᠰ ᠺᠣᠮᠫᠠᠨᠢ ᠨᠢᠭᠡ ᠴᠤᠬᠴᠠᠵᠢᠭᠤᠯᠤᠬᠰᠠᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ 14 ᠵᠦᠢᠯ ᠤᠨ ᠨᠢᠭᠲᠠ ᠬᠡᠢ ᠶᠢᠨ ᠠᠭᠤᠷᠬᠠᠢ ᠶᠢ ᠢᠵᠢ ᠪᠦᠷᠢᠳᠦᠭᠦᠯᠬᠦ ᠮᠡᠷᠭᠡᠵᠢᠯ ᠤᠨ ᠰᠢᠨ᠎ᠡ ᠶᠢ ᠡᠭᠦᠳᠴᠦ᠂ ᠥᠨᠳᠥᠷ ᠪᠦᠲᠦᠮᠵᠢᠲᠡᠢ ᠠᠵᠢᠯᠯᠠᠭᠠᠨ ᠤ ᠰᠢᠰᠲ᠋ᠧᠮ ᠢ ᠪᠦᠷᠢᠯᠳᠦᠭᠦᠯᠵᠦ᠂ ᠰᠢᠲᠠᠮᠠᠬᠠᠢ ᠬᠡᠢ ᠶᠢᠨ ᠠᠢ ᠰᠠᠪᠠ ᠶᠢᠨ 3 ᠵᠢᠯ ᠳᠠᠷᠠᠭᠠᠯᠠᠨ 300 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ ᠰᠤᠪᠤᠷᠭ᠎ᠠ ᠬᠡᠢ ᠶᠢᠨ ᠠᠭᠤᠷᠬᠠᠶ ᠦᠢᠯᠡᠳᠪᠤᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠪᠦᠰᠡ ᠥᠷᠭᠡᠨ ᠪᠠᠶᠢᠵᠤ᠂ 5 ᠬᠤᠰᠢᠭᠤ ᠰᠢᠶᠠᠨ ᠢ ᠰᠤᠨᠳᠠᠯᠠᠵᠤ᠂ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ 500 ᠰᠢᠬᠠᠮ ᠳᠠᠭᠠᠭᠠᠴᠢᠯᠠᠯᠲᠠ ᠶᠢᠨ ᠬᠤᠳᠠᠯᠳᠤᠭᠠᠴᠢᠨ ᠤ ᠡᠩᠨᠡᠭᠡ ᠶᠢ ᠬᠠᠮᠢᠶᠠᠷᠤᠨ᠎ᠠ᠃ ᠬᠦᠨᠳᠦ ᠬᠡᠴᠡᠭᠦᠦ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠨᠠᠷᠢᠨ ᠪᠤᠳᠤᠯᠢᠶᠠᠨᠲᠠᠢ ᠬᠠᠮᠢᠶᠠᠷᠤᠯᠲᠠ ᠶᠢᠨ ᠡᠭᠦᠷᠭᠡ ᠶᠢᠨ ᠡᠮᠦᠨ᠎ᠡ᠂ ᠲᠤᠰ ᠺᠣᠮᠫᠠᠨᠢ ᠬᠠᠷᠠᠯᠲᠠ ᠪᠠᠨ ᠲᠣᠭᠲᠠᠭᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠪᠠᠷ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠰᠣᠳᠣᠨ ᠢᠨᠵᠧᠨᠧᠷᠢᠩ ᠢ ᠪᠠᠶᠢᠭᠤᠯᠵᠤ᠂ ᠨᠡᠭᠡᠭᠡᠨ ᠬᠥᠭᠵᠢᠭᠦᠯᠬᠦ ᠵᠠᠭᠪᠤᠷ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠲᠠᠮᠠᠬᠠᠢ ᠬᠡᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠡᠨᠧᠷᠭᠢ ᠶᠢᠨ ᠪᠠᠲᠤᠯᠠᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠡᠨᠡ ᠤᠳᠠᠭ᠎ᠠ ᠠᠮᠵᠢᠯᠲᠠ ᠲᠠᠢ ᠪᠠᠷ ᠥᠷᠥᠮᠳᠡᠭᠰᠡᠨ ᠨᠢ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号