ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/2/12
  2025 ᠣᠨ ᠤ ᠡᠬᠢ ᠪᠠᠷ᠂ ᠨᠢᠭᠡᠨ ᠴᠢᠮᠡᠭᠡ ᠬᠥᠮᠦᠰ ᠤᠨ ᠠᠩᠬᠠᠷᠤᠯ ᠢ ᠶᠡᠬᠡᠳᠡ ᠲᠠᠲᠠᠭᠰᠠᠨ ᠪᠠᠶᠢᠨ᠎ᠠ᠄ 2024 ᠣᠨ ᠤ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠪᠡᠯᠡ ᠬᠥᠷᠥᠩᠭᠡ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠢ᠃  ᠣᠯᠠᠨ ᠤᠯᠤᠰ ᠤᠨ ᠣᠷᠴᠢᠨ ᠲᠣᠭᠤᠷᠢᠨ ᠬᠤᠪᠢᠷᠠᠯᠲᠠ ᠶᠡᠬᠡᠲᠡᠶ᠂ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠶ ᠪᠠᠶᠢᠭ᠎ᠠ ᠬᠦᠨᠳᠦ ᠬᠡᠴᠡᠭᠦᠦ ᠪᠠᠶᠢᠳᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ ᠡᠨᠡ ᠬᠦ ᠬᠥᠭᠵᠢᠯᠲᠡ ᠶᠢᠨ ᠠᠮᠵᠢᠯᠲᠠ ᠶᠢ ᠬᠡᠷᠬᠢᠨ ᠣᠯᠤᠭᠰᠠᠨ ᠪᠤᠶ︖ ᠥᠪᠥᠷ ᠮᠣᠩᠭᠤᠯ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠭᠡᠨ ᠪᠠᠶᠢᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠠᠮᠢᠳᠤᠯᠢᠭ ᠦᠢᠯᠡᠳᠦᠯᠭᠡ ᠪᠠᠷ ᠬᠠᠷᠢᠭᠤᠯᠲᠠ ᠥᠭᠪᠡ᠃  ᠬᠠᠪᠤᠷ ᠤᠨ ᠡᠬᠢᠨ ᠤ ᠬᠤᠶᠠᠳᠤᠭᠠᠷ ᠰᠠᠷ᠎ᠠ ᠳᠤ᠂ ᠤᠮᠠᠷᠠᠲᠤ ᠶᠢᠨ ᠬᠤᠪᠣᠷ ᠰᠢᠷᠣᠶ ᠶᠢᠨ ᠪᠣᠬᠢᠷᠲᠤᠯ ᠥᠬᠡᠶ ᠬᠠᠶᠢᠯᠤᠭᠤᠯᠤᠨ ᠪᠣᠯᠪᠠᠰᠤᠷᠠᠭᠤᠯᠵᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠲᠠᠳ ᠪᠠᠴᠢᠮ ᠠᠵᠢᠯ ᠤᠨ ᠳᠤᠮᠳᠠ ᠣᠷᠣᠯᠴᠠᠵᠤ᠂ ᠢᠨᠵᠧᠨᠧᠷᠢᠩ ᠤᠨ ᠵᠢᠷᠤᠭ ᠲᠥᠯᠥᠪᠯᠡᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠨ ᠠᠬᠢᠭᠤᠯᠪᠠ᠃  ᠴᠠᠭ ᠮᠥᠴᠡ ᠪᠠᠯᠠᠷᠠᠰᠢ ᠦᠭᠡᠢ᠂ ᠲᠡᠮᠡᠴᠡᠯ ᠤᠨ ᠠᠮᠵᠢᠯᠲᠠ ᠥᠨᠢᠳᠡ ᠮᠥᠩᠬᠡᠷᠡᠨ᠎ᠡ᠃ 2024 ᠣᠨ ᠤ 10 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠡᠦᠬᠡᠨ ᠳᠡᠭᠡᠷ᠎ᠡ ᠨᠢᠭᠡᠨ ᠲᠣᠮᠣ ᠶᠠᠪᠤᠳᠠᠯ ᠭᠠᠷᠪᠠ᠄ ᠶᠡᠷᠦᠩᠬᠡᠢ ᠪᠡᠯᠡ ᠣᠷᠣᠭᠤᠯᠤᠯᠲᠠ ᠨᠢ 78 ᠳ᠋ᠦᠩᠰᠢᠭᠤᠷ ᠲᠥᠭᠦᠷᠢᠭ ᠤᠨ ᠤᠮᠠᠷᠠᠲᠤ ᠶᠢᠨ ᠬᠤᠪᠣᠷ ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠪᠣᠯᠪᠠᠰᠤᠷᠠᠭᠤᠯᠤᠨ ᠲᠡᠰ ᠳᠡᠪᠰᠢᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃  ︽ᠶᠡᠭᠡ ᠶᠠᠪᠤᠳᠠᠯ︾ ᠭᠡᠳᠡᠭ ᠨᠢ᠂ ᠡᠨᠡ ᠬᠦ ᠲᠥᠰᠥᠯ ᠪᠣᠯ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠪᠢ ᠡᠵᠡᠮᠳᠡᠬᠦ ᠬᠤᠪᠢᠶᠠᠷᠢ ᠺᠣᠮᠫᠠᠨᠢ ᠪᠣᠯᠣᠨ᠎ᠠ — ᠤᠮᠠᠷᠠᠲᠤ ᠶᠢᠨ ᠬᠤᠪᠣᠷ ᠰᠢᠷᠣᠶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠢᠭᠤᠯᠤᠭᠰᠠᠨ ᠪᠥᠬᠦ ᠳᠡᠯᠡᠬᠡᠶ ᠶᠢᠨ ᠬᠠᠮᠤᠭ ᠤᠨ ᠶᠡᠭᠡ᠂ ᠬᠡᠯᠬᠢᠶ᠎ᠡ ᠬᠠᠮᠤᠭ ᠤᠨ ᠪᠦᠷᠢᠨ ᠪᠦᠲᠦᠨ ᠬᠤᠪᠣᠷ ᠰᠢᠷᠣᠶ ᠶᠢᠨ ᠲᠡᠮᠦᠷᠯᠢᠭ ᠪᠣᠯᠪᠠᠰᠤᠷᠠᠭᠤᠯᠬᠤ ᠶᠢ ᠰᠠᠯᠭᠠᠬᠤ ᠲᠥᠷᠥᠯ ᠵᠦᠢᠯ ᠪᠣᠯᠤᠨ᠎ᠠ᠃  ᠬᠥᠮᠦᠰ ᠤᠨ ᠠᠩᠬᠠᠷᠤᠯ ᠢ ᠲᠠᠲᠠᠭᠰᠠᠨ ᠵᠦᠢᠯ ᠪᠣᠯ᠄ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠦᠰᠡᠯᠡᠯᠲᠡ ᠰᠢᠪᠲᠤᠯᠬᠤ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢᠨ ᠪᠦᠲᠦᠴᠡ ᠶᠢᠨ ᠲᠤᠬᠢᠷᠠᠭᠤᠯᠤᠯᠳᠠ ᠶᠢᠨ ᠳᠤᠮᠳᠠ᠂ ᠬᠤᠪᠣᠷ ᠰᠢᠷᠣᠢ ᠲᠡᠮᠦᠷᠯᠢᠭ ᠪᠣᠯᠪᠠᠰᠤᠷᠠᠭᠤᠯᠬᠤ ᠶᠢ ᠰᠠᠯᠭᠠᠬᠤ ᠲᠦᠷᠦᠯ ᠵᠦᠢᠯ ᠬᠤᠴᠣᠷᠤᠩᠭᠤᠢ ᠦᠢᠯᠡᠳᠪᠦᠷᠢᠯᠡᠯ ᠤᠨ ᠱᠤᠭᠤᠮ ᠢ ᠰᠣᠯᠢᠬᠤ ᠠᠵᠢᠯ ᠢ ᠬᠢᠵᠦ᠂ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠠᠵᠢᠯ ᠤᠨ ᠲᠡᠰ ᠳᠠᠷᠠᠭᠠᠯᠠᠯ ᠢ ᠪᠦᠬᠦ ᠱᠤᠭᠤᠮ ᠢᠶᠠᠷ ᠨᠡᠪᠲᠡᠷᠡᠭᠦᠯᠦᠭᠰᠡᠨ ᠤ ᠲᠠᠷᠠᠭ᠎ᠠ᠂ ᠬᠤᠪᠣᠷ ᠰᠢᠷᠣᠢ ᠶᠢᠨ ᠨᠤᠨᠲᠠᠭ ᠤᠨ ᠪᠣᠳᠠᠰ ᠤᠨ ᠮᠠᠲ᠋ᠧᠷᠢᠶᠠᠯ ᠢ ᠪᠠᠭᠤᠯᠭᠠᠬᠤ᠂ ᠮᠠᠲ᠋ᠧᠷᠢᠶᠠᠯ ᠣᠪᠣᠭᠠᠯᠠᠬᠤ᠂ ᠮᠠᠲ᠋ᠧᠷᠢᠶᠠᠯ ᠠᠪᠬᠤ᠂ ᠮᠠᠲ᠋ᠧᠷᠢᠶᠠᠯ ᠨᠠᠶᠢᠷᠠᠭᠤᠯᠬᠤ᠂ ᠬᠦᠷᠭᠡᠬᠦ ᠵᠡᠷᠭᠡ ᠤᠯᠠᠨ ᠭᠤᠭᠴᠤᠭ᠎ᠠ ᠳᠤ ᠦᠷᠭᠦᠯᠵᠢᠯᠡᠨ ᠠᠦ᠋ᠲ᠋ᠣᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠦᠭᠡᠢ ᠦᠢᠯᠡᠳᠪᠦᠷᠢᠯᠡᠯ ᠢ ᠪᠡᠶᠡᠯᠡᠭᠦᠯᠵᠦ ᠪᠣᠯᠤᠨ᠎ᠠ᠃  ᠥᠪᠥᠷ ᠮᠣᠩᠭᠤᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠪᠢᠷᠠᠯᠲᠠ ᠨᠢ ᠣᠨᠴᠠᠭᠠᠢ ᠵᠢᠱᠢᠶ᠎ᠡ ᠤᠭᠲᠤ ᠪᠢᠰᠢ ᠶᠤᠮ᠃ ᠪᠣᠣ ᠭᠠᠩ ᠤᠨ ᠡᠷᠡᠰ ᠪᠠᠲᠤ ᠪᠠ ᠰᠢᠨᠲᠠᠷᠠᠰᠢ ᠦᠭᠡᠢ ᠵᠣᠷᠢᠭ ᠰᠠᠨᠠᠭᠠᠨ ᠤ ︽ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢᠨ ᠭᠤᠣᠯ ᠬᠦᠴᠦᠨ ᠢ ᠵᠣᠷᠢᠭᠲᠠᠢ ᠪᠠᠷ ᠡᠭᠦᠷᠭᠡᠯᠡᠵᠦ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠠᠴᠠ ᠤᠯᠤᠰ ᠤᠨ ᠰᠢᠨ᠎ᠡ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 2000 ᠲᠦᠮᠡ ᠰᠢᠬᠠᠮ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠠᠴᠠ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠠᠴᠠ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠷᠲᠡᠯ᠎ᠡ ᠁ ᠠᠯᠢ ᠤᠯᠠᠨ ᠢᠷᠠᠭᠤ ᠠᠯᠳᠠᠷ ᠤᠨ ᠠᠷᠤ ᠳᠤ ᠨᠢᠭᠡ ᠵᠢᠯ ᠤᠨ ᠲᠤᠷᠰᠢ ᠥᠪᠥᠷ ᠮᠣᠩᠭᠤᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠨᠤᠲᠤᠭ ᠳᠡᠪᠢᠰᠬᠡᠷ ᠤᠨ ᠢᠳᠡᠷᠡᠭᠦᠨ ᠠᠯᠬᠤᠭ᠎ᠠ ᠶᠢ ᠳᠠᠬᠢᠨ ᠴᠣᠭᠴᠠᠯᠠᠨ᠎ᠠ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠬᠢᠨᠠᠨ ᠬᠠᠮᠢᠶᠠᠷᠬᠤ ᠠᠵᠤ ᠠᠬᠤᠶᠢᠯᠠᠯ ᠢ ᠵᠢᠯᠣᠭᠤᠳᠤᠨ ᠬᠢᠨᠠᠨ ᠬᠠᠮᠢᠶᠠᠷᠬᠤ ᠠᠵᠤ ᠠᠬᠤᠶᠢᠯᠠᠯ ᠢ ᠲᠤᠰᠬᠠᠶᠢᠵᠢᠭᠤᠯᠤᠨ ᠳᠠᠬᠢᠨ ᠵᠣᠬᠢᠶᠠᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠵᠢᠴᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠠᠶᠢᠷᠢᠯᠠᠭᠤᠯᠤᠨ᠎ᠠ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠳᠠᠭᠠᠭᠠᠮᠠᠯ ᠢ ᠵᠠᠬ᠎ᠠ ᠳᠡᠯᠭᠡᠭᠦᠷᠴᠢᠯᠡᠨ ᠰᠣᠩᠭᠤᠨ ᠤᠷᠢᠬᠤ ᠶᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠠᠯᠢᠩ ᠬᠥᠯᠥᠰᠥ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ︽ᠢᠯᠡᠭᠦᠤ ᠬᠢᠪᠡᠯ ᠢᠯᠡᠭᠦᠤ ᠣᠯᠵᠤ᠂ ᠪᠠᠭ᠎ᠠ ᠬᠢᠪᠡᠯ ᠪᠠᠭ᠎ᠠ ᠣᠯᠬᠤ︾ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠦᠨᠡᠨ ᠬᠦ ᠪᠣᠶ ᠪᠣᠯᠭᠠᠪᠠ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠪᠥᠷ ᠮᠣᠩᠭᠤᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠯᠳᠠᠭᠳᠠᠯ ᠢ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠶᠡᠭᠡ ᠠᠯᠳᠠᠭᠳᠠᠯ ᠲᠠᠢ ᠤᠯᠤᠰ ᠤᠨ ᠦᠮᠴᠢᠯᠡᠯᠲᠦ ᠬᠤᠪᠢᠶᠠᠷᠢ ᠠᠵᠤ ᠠᠬᠤᠶᠢᠯᠠᠯ ᠤᠨ ᠠᠯᠳᠠᠭᠳᠠᠯ ᠢ ᠶᠡᠭᠡ ᠪᠠᠷ ᠪᠠᠭᠠᠰᠬᠠᠬᠤ ᠪᠠ ᠪᠤᠴᠠᠭᠠᠨ ᠭᠠᠷᠭᠠᠬᠤ ᠬᠡᠪᠴᠢᠶᠡᠨ ᠳᠤ ᠣᠷᠣᠭᠤᠯᠤᠭᠰᠠᠨ ᠠᠯᠳᠠᠭᠳᠠᠯ ᠲᠠᠢ ᠠᠵᠤ ᠠᠬᠤᠶᠢᠯᠠᠯ ᠢ ᠭᠤᠤᠯᠳᠠᠯᠭ᠎ᠠ ᠲᠠᠢ ᠠᠬᠢᠭᠤᠯᠪᠠ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︽ᠪᠤᠷᠤᠭᠤ ᠶᠢ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ︾ ᠭᠡᠬᠦ ᠰᠥᠰᠥ ᠵᠣᠷᠢᠭ ᠢᠶᠠᠷ ᠬᠢᠨᠠᠨ ᠬᠠᠮᠢᠶᠠᠷᠬᠤ ᠠᠵᠤ ᠠᠬᠤᠶᠢᠯᠠᠯ ᠳᠤ ᠲᠣᠭᠤᠷᠢᠨ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠨᠡᠬᠡᠮᠵᠢᠯᠡᠵᠦ᠂ 1997 ᠣᠨ ᠳᠤ ᠬᠤᠯᠪᠣᠭᠳᠠᠭᠰᠠᠨ ᠠᠰᠠᠭᠤᠳᠠᠯ ᠢ ᠨᠢᠭᠡᠨᠲᠡ 93% ᠠᠴᠠ ᠳᠡᠭᠡᠭᠰᠢ ᠶᠢ ᠴᠡᠭᠴᠡᠯᠡᠨ ᠰᠠᠶᠢᠵᠢᠷᠠᠭᠤᠯᠪᠠ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠪᠥᠷ ᠮᠣᠩᠭᠤᠯ ︽ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠯᠠ ᠣᠷᠣᠭᠤᠯᠤᠯᠲᠠ ᠶᠢ ᠰᠢᠨ᠎ᠡ ᠪᠠᠷ ᠨᠢᠭᠡ ᠪᠦᠯᠦᠭ ᠢ ᠳᠣᠭᠢᠷᠠᠭᠤᠯᠬᠤ᠂ ᠨᠢᠭᠡ ᠪᠦᠯᠦᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠨᠢᠭᠡ ᠪᠦᠯᠦᠭ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠳᠥᠯᠭᠢᠨ ᠠᠬᠢᠭᠤᠯᠬᠤ︾ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠨᠢᠭᠡ ᠬᠠᠭᠤᠳᠠᠰᠤ ᠶᠢ ᠰᠡᠬᠦᠪᠡ᠃  ᠨᠢᠭᠡ ᠵᠢᠯ ᠤᠨ ᠲᠤᠷᠰᠢ᠂ ᠥᠭᠡᠷᠡᠴᠢᠯᠡᠯᠲᠡ ᠶᠢ ᠡᠭᠦᠷᠢᠳᠡ ᠪᠠᠲᠤ ᠴᠡᠭᠡᠵᠢᠯᠡᠨ᠎ᠡ᠄ ᠥᠭᠡᠷᠡᠴᠢᠯᠡᠯᠲᠡ ᠳᠤ ᠠᠵᠤ ᠠᠬᠤᠶᠢᠯᠠᠯ ᠤᠨ ᠳᠣᠲᠣᠭᠠᠳᠤ ᠳᠤ ᠡᠮᠬᠢᠯᠡᠨ ᠨᠡᠶᠢᠯᠡᠭᠦᠯᠬᠦ ᠵᠡᠷᠭᠡ 5 ᠲᠥᠷᠥᠯ ᠤᠨ ᠠᠵᠢᠯ ᠶᠠᠪᠤᠳᠠᠯ ᠤᠨ ᠡᠷᠬᠡ ᠶᠢ ᠠᠵᠤ ᠠᠬᠤᠶᠢᠯᠠᠯ ᠳᠤ ᠣᠯᠭᠤᠬᠤ ᠶᠢᠨ ᠬᠠᠮᠲᠤ 7 ᠲᠥᠷᠥᠯ ᠤᠨ ᠡᠷᠬᠡ ᠣᠯᠭᠤᠵᠤ᠂ ᠴᠠᠯᠢᠩ ᠬᠢᠭᠡᠳ ᠦᠷ᠎ᠡ ᠠᠰᠢᠭ ᠤᠨ ᠬᠠᠲᠠᠭᠤ ᠴᠢᠨᠠᠷ ᠢ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠢ ︽ᠬᠠᠮᠢᠶᠠᠷᠴᠤ ᠳᠡᠶᠢᠯᠬᠦ︾ ᠮᠥᠷᠲᠡᠭᠡᠨ ᠪᠠᠰᠠ ︽ᠠᠮᠢᠳᠤᠯᠢᠭ︾ ᠪᠣᠯᠭᠠᠨ᠎ᠠ᠃  ᠁  ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠥᠭᠡᠷᠡᠴᠢᠯᠡᠯᠲᠡ ᠨᠢᠭᠡ ᠪᠦᠷᠢ ᠴᠥᠮ ᠠᠯᠤᠰ ᠬᠡᠳᠦ ᠶᠢᠨ ᠨᠥᠯᠥᠭᠡ ᠲᠠᠢ ᠬᠤᠪᠢᠷᠠᠯᠲᠠ ᠶᠢ ᠪᠣᠢ ᠪᠣᠯᠭᠠᠨ᠎ᠠ᠃  ᠡᠨᠡ ᠬᠦ ᠬᠤᠪᠢᠰᠤᠯᠲᠠ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠦᠷᠭᠦᠯᠵᠢᠯᠡᠨ ᠰᠢᠪᠲᠤᠯᠤᠯᠲᠠ ᠬᠢᠬᠦ ᠲᠣᠭᠲᠠᠯ ᠬᠦᠴᠦᠨ — ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠴᠠᠬᠢᠯᠭᠠᠨ ᠬᠦᠴᠦᠨ ᠤ ᠲᠣᠣᠷ ᠲᠤ 295 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ︽ᠲᠦᠷᠪᠡᠨ ᠬᠥᠨᠳᠡᠯᠡᠨ ᠲᠠᠪᠤᠨ ᠭᠤᠯᠳᠤ︾ ᠶᠢᠨ ᠭᠤᠣᠯ ᠰᠦᠯᠵᠢᠶᠡᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠵᠦᠢᠯ ᠤᠨ 500 ᠺᠢᠯᠣᠸᠠᠲ ᠤᠨ ᠭᠤᠣᠯ ᠴᠠᠬᠢᠯᠭᠠᠨ ᠤ ᠲᠣᠣᠷ ᠤᠨ ᠲᠦᠷᠦᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ ᠲᠦᠷᠦᠯ ᠵᠦᠢᠯ ᠤᠨ ᠲᠤᠭ᠎ᠠ ᠬᠡᠮᠵᠢᠶ᠎ᠡ ᠨᠢ ᠮᠤᠵᠢ ᠶᠢᠨ ᠲᠡᠰ ᠤᠨ ᠴᠠᠬᠢᠯᠭᠠᠨ ᠲᠣᠣᠷ ᠤᠨ ᠲᠡᠷᠢᠭᠦᠨ ᠳᠤ ᠣᠷᠣᠪᠠ᠃  ᠡᠨᠡ ᠬᠦ ᠬᠤᠪᠢᠰᠤᠯᠲᠠ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠢᠲᠡᠭᠡᠯ ᠲᠡᠭᠦᠯᠳᠡᠷ ᠢᠶᠠᠷ ᠰᠢᠪᠲᠤᠯᠤᠯᠲᠠ ᠭᠠᠷᠭᠠᠬᠤ ᠴᠢᠷᠮᠠᠶᠢᠯᠭ᠎ᠠ ᠮᠥᠨ — 2024 ᠣᠨ ᠤ 11 ᠳ᠋ᠦ᠋ᠭᠡᠷ ᠰᠠᠷ᠎ᠠ ᠳᠤ᠂ ᠬᠥᠬᠡᠬᠤᠲᠠ ᠶᠢᠨ 4 ᠵᠢᠯᠣᠭᠤᠴᠢ ᠥᠬᠡᠶ ᠨᠢᠰᠬᠡᠯ ᠤᠨ ︽ᠲᠦᠷᠭᠡᠨ ᠬᠦᠷᠭᠡᠯᠲᠡ ︾ ᠨᠢ ᠡᠮ ᠤᠨ ᠵᠦᠢᠯᠡᠰ᠂ ᠵᠢᠵᠢᠭ ᠬᠡᠷ ᠤᠨ ᠴᠠᠬᠢᠯᠭᠠᠨ ᠬᠡᠷᠡᠭᠰᠡᠯ ᠵᠡᠷᠭᠡ ᠶᠢ ᠵᠢᠭᠠᠨ ᠲᠣᠭᠲᠠᠭᠠᠭᠰᠠᠨ ᠭᠠᠵᠠᠷ ᠲᠤ ᠬᠦᠷᠭᠡᠵᠦ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡᠨ ᠤ ᠲᠤᠷᠰᠢᠯᠲᠠ ᠠᠮᠵᠢᠯᠲᠠ ᠤᠯᠵᠠᠢ ᠁ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠢ ᠪᠣᠯᠭᠠᠪᠠ᠃  ︽ᠥᠭᠡᠷᠡᠴᠢᠯᠡᠯᠲᠡ ᠶᠢᠨ ᠳᠤᠮᠳᠠ᠂ ᠪᠢᠳᠡ ᠳᠤᠤᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢᠶᠠᠷ ᠵᠠᠮᠨᠠᠨ᠎ᠠ︾ ᠃ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠹᠠᠩ ᠢᠦᠢ ᠳ᠋ᠦᠩ ᠬᠡᠯᠡᠵᠡᠢ᠃  ᠡᠨᠡ ᠬᠦ ᠬᠤᠪᠢᠰᠤᠯᠲᠠ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠰᠢᠨ᠎ᠡ ᠶᠢ ᠡᠭᠦᠳᠦᠨ ᠪᠦᠰᠡᠯᠡᠯᠲᠡ ᠶᠢ ᠰᠢᠪᠲᠤᠯᠬᠤ ᠴᠢᠳᠠᠪᠤᠷᠢ — ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ︽ᠶᠡᠷᠦᠩᠬᠡᠢ + ᠠᠵᠢᠯ ᠤᠨ ᠠᠮᠵᠢᠯᠲᠠ ᠪᠦᠲᠦᠮᠵᠢ︾ ᠶᠢᠨ ᠬᠤᠤᠰ ᠬᠡᠮᠵᠢᠯ ᠤᠨ ᠰᠢᠯᠭᠠᠨ ᠬᠢᠨᠠᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠪᠥᠬᠦ ᠤᠯᠤᠰ ᠤᠨ ᠠᠩᠬᠠᠳᠠᠭᠴᠢ ᠰᠠᠭᠤᠷᠢ ︵ᠢᠵᠢ︶ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠢ ᠰᠤᠳᠤᠯᠤᠨ ᠦᠢᠯᠡᠳᠴᠦ᠂ ᠬᠤᠪᠣᠷ ᠰᠢᠷᠣᠶ ᠶᠢᠨ ᠠᠵᠢᠯ ᠲᠥᠷᠥᠯ ᠤᠨ ᠤᠯᠤᠰ ᠤᠨ ᠲᠠᠰ ᠤᠨ ᠠᠩᠬᠠᠳᠠᠭᠴᠢ ᠵᠢᠱᠢᠶ᠎ᠡ ᠦᠵᠡᠭᠦᠯᠬᠦ ᠲᠥᠷᠥᠯ ᠵᠦᠢᠯ ᠢ ᠡᠭᠦᠷᠭᠡᠯᠡᠵᠦ᠂ ᠲᠡᠮᠦᠷᠯᠢᠭ ᠪᠣᠯᠪᠠᠰᠤᠷᠠᠭᠤᠯᠤᠨ ᠰᠠᠯᠭᠠᠬᠤ ᠠᠵᠤ ᠦᠢᠯᠡᠰ ᠤᠨ ᠬᠡᠰᠡᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠪᠥᠬᠦ ᠱᠤᠭᠤᠮ ᠤᠨ ᠰᠢᠪᠲᠤᠯᠤᠯᠲᠠ ᠶᠢ ᠪᠡᠶᠡᠯᠡᠭᠦᠯᠪᠡ᠃  ︽ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠪᠢᠳᠡ ᠬᠥᠭᠵᠢᠯᠲᠡ ᠶᠢᠨ ᠠᠷᠭ᠎ᠠ ᠮᠠᠶ᠋ᠢᠭ ᠨᠢ ᠰᠢᠨ᠎ᠡ ᠪᠠᠶᠢᠳᠠᠯ᠂ ᠺᠣᠮᠫᠠᠨᠢ ᠠᠴᠠ ᠰᠢᠨ᠎ᠡ ᠵᠠᠰᠠᠭᠰᠠᠨ᠂ ᠡᠵᠡᠩᠨᠡᠯᠲᠡ ᠶᠢᠨ ᠲᠣᠭᠲᠠᠴᠠ ᠨᠢ ᠰᠢᠨ᠎ᠡ᠂ ᠪᠠᠶᠢᠷᠢᠰᠢᠭᠤᠯᠤᠯ ᠨᠢ ᠰᠢᠨ᠎ᠡ ᠤᠳᠤ ᠦᠶ᠎ᠡ ᠶᠢᠨ ᠰᠢᠨ᠎ᠡ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠪᠠᠶᠢᠭᠤᠯᠵᠤ︾ ᠪᠠᠶᠢᠨ᠎ᠠ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ ᠬᠡᠯᠡᠬᠦ ᠳᠡᠭᠡᠨ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠥᠭᠵᠢᠯᠲᠡ ᠨᠢ ᠥᠭᠡᠷᠡᠴᠢᠯᠡᠯᠲᠡ ᠠᠴᠠ ᠰᠠᠯᠵᠤ ᠴᠢᠳᠠᠬᠤ ᠦᠭᠡᠢ ᠶᠤᠮ᠃  ᠡᠨᠡ ᠬᠦ ᠬᠤᠪᠢᠰᠤᠯᠲᠠ ᠨᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠪᠡᠷᠬᠡ ᠰᠡᠳᠦᠪ ᠢ ᠰᠢᠢᠳᠪᠦᠷᠢᠯᠡᠬᠦ ᠰᠥᠰᠥ ᠵᠣᠷᠢᠭ — ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠠᠵᠤ ᠦᠢᠯᠡᠰ ᠤᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠬᠦ ᠶᠢᠨ ᠬᠠᠮᠲᠤ ᠳᠣᠲᠣᠭᠠᠳᠤ ᠶᠢᠨ ᠠᠵᠤ ᠠᠬᠤᠶᠢᠯᠠᠯ ᠤᠨ ᠠᠯᠳᠠᠭᠳᠠᠯ ᠢ ᠪᠠᠭᠠᠰᠬᠠᠵᠤ ᠠᠯᠳᠠᠭᠳᠠᠯ ᠢ ᠵᠠᠰᠠᠬᠤ ᠠᠵᠢᠯ ᠬᠤᠴᠣᠷᠤᠩᠭᠤᠶ᠂ ᠣᠨ ᠤ ᠡᠵᠡᠩᠨᠡᠯᠲᠡ ᠶᠢᠨ ᠬᠠᠷᠠᠯᠲᠠ ᠪᠠᠨ ᠪᠡᠶᠡᠯᠡᠭᠦᠯᠦᠭᠡᠳᠦᠶ ᠬᠠᠷᠢᠭᠤᠴᠠᠯᠭᠠᠲᠠᠨ ᠳᠤ ᠠᠳᠠᠭ ᠢ ᠨᠢ ᠰᠢᠭᠰᠢᠳᠡᠭᠦᠯᠵᠦ᠂ ᠠᠳᠠᠭ ᠢ ᠨᠢ ᠲᠤᠬᠢᠷᠠᠭᠤᠯᠵᠦ᠂ ᠬᠠᠷᠢᠶ᠎ᠠ ᠨᠢᠭᠡᠴᠢ ᠶᠢᠨ ᠳᠠᠭᠠᠭᠠᠮᠠᠯ ᠤᠨ ᠲᠤᠰᠢᠶᠠᠯ ᠤᠨ ᠬᠤᠭᠤᠴᠠᠭᠠᠨ ᠤ ᠳᠦᠷᠢᠮ ᠤᠨ ᠭᠡᠷ᠎ᠡ ᠲᠣᠭᠲᠠᠭᠰᠠᠨ ᠨᠣᠷᠮ᠎ᠠ ᠨᠢ 100% ᠳᠤ ᠬᠦᠷᠴᠡᠶ᠃  ᠁  2024 ᠣᠨ ᠳᠤ᠂ ᠠᠯᠤᠰ ᠬᠡᠲᠦ ᠶᠢᠨ ᠨᠥᠯᠥᠭᠡ ᠲᠠᠢ ᠠᠯᠢ ᠣᠯᠠᠨ ᠬᠤᠪᠢᠰᠤᠯᠲᠠ ᠶᠢᠨ ᠪᠠᠶᠢᠳᠠᠯ ᠨᠢ ᠡᠴᠦᠰ ᠤᠨ ᠡᠴᠦᠰ ᠲᠤ ᠪᠠᠨ ᠬᠡᠷᠬᠢᠨ ᠬᠥᠮᠦᠰ ᠤᠨ ᠰᠡᠳᠬᠢᠯ ᠢ ᠬᠥᠭᠵᠢᠭᠡᠬᠦ ᠪᠤᠢ︖ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠪᠠᠷ ᠭᠡᠷᠡᠴᠢ ᠪᠣᠯᠭᠠᠵᠤ᠂ ᠶᠡᠷᠦ ᠪᠤᠰᠤ ᠶᠢᠨ ᠲᠤᠭ᠎ᠠ ᠪᠠᠷᠢᠮᠲᠠ ᠪᠠᠷ ᠬᠠᠷᠢᠭᠤᠯᠲᠠ ᠥᠭᠲᠡᠭ᠃  2024 ᠣᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠰᠤᠷᠪᠤᠯᠵᠢ ᠪᠠ ᠲᠤᠤᠷ ᠳᠠᠭᠠᠭᠠᠴᠠ ᠨᠦᠬᠡᠴᠡ ︾ ᠶᠢᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠥᠷᠭᠡᠳᠬᠡᠵᠦ᠂ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠩ ᠥᠷᠨᠢᠵᠦ᠂ ᠪᠦᠯᠦᠭᠯᠡᠯ ᠨᠢ ︽ᠪᠦᠬᠦ ᠤᠯᠤᠰ ᠤᠨ 500       ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠳᠤ 11 ᠳ᠋ᠦ᠋ᠭᠡᠷ ᠪᠠᠶᠢᠷᠢᠨ ᠳᠤ ᠣᠷᠣᠪᠠ᠃  2024 ᠣᠨ ᠳᠤ᠂ ᠪᠣᠣ ᠭᠠᠩ ᠪᠤᠯᠤᠳ ᠲᠡᠮᠦᠷ᠂ ᠬᠤᠪᠣᠷ ᠰᠢᠷᠣᠢ᠂ ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ ᠪᠠ ᠪᠠᠷᠠᠭᠠᠨ ᠤ ᠭᠦᠢᠯᠭᠡᠭᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠣᠭᠯᠠᠯ ᠦᠢᠯᠡᠳᠬᠦ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠥᠭᠵᠢᠭᠰᠡᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠨᠡᠮᠡᠭᠳᠡᠯ ᠤᠨ ᠬᠤᠷᠳᠤᠴᠠ ᠶᠢ ᠠᠵᠢᠯ ᠲᠦᠷᠦᠯ ᠤᠨ ᠳᠤᠮᠳᠠᠴᠢ ᠲᠦᠪᠰᠢᠨ ᠠᠴᠠ 33 ᠵᠠᠭᠤᠨ ᠤ ᠴᠡᠭ ᠥᠨᠳᠥᠷ ᠪᠣᠯᠭᠠᠪᠠ᠃  2024 ᠣᠨ ᠳᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠺᠣᠮᠫᠠᠨᠢ ᠶᠢᠨ ᠠᠰᠢᠭ ᠬᠤᠨᠵᠢᠪᠣᠷᠢ ᠨᠢ ᠲᠣᠰ ᠲᠣᠰ 1 ᠳᠠᠬᠢᠨ ᠪᠠ 15 ᠳᠠᠬᠢᠨ ᠢᠶᠠᠷ ᠨᠡᠮᠡᠭᠳᠡᠪᠡ᠃  2024 ᠣᠨ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ ᠣᠷᠣᠯᠭ᠎ᠠ ᠨᠢ ᠲᠣᠰ ᠲᠣᠰ 1.1 ᠳᠠᠬᠢᠨ ᠪᠠ 4.3ᠳᠠᠬᠢᠨ ᠢᠶᠠᠷ ᠨᠡᠮᠡᠭᠳᠡᠪᠡ᠃  ᠁  ᠴᠠᠭ ᠮᠥᠴᠡ ᠡᠳᠦᠷ ᠰᠥᠨᠢ ᠶᠢ ᠦᠯᠦ ᠬᠠᠶᠢᠬᠤᠷᠤᠨ᠂ ᠥᠩᠭᠡᠷᠡᠭᠰᠡᠨ᠂ ᠤᠳᠤ ᠪᠠ ᠢᠷᠡᠭᠡᠳᠦᠢ ᠶᠢ ᠬᠤᠯᠪᠣᠵᠤ᠂ ᠲᠡᠮᠡᠴᠡᠯ ᠪᠠ ᠢᠷᠠᠭᠤ ᠠᠯᠳᠠᠷ ᠢ ᠪᠠᠲᠤ ᠴᠡᠭᠡᠵᠢᠯᠡᠨ᠎ᠡ᠃ 2024 ᠣᠨ ᠤ 1 ᠳ᠋ᠦ᠋ᠭᠡᠷ ᠰᠠᠷ᠎ᠠ ᠠᠴᠠ 11 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠨᠢ 4.08%᠂ ᠪᠥᠬᠦ ᠤᠯᠤᠰ ᠲᠤ ᠲᠡᠷᠢᠭᠦᠯᠡᠪᠡ︔ 126.4 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.3% ᠪᠠᠷ ᠨᠡᠮᠡᠭᠳᠡᠪᠡ︔ 807.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 73.6% ᠪᠠᠷ ᠨᠡᠮᠡᠭᠳᠡᠪᠡ᠃  ᠬᠥᠭᠵᠢᠯᠲᠡ ᠶᠢᠨ ᠬᠤᠭᠤᠴᠠᠭ᠎ᠠ ᠬᠢᠵᠠᠭᠠᠷ ᠦᠭᠡᠢ᠂ ᠥᠭᠡᠷᠡᠴᠢᠯᠡᠯᠲᠡ ᠨᠢ ᠬᠢᠵᠠᠭᠠᠷ ᠦᠭᠡᠢ ᠪᠠᠶᠢᠳᠠᠭ᠃ ᠥᠪᠥᠷ ᠮᠣᠩᠭᠤᠯ ᠤᠨ ᠠᠮᠢᠳᠤᠯᠢᠭ ᠦᠢᠯᠡᠳᠦᠯᠭᠡ ᠭᠡᠷᠡᠴᠢᠯᠡᠭᠰᠡᠨ ᠨᠢ᠄ ︽ᠰᠢᠨᠲᠠᠷᠠᠰᠢ ᠦᠭᠡᠢ ᠴᠢᠷᠮᠠᠶᠢᠨ ᠠᠵᠢᠯᠯᠠᠪᠠᠯ ᠥᠪᠥᠷ ᠮᠣᠩᠭᠤᠯ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号