ᠡᠯ᠎ᠡ ᠬᠤᠯᠪᠣᠭᠳᠠᠯ ᠪᠦᠬᠦᠢ ᠨᠢᠭᠡᠴᠢ᠄ | ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ | ᠬᠠᠮᠢᠶᠠᠷᠤᠯᠲᠠ ᠶᠢᠨ ᠠᠷᠭ᠎ᠠ︾ ︵ᠤᠰᠤᠨ ᠬᠢᠨᠠᠨ ᠬᠠᠮᠢᠶᠠᠷᠤᠯᠲᠠ ﹇ 2022 ﹈ 326 ᠳ᠋ᠤᠭᠠᠷ ᠲᠣᠭᠠᠲᠤ︶ ᠵᠡᠷᠭᠡ | ᠲᠣᠭᠲᠠᠭᠠᠯ ᠢ ᠦᠨᠳᠦᠰᠦᠯᠡᠨ ᠂ ᠣᠲᠣ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ︵ᠪᠠᠷᠢᠯᠭ᠎ᠠ ᠶᠢᠨ | ᠠᠵᠢᠯ ᠤᠨ ᠶᠡᠷᠦᠩᠬᠡᠶ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ | ᠳᠣᠷᠣᠭᠰᠢᠬᠢ ᠬᠢᠷᠢ ᠬᠡᠮ ᠪᠠ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ | ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠲᠠᠢ ᠪᠠᠷᠢᠯᠭ᠎ᠠ ᠪᠠᠷᠢᠬᠤ ᠠᠵᠤ ᠠᠬᠤᠶᠢᠯᠠᠯ ᠢ ᠪᠠᠭᠲᠠᠭᠠᠨ᠎ᠠ︶ ᠤᠨ ᠭᠤᠤᠯ | ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠂ ᠲᠤᠰᠬᠠᠶ ᠲᠤᠰᠢᠶᠠᠯᠲᠤ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ︽ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ︾ ᠭᠡᠵᠦ ᠲᠣᠪᠴᠢᠯᠠᠨ᠎ᠠ︶ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠶᠢᠨ | ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠬᠡ ᠂ ᠰᠢᠯᠭᠠᠯᠳᠠ ᠶᠢᠨ ᠪᠠᠶᠢᠭᠤᠯᠤᠮᠵᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠢ ᠶᠢᠨ ᠬᠢᠨᠠᠯᠲᠠ ᠲᠠᠯᠪᠢᠬᠤ ᠦᠢᠯᠡᠴᠢᠯᠡᠭᠡᠨ ᠤ | ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠬᠤᠶᠠᠳᠤᠭᠠᠷ ᠳᠡᠰ ︵ᠪᠠᠭᠲᠠᠨ᠎ᠠ︶ ᠠᠴᠠ | ᠳᠣᠷᠣᠭᠰᠢᠬᠢ ᠬᠢᠷᠢ ᠬᠡᠮ ᠂ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠪᠠᠭᠲᠠᠨ᠎ᠠ︶ ᠠᠴᠠ | ᠳᠣᠷᠣᠭᠰᠢᠬᠢ ᠬᠢᠷᠢ ᠬᠡᠮ ᠲᠠᠢ ᠠᠵᠤ ᠠᠬᠤᠶᠢᠯᠠᠯ ᠤᠨ ︽ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ︾ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠶᠢᠨ ᠠᠵᠢᠯ ᠢ ᠡᠭᠦᠷᠭᠡᠯᠡᠨ᠎ᠡ ᠃ | ᠬᠤᠶᠠᠷ ᠂ ᠰᠢᠯᠭᠠᠯᠳᠠ ᠶᠢᠨ ᠠᠭᠤᠯᠭ᠎ᠠ | ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠶᠢᠨ | ᠬᠥᠲᠥᠯᠪᠦᠷᠢ︾ ︵ᠠᠯᠪᠠᠨ ᠬᠢᠨᠠᠯᠲᠠ ᠬᠠᠮᠢᠶᠠᠷᠤᠯᠲᠠ ᠵᠠᠬᠢᠳᠠᠯ ﹇2023﹈ 718 ᠳ᠋ᠤᠭᠠᠷ ᠲᠣᠭᠠᠲᠤ︶ ᠶᠢ | ᠦᠨᠳᠦᠰᠦᠯᠡᠨ ᠂ ︽ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯ ᠦᠭᠡᠢ | ᠦᠢᠯᠡᠳᠪᠦᠷᠢᠯᠡᠯ ᠤᠨ ᠰᠢᠯᠭᠠᠯᠲᠠ ᠶᠢᠨ ᠠᠭᠤᠯᠭ᠎ᠠ ᠳᠤ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠪᠠ | ᠬᠠᠮᠢᠶᠠᠷᠤᠯᠲᠠ ᠶᠢᠨ ᠴᠢᠳᠠᠪᠤᠷᠢ ᠬᠤᠶᠠᠷ ᠬᠡᠰᠡᠭ ᠢ ᠪᠠᠭᠲᠠᠭᠠᠨ᠎ᠠ ᠃ ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ ᠳᠤ | ᠭᠤᠤᠯᠳᠠᠭᠤ ᠠᠶᠤᠯ ᠦᠭᠡᠶ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ | ᠪᠣᠯᠤᠨ ᠠᠶᠤᠯ ᠦᠭᠡᠶ ᠦᠢᠯᠡᠳᠪᠦᠷᠢᠯᠡᠯ ᠤᠨ ᠮᠡᠷᠭᠡᠵᠢᠯ ᠪᠠᠭᠲᠠᠨ᠎ᠠ ᠂ ᠠᠶᠤᠯ ᠦᠭᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠴᠢᠳᠠᠪᠤᠷᠢ ᠳᠤ ᠭᠤᠤᠯᠳᠠᠭᠤ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠦᠨᠳᠦᠰᠦᠨ ᠮᠡᠳᠡᠯᠭᠡ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠠᠭᠲᠠᠭᠠᠨ᠎ᠠ ᠃ | ᠮᠡᠳᠡᠭᠦᠯᠦᠨ ᠰᠢᠯᠭᠠᠭᠤᠯᠬᠤ ᠲᠥᠷᠥᠯ ᠵᠦᠢᠯ ᠪᠣᠯ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ | ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠵᠡᠷᠭᠡ ᠭᠤᠷᠪᠠᠨ ᠲᠥᠷᠥᠯ ᠵᠦᠢᠯ ᠪᠣᠯᠤᠨ᠎ᠠ ᠃ | ᠭᠤᠷᠪᠠ ᠂ ᠰᠢᠯᠭᠠᠯᠲᠠ ᠶᠢᠨ ᠬᠡᠯᠪᠡᠷᠢ ᠵᠢᠴᠢ ᠰᠡᠳᠦᠪ ᠤᠨ ᠬᠡᠯᠪᠡᠷᠢ | ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠳᠤ ᠰᠡᠳᠦᠪ ᠬᠠᠷᠢᠭᠤᠯᠬᠤ ᠬᠡᠯᠪᠡᠷᠢ ᠶᠢ ᠠᠪᠴᠤ ᠂ | ᠰᠢᠯᠭᠠᠯᠲᠠ ᠶᠢᠨ ᠴᠠᠭ ᠨᠢ 150 ᠮᠢᠨᠦ᠋ᠲ ᠂ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠂ 60 | ᠬᠤᠪᠢ ᠶᠢᠨ ᠬᠢᠷᠢ ᠲᠡᠩᠴᠡᠭᠰᠡᠨ ᠬᠢᠷᠢ ᠪᠦᠲᠦᠮᠵᠢ ᠠᠴᠠ ᠳᠤᠤᠷ᠎ᠠ ᠪᠠᠶᠢᠵᠤ ᠪᠣᠯᠬᠤ ᠦᠭᠡᠢ ᠃ ᠰᠢᠯᠭᠠᠯᠲᠠ ᠶᠢᠨ | ᠬᠠᠭᠤᠳᠠᠰᠤ ᠶᠢᠨ ᠰᠡᠳᠦᠪ ᠲᠤ ᠭᠠᠭᠴᠠ ᠰᠣᠩᠭᠤᠬᠤ ᠰᠡᠳᠦᠪ ᠂ ᠣᠯᠠᠨ ᠰᠣᠩᠭᠤᠬᠤ ᠰᠡᠳᠦᠪ ᠪᠠ ᠮᠠᠭᠠᠳᠯᠠᠬᠤ | ᠰᠡᠳᠦᠪ ᠵᠡᠷᠭᠡ ᠰᠡᠳᠦᠪ ᠪᠠᠭᠲᠠᠨ᠎ᠠ ᠃ ᠡᠭᠦᠨ ᠳᠤ ᠭᠠᠭᠴᠠ ᠰᠣᠩᠭᠤᠬᠤ 100 ᠰᠡᠳᠦᠪ ᠂ ᠰᠡᠳᠦᠪ ᠪᠦᠷᠢ 0.5 | ᠬᠤᠪᠢ ᠂ ᠤᠯᠠᠨ ᠰᠤᠩᠭᠤᠬᠤ 20 ᠰᠡᠳᠦᠪ ᠂ ᠰᠡᠳᠦᠪ ᠪᠦᠷᠢ 2 ᠬᠤᠪᠢ︔ ᠮᠠᠭᠠᠳᠯᠠᠬᠤ 20 ᠰᠡᠳᠦᠪ ᠂ ᠰᠡᠳᠦᠪ | ᠪᠦᠷᠢ 0.5 ᠬᠤᠪᠢ ᠃ | ᠳᠥᠷᠪᠡ ᠂ ᠰᠢᠯᠭᠠᠯᠲᠠ ᠶᠢᠨ ᠨᠡᠷ᠎ᠡ ᠮᠡᠳᠡᠭᠦᠯᠬᠦ ᠶᠠᠪᠤᠳᠠᠯ | 2025 ᠣᠨ ᠳᠤ ︽ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ︾ ᠤ ᠰᠢᠯᠭᠠᠯᠲᠠ ᠶᠢ 2 ᠤᠳᠠᠭ᠎ᠠ | ᠵᠣᠬᠢᠶᠠᠨ ᠪᠠᠶᠢᠭᠤᠯᠵᠤ ᠂ ᠰᠢᠯᠭᠠᠯᠲᠠ ᠶᠢᠨ ᠴᠠᠭ ᠢ 5 ᠳ᠋ᠤᠭᠠᠷ ᠰᠠᠷ᠎ᠠ ᠪᠠ 11 ᠳ᠋ᠦ᠋ᠭᠡᠷ ᠰᠠᠷ᠎ᠠ ᠳᠤ ᠲᠣᠭᠲᠠᠭᠠᠬᠤ ᠪᠠᠷ | ᠲᠥᠯᠥᠪᠯᠡᠵᠦ ᠂ ᠰᠢᠯᠭᠠᠯᠲᠠ ᠶᠢᠨ ᠪᠣᠳᠠᠲᠠᠶ ᠡᠳᠦᠷ ᠬᠤᠭᠤᠴᠠᠭ᠎ᠠ ᠂ ᠨᠡᠷ᠎ᠡ ᠮᠡᠳᠡᠭᠦᠯᠬᠦ ᠴᠠᠭ ᠂ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ ᠢ ᠰᠢᠯᠭᠠᠬᠤ ᠠᠴᠠ ᠡᠮᠦᠨ᠎ᠡ | 20 ᠠᠵᠢᠯᠯᠠᠬᠤ ᠡᠳᠦᠷ ᠲᠤ ᠠᠰ ᠲᠤᠨᠢ ᠮᠡᠳᠡᠭᠳᠡᠨ᠎ᠡ ᠂ ᠬᠠᠮᠢᠶ᠎ᠠ ᠪᠥᠬᠦᠶ ᠬᠥᠮᠦᠰ ᠮᠠᠨ ᠤ ᠲᠢᠩᠬᠢᠮ ᠤᠨ ᠠᠯᠪᠠᠨ ᠤ | ᠠᠷᠭ᠎ᠠ ᠵᠠᠮ ᠢᠶᠠᠷ ᠨᠡᠶᠢᠲᠡᠯᠡᠭᠰᠡᠨ ᠮᠡᠳᠡᠭᠡ ᠵᠠᠩᠭᠢ ᠶᠢ ᠨᠢᠭᠲᠠ ᠠᠩᠬᠠᠷᠴᠤ ᠂ ᠰᠢᠯᠭᠠᠯᠲᠠ ᠳᠤ ᠪᠡᠯᠡᠳᠬᠡᠬᠦ | ᠪᠡᠯᠡᠳᠬᠡᠯ ᠢᠶᠠᠨ ᠰᠠᠶᠢᠲᠤᠷ ᠬᠢᠭᠡᠷᠡᠢ ᠃ | ᠲᠠᠪᠤ ᠂ ᠬᠠᠷᠢᠯᠴᠠᠬᠤ ᠠᠷᠭ᠎ᠠ ᠮᠠᠶ᠋ᠢᠭ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠶᠯᠡᠴᠢᠯᠡᠭᠡᠨ ᠤ | ᠲᠥᠪ᠄ ᠰᠦᠨ ᡁᠢ ᠪᠥᠸᠧ ︵0471︶ 5259382 | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ | ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ᠄ ᠴᠧᠩ ᠬᠤᠤ ︵0471︶ 5259449 | | 2025 ᠣᠨ ᠤ 2 ᠳ᠋ᠤᠭᠠᠷ ᠰᠠᠷ᠎ᠠ ᠶᠢᠨ 11 ᠤ ᠡᠳᠦᠷ | |