ᠲᠤᠰ ᠰᠣᠨᠢᠠ ᠤ ᠰᠣᠷᠪᠤᠯᠵᠢᠯᠠᠬᠴᠢ ᠫᠠᠨ ᠰᠢᠣᠢ ᠳᠣᠤ | ︽ᠠᠷᠠᠣᠠ ᠤᠨ ᠡᠳᠦᠷ ᠤᠨ ᠰᠣᠨᠢᠠ ᠤ ᠭᠠᠲᠠᠭᠠᠲᠦ ᠳᠤ ᠵᠤᠷᠢᠭᠤᠯᠤᠭᠰᠠᠨ ᠬᠡᠪᠯᠡᠯ︾ ︵2025 | ᠣᠨ ᠤ 02 ᠳ᠋ᠤᠭᠠᠷ ᠰᠠᠷ᠎ᠠ ᠶᠢᠨ 11 ᠤ ᠡᠳᠦᠷ 12 ᠳ᠋ᠤᠭᠠᠷ ᠬᠡᠪᠯᠠᠯ ︶ | | ᠶᠦᠩ ᠳ᠋ᠢᠩ ᠾᠧ ᠭᠤᠣᠯ ᠬᠤᠶᠠᠷ ᠵᠢᠯ ᠳᠠᠷᠠᠭᠠᠯᠠᠨ ᠪᠦᠬᠦ ᠱᠤᠭᠤᠮ ᠢᠶᠠᠷ ᠢᠶᠠᠨ ᠤᠰᠤ ᠲᠠᠢ ᠪᠠᠶᠢᠬᠤ ᠶᠢ | ᠪᠠᠲᠤᠯᠠᠵᠤ᠂ ᠯᠢᠦ ᠶᠠᠩ ᠾᠧ ᠭᠤᠣᠯ ᠪᠤᠯᠠᠩᠭᠢᠷ ᠠᠴᠠ ᠲᠤᠩᠭᠠᠯᠠᠭ ᠪᠣᠯᠬᠤ ᠦᠵᠡᠰᠬᠦᠯᠡᠩᠲᠦ ᠰᠠᠶᠢᠬᠠᠨ | ᠡᠷᠪᠡᠬᠡᠢ ᠶᠢᠨ ᠬᠤᠪᠢᠷᠠᠯᠲᠠ ᠶᠢ ᠪᠡᠶᠡᠯᠡᠭᠦᠯᠵᠦ᠂ ᠵᠧᠵᠢᠶᠠᠩ ᠤᠨ ᠵᠡᠭᠦᠨ ᠬᠡᠰᠡᠭ ᠤᠨ ᠲᠠᠲᠠᠮᠠᠯ ᠭᠤᠣᠯ ᠤᠨ ᠮᠢᠩᠭᠠᠨ | ᠣᠨ ᠤ ᠰᠣᠶᠣᠯ ᠤᠨ ᠰᠤᠳᠠᠰᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠪᠠ ᠁ ᠣᠶᠢᠷ᠎ᠠ ᠳᠤ᠂ ᠤᠰᠤᠨ | ᠠᠰᠢᠭᠯᠠᠯᠲᠠ ᠶᠢᠨ ᠶᠠᠮᠤᠨ 2024 ᠣᠨ ᠤ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ ᠤᠨ ᠰᠢᠯᠢᠳᠡᠭ | ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠶᠦᠩ ᠳ᠋ᠢᠩ ᠾᠧ ︵ᠬᠤᠸᠠᠢ ᠯᠠᠶ ᠰᠢᠶᠠᠨ ᠤ ᠬᠡᠰᠡᠭ︶ ᠵᠡᠷᠭᠡ 24 | ᠬᠡᠷᠡᠭ ᠤᠨ ᠵᠢᠱᠢᠶ᠎ᠡ ᠰᠣᠩᠭᠤᠭᠳᠠᠪᠠ᠃ | ᠭᠤᠣᠯ ᠮᠥᠷᠡᠨ ᠨᠠᠭᠤᠷ ᠴᠥᠭᠦᠷᠥᠮ ᠢ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ | ᠮᠥᠷᠡᠨ ᠪᠣᠯᠭᠠᠨ ᠪᠦᠲᠦᠭᠡᠨ ᠪᠠᠶᠢᠭᠤᠯᠬᠤ ᠪᠣᠯ ᠤᠯᠤᠰ ᠤᠨ ︽ᠭᠤᠣᠯ ᠮᠥᠷᠡᠨ ᠤ ᠪᠠᠶᠢᠯᠳᠤᠬᠤ ᠪᠤᠳᠤᠯᠭ᠎ᠠ︾ ᠶᠢᠨ | ᠡᠭᠦᠰᠭᠡᠯ ᠪᠠ ᠲᠡᠭᠦᠰᠬᠡᠯ ᠮᠥᠨ᠃ 2022 ᠣᠨ ᠠᠴᠠ ᠨᠠᠭᠠᠰᠢ᠂ ᠤᠰᠤᠨ ᠠᠰᠢᠭᠯᠠᠯᠲᠠ ᠶᠢᠨ ᠶᠠᠮᠤᠨ ᠠᠴᠠ | ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ᠪᠦᠬᠦ ᠤᠯᠤᠰ ᠲᠤ 62 ᠵᠤᠷᠪᠤᠰ ︵ᠨᠢᠭᠡ︶ ᠭᠤᠣᠯ ᠮᠥᠷᠡᠨ ᠨᠠᠭᠤᠷ | ᠴᠥᠭᠦᠷᠥᠮ ᠢ ᠰᠢᠯᠢᠨ ᠰᠣᠩᠭᠤᠵᠤ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ᠡᠯ᠎ᠡ ᠭᠠᠵᠠᠷ ᠤᠨ ᠬᠢᠨ ᠪᠠᠰᠠ ᠵᠣᠯ ᠵᠢᠷᠭᠠᠯᠲᠤ ᠭᠤᠣᠯ | ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠄ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠭᠦᠨᠵᠡᠭᠡᠶᠢᠷᠡᠭᠦᠯᠦᠨ ᠠᠬᠢᠭᠤᠯᠵᠤ᠂ ᠠᠮᠢ | ᠠᠬᠤᠢ ᠶᠢᠨ ᠦᠷᠳᠡᠭ ᠢ ᠲᠦᠷᠭᠡᠨ ᠬᠤᠪᠢᠷᠠᠭᠤᠯᠤᠨ᠎ᠠ ᠁ ᠭᠤᠣᠯ ᠮᠥᠷᠡᠨ ᠨᠠᠭᠤᠷ ᠴᠥᠭᠦᠷᠥᠮ ᠤᠨ ᠤᠰᠤ | ᠤᠯᠠᠮ ᠠᠴᠠ ᠤᠯᠠᠮ ᠠᠮᠢᠵᠢᠷᠠᠯ ᠤᠨ ᠬᠦᠴᠦᠨ ᠲᠠᠢ ᠪᠣᠯᠵᠤ᠂ ᠤᠰᠤᠨ ᠤ ᠴᠢᠨᠠᠷ ᠰᠠᠶᠢᠵᠢᠷᠠᠵᠤ᠂ ᠥᠩᠭᠡ ᠦᠵᠡᠮᠵᠢ | ᠭᠤᠶᠤ ᠪᠣᠯᠪᠠ᠃ | ᠡᠮᠦᠨᠡᠬᠡᠨ᠂ ᠤᠰᠤᠨ ᠠᠰᠢᠭᠯᠠᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠵᠡᠷᠭᠡ ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠵᠣᠯ ᠵᠢᠷᠭᠠᠯᠲᠤ ᠭᠤᠣᠯ | ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ | ᠳᠤᠷᠠᠳᠴᠤ᠂ 2035 ᠣᠨ ᠪᠣᠯᠬᠤ ᠳᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠴᠢᠳᠠᠪᠤᠷᠢ | ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ | ᠪᠦᠬᠦ ᠲᠠᠯ᠎ᠠ ᠪᠠᠷ ᠲᠡᠰ ᠳᠡᠪᠰᠢᠭᠦᠯᠵᠦ᠂ ︽ᠭᠤᠣᠯ ᠮᠦᠷᠡᠨ ᠨᠢ ᠠᠮᠤᠷ ᠠᠮᠤᠭᠤᠯᠠᠩ᠂ ᠤᠰᠤ ᠨᠢ ᠲᠤᠩᠭᠠᠯᠠᠭ | ᠵᠢᠭᠠᠰᠤ ᠨᠢ ᠦᠰᠦᠷᠬᠢᠯᠡᠵᠦ᠂ ᠡᠷᠭᠢ ᠨᠢ ᠨᠣᠭᠤᠭᠠᠨ ᠦᠵᠡᠮᠵᠢ ᠨᠢ ᠰᠠᠶᠢᠬᠠᠨ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠬᠥᠮᠦᠨ ᠤᠰᠤ ᠡᠶ᠎ᠡ ᠵᠣᠬᠢᠴᠠᠩᠭᠤᠢ︾ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ | ᠦᠨᠳᠦᠰᠦᠨ ᠳᠤ ᠪᠠᠨ ᠪᠠᠶᠢᠭᠤᠯᠪᠠ᠃ | ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠨᠢ | ᠤᠯᠠᠨ ᠲᠦᠮᠡᠨ ᠤ ᠭᠡᠷ ᠤᠨ ᠡᠭᠦᠳᠡᠨ ᠳᠠᠬᠢ ︽ᠰᠢᠯᠦᠭ ᠪᠠ ᠠᠯᠤᠰ ᠤᠨ ᠭᠠᠵᠠᠷ︾ ᠪᠣᠯᠤᠭᠰᠠᠨ ᠪᠠᠶᠢᠨ᠎ᠠ᠃ | ᠭᠤᠣᠯ ᠤᠨ ᠬᠥᠪᠡᠭᠡᠨ ᠳᠠᠬᠢ ᠨᠠᠭᠤᠷ ᠤᠨ ᠬᠦᠪᠡᠭᠡ ᠪᠠᠷ ᠠᠯᠬᠤᠯᠠᠬᠤ ᠳᠤ ᠬᠥᠮᠦᠰ ︽ᠲᠤᠩᠭᠠᠯᠠᠭ ᠡᠳᠦᠷ ᠪᠣᠯᠬᠤ ᠳᠤ᠂ | ᠰᠢ ᠬᠣ᠋ ᠨᠠᠭᠤᠷ ᠤᠨ ᠤᠰᠤ ᠳᠣᠯᠭᠢᠶᠠᠯᠠᠵᠤ᠂ ᠭᠡᠷᠡᠯ ᠭᠢᠯᠪᠠᠭ᠎ᠠ ᠲᠠᠢ᠂ ᠮᠠᠰᠢ ᠭᠤᠶᠤ︾ ᠭᠡᠬᠦ ᠢᠷᠠᠭᠤ ᠰᠠᠢᠬᠠᠨ | ᠦᠵᠡᠮᠵᠢ ᠶᠢ ᠰᠣᠨᠢᠷᠬᠠᠵᠤ᠂ ︽ᠮᠥᠷᠡᠨ ᠤ ᠤᠰᠤ ᠨᠢ ᠲᠤᠩᠭᠠᠯᠠᠭ᠂ ᠲᠡᠷᠭᠡᠯ ᠰᠠᠷ᠎ᠠ ᠨᠢ ᠬᠥᠮᠥᠨ ᠲᠠᠢ | ᠣᠶᠢᠷᠠᠯᠴᠠᠭ᠎ᠠ︾ ᠨᠠᠮ ᠰᠡᠯᠡᠭᠦᠨ ᠢ ᠨᠠᠷᠢᠪᠴᠢᠯᠠᠨ ᠰᠣᠨᠢᠷᠬᠠᠵᠤ᠂ ︽ᠠᠭᠤᠯᠠ ᠶᠢ ᠣᠯᠵᠦ ᠬᠠᠷᠠᠬᠤ᠂ ᠤᠰᠤ ᠶᠢ | ᠣᠯᠵᠦ ᠬᠠᠷᠠᠬᠤ᠂ ᠨᠤᠲᠤᠭ ᠤᠨ ᠮᠦᠷᠦᠭᠡᠳᠦᠯ ᠢ ᠤᠯᠵᠦ ᠬᠠᠷᠠᠬᠤ︾ ᠵᠣᠯ ᠵᠢᠷᠭᠠᠯ ᠢ ᠣᠶᠢᠯᠠᠭᠠᠨ᠎ᠠ᠃ | |