ᠬᠥᠯᠥᠨ ᠪᠣᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠵᠦ ᠣᠷᠣᠯᠠᠨ ᠭᠦᠢᠴᠡᠳᠭᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2025/2/14
  ︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠨᠢ ᠣᠲᠣ ᠢᠯᠡ ᠪᠠᠷ ᠠᠳᠠᠯᠢᠳᠬᠠᠨ ᠰᠣᠩᠭᠤᠬᠤ ᠂ ᠰᠢᠯᠢᠳᠡᠭ ᠢ ᠨᠢ ᠰᠣᠩᠭᠤᠨ ᠳᠠᠭᠠᠭᠠᠴᠢᠯᠠᠯᠲᠠ ᠵᠠᠷᠯᠠᠵᠦ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ︽ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ 2025 ᠣᠨ ᠳᠤ ᠣᠷᠣᠨ ᠤ ᠬᠤᠳᠳᠤᠭ ᠤᠨ ᠭᠠᠵᠠᠷ ᠳᠣᠣᠷᠠᠬᠢ ᠤᠰᠤᠨ ᠤ ᠠᠵᠢᠯᠯᠠᠭᠠᠨ ᠢ ᠡᠵᠡᠮᠳᠡᠬᠦ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠦ ᠣᠷᠣᠯᠠᠨ ᠭᠦᠢᠴᠡᠳᠭᠡᠬᠦ ᠠᠵᠢᠯ ᠢ ᠥᠷᠨᠢᠭᠦᠯᠵᠦ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ 2025 ᠣᠨ ᠳᠤ ᠣᠷᠣᠨ ᠤ ᠬᠤᠳᠳᠤᠭ ᠤᠨ ᠭᠠᠵᠠᠷ ᠳᠣᠣᠷᠠᠬᠢ ᠤᠰᠤᠨ ᠤ ᠠᠵᠢᠯᠯᠠᠭᠠᠨ ᠢ ᠡᠵᠡᠮᠳᠡᠬᠦ ᠲᠥᠷᠥᠯ ᠵᠦᠢᠯ ᠃  2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠬᠥᠯᠥᠨ ᠪᠤᠶᠢᠷ ᠬᠤᠲᠠ ᠃  3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠵᠦ ᠣᠷᠣᠯᠠᠨ ᠭᠦᠢᠴᠡᠳᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠵᠢᠱᠢᠶᠡᠯᠡᠪᠡᠯ ᠪᠠᠶᠢᠬᠤ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃  ᠬᠤᠶᠠᠷ ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃  ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠶᠢᠨ ᠬᠠᠮᠲᠦ ᠤᠭ ᠮᠠᠲ᠋ᠧᠷᠢᠶᠠᠯ ᠤᠨ ᠪᠠᠭᠤᠯᠭᠠᠪᠤᠷᠢ ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ ᠥᠭᠭᠦᠨ᠎ᠡ ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃  4. ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃  ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ 2025 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 2025 ᠣᠨ ᠤ 2 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 14᠄ 30 — 17᠄ 00 ᠴᠠᠭ ᠲᠤ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃  ᠲᠠᠪᠤ ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ ᠶᠢᠨ ᠨᠡᠷᠡᠶᠢᠳᠦᠯ᠄ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ  ᠨᠡᠷ᠎ᠡ ᠮᠡᠳᠡᠭᠦᠯᠬᠦ ᠬᠠᠶ᠋ᠢᠭ᠄ ᠬᠥᠯᠥᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠨ᠎ᠡ ᠬᠤᠲᠠ ᠲᠣᠭᠤᠷᠢᠭ ᠤᠨ ᠲᠢᠶᠠᠨ ᠵᠢᠶᠤᠤ ᠶᠡᠭᠡ ᠵᠡᠭᠡᠯᠢ ᠶᠢᠨ 16 ᠳ᠋ᠤᠭᠠᠷ ᠨᠣᠮᠧᠷᠲᠤ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ  ᠰᠢᠦᠳᠠᠨ ᠨᠣᠮᠧᠷ᠄ 021100  ᠬᠠᠷᠢᠯᠴᠠᠬᠤ ᠬᠥᠮᠦᠨ᠄ ᠯᠢ ᠵᠧ ᠴᠢᠶᠠᠩ  ᠬᠠᠷᠢᠯᠴᠠᠬᠤ ᠤᠲᠠᠰᠤ᠄ 0470 —2953080︔ 18848105704 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号