ᠤᠰᠤᠨ ᠠᠰᠢᠭᠯᠠᠯᠲᠠ ᠶᠢᠨ ᠶᠠᠮᠤᠨ 2025 ᠣᠨ ᠤ ᠤᠰᠤᠨ ᠤ ᠶᠠᠪᠤᠳᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
  2 ᠳ᠋ᠤᠭᠠᠷ ᠰᠠᠷ᠎ᠠ ᠶᠢᠨ 14 —15 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠾᠧᠪᠸᠢ ᠮᠤᠵᠢ ᠶᠢᠨ ᠱᠢ ᠵᠢᠶᠠ ᠵᠤᠸᠠᠩ ᠬᠤᠳᠠ ᠳᠤ 2025 ᠣᠨ ᠤ ᠤᠰᠤᠨ ᠤ ᠶᠠᠪᠤᠳᠠᠯ ᠤᠨ ᠠᠵᠢᠯ ᠤᠨ ᠬᠤᠷᠠᠯ ᠢ       ᠬᠤᠷᠠᠯᠳᠤᠭᠤᠯᠵᠤ᠂ 2024 ᠣᠨ ᠤ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠤ᠋ ᠴᠧᠩ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠷᠠᠯ ᠠᠴᠠ᠂ 2024 ᠣᠨ ᠳᠤ ᠤᠰᠤᠨ ᠤ ᠶᠠᠪᠤᠳᠠᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠤᠯᠢ ᠲᠣᠭᠲᠠᠭᠠᠬᠤ ᠠᠵᠢᠯ ᠵᠢᠱᠢᠭᠰᠡᠨ ᠦᠷ᠎ᠡ ᠪᠦᠲᠦᠭᠡᠯ ᠣᠯᠵᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠤᠰᠤᠨ ᠠᠰᠢᠭᠯᠠᠯᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠴᠢᠩᠭ᠎ᠠ ᠬᠠᠥᠯᠢ ᠴᠠᠭᠠᠵᠠ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃  ᠬᠤᠷᠠᠯ ᠠᠴᠠ᠂ 2025 ᠣᠨ ᠳᠤ ᠤᠰᠤᠨ ᠤ ᠶᠠᠪᠤᠳᠠᠯ ᠤᠨ ᠠᠵᠢᠯ ᠳᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠤᠯᠭᠠᠷᠠᠵᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2025 ᠣᠨ ᠤ ᠤᠰᠤᠨ ᠤ ᠶᠠᠪᠤᠳᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠰᠤᠨ ᠤ ᠬᠠᠤᠯᠢ ᠳᠤ ᠵᠠᠰᠠᠪᠤᠷᠢ ᠣᠷᠣᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠰᠤᠨ ᠠᠰᠢᠭᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠣᠯᠠᠨ ᠲᠠᠰ ᠳᠠᠪᠬᠤᠷᠭ᠎ᠠ ᠪᠠᠷ ᠬᠠᠤᠯᠢ ᠲᠣᠭᠲᠠᠭᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠶ︔ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠦᠨ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ︔ ᠠᠵᠢᠯᠯᠠᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠡᠪᠲᠡᠯᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠤᠰᠤᠨ ᠠᠰᠢᠭᠯᠠᠯᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ︔ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠨ᠂ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠠᠲᠤ ᠴᠢᠩᠭ᠎ᠠ ᠤᠰᠤᠨ ᠤ ᠶᠠᠪᠤᠳᠠᠯ ᠤᠨ ᠡᠩᠨᠡᠭᠡ ᠶᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃  ᠬᠤᠷᠠᠯ ᠳᠡᠭᠡᠷ᠎ᠡ᠂ ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠵᠥᠪᠯᠡᠯ᠂ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠪᠣᠯᠤᠨ ᠾᠧᠪᠸᠢ᠂ ᠱᠠᠨ ᠰᠢ᠂ ᠯᠢᠶᠣᠤᠨᠢᠩ᠂ ᠠᠨᠾᠦ᠋ᠢ᠂ ᠱᠠᠨᠳᠦ᠋ᠩ᠂ ᠭᠤᠸᠠᠩᠰᠢ᠂ ᠴᠦᠩᠴᠢᠩ᠂ ᠰᠧᠴᠤᠸᠠᠨ᠂ ᠱᠠᠨᠰᠢ ᠮᠤᠵᠢ ︵ᠰᠢᠭᠤᠳ ᠬᠠᠷᠢᠶ᠎ᠠ ᠬᠤᠳᠠ︶ ᠶᠢᠨ ᠤᠰᠤᠨ ᠠᠰᠢᠭᠯᠠᠯᠲᠠ ᠶᠢᠨ ᠲᠢᠩᠬᠢᠮ ︵ᠲᠣᠪᠴᠢᠶ᠎ᠠ︶ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠰᠠ ᠾᠧᠪᠸᠢ ᠮᠤᠵᠢ ᠶᠢᠨ ᠬᠠᠤᠯᠢ ᠪᠠᠷ ᠵᠠᠰᠠᠬᠤ ᠠᠶᠠᠯᠠᠯ ᠤᠨ ᠠᠮᠤᠷ ᠲᠦᠪᠰᠢᠨ ᠬᠣ᠋ ᠲᠦᠸᠧ ᠡᠾᠧ ᠭᠤᠣᠯ ᠢ ᠰᠡᠷᠭᠦᠭᠡᠬᠦ ᠬᠠᠮᠢᠶ᠎ᠠ ᠪᠦᠬᠦᠢ ᠪᠠᠶᠢᠳᠠᠯ ᠢ ᠲᠤᠬᠠᠶ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠵᠤ᠂ ᠤᠰᠤᠨ ᠤ ᠬᠠᠤᠯᠢ ᠳᠤ ᠵᠠᠰᠠᠪᠤᠷᠢ ᠣᠷᠣᠭᠤᠯᠬᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ᠂ ᠬᠠᠤᠯᠢ ᠪᠠᠷ ᠵᠠᠰᠠᠬᠤ ᠪᠣᠯᠪᠠᠰᠤᠷᠠᠯ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃ ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ᠂ ᠶᠠᠮᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠠᠵᠢᠯ ᠦᠢᠯᠡᠰ ᠤᠨ ᠨᠢᠭᠡᠴᠢ᠂ ᠡᠯ᠎ᠡ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号