ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠨᠢ ᠭᠤᠤᠯ ᠬᠡᠰᠬᠦ ᠬᠤᠭᠤᠴᠠᠭᠠᠨ ᠳᠤ ᠤᠷᠤᠵᠦ ᠤᠰᠤᠨ ᠠᠰᠢᠭᠯᠠᠯᠲᠠ ᠶᠢᠨ ᠶᠠᠮᠤᠨ ᠠᠴᠠ ᠭᠤᠤᠯ ᠬᠡᠰᠬᠦ ᠬᠤᠭᠤᠴᠠᠭᠠᠨ ᠤ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/2/18
  ᠠᠭᠠᠷ ᠤᠨ ᠳᠤᠯᠠᠭᠠᠨ ᠠᠯᠬᠤᠮ ᠠᠯᠬᠤᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠮᠥᠰᠥ ᠨᠢ ᠭᠡᠰᠴᠦ᠂ 2 ᠳ᠋ᠤᠭᠠᠷ ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠬᠠᠶᠢᠷᠤᠪ ᠤᠨ ᠲᠣᠬᠤᠶ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠳᠡᠭᠡᠳᠦ ᠤᠷᠤᠰᠬᠠᠯ ᠤᠨ 23 ᠮᠢᠩᠭᠠᠨ ᠮᠧᠲᠷ ᠠᠴᠠ ᠳᠡᠭᠡᠭᠰᠢᠬᠢ ᠬᠦᠯᠳᠡᠭᠰᠡᠨ ᠭᠤᠤᠯ ᠤᠨ ᠭᠡᠰᠦᠭᠰᠡᠨ ᠬᠡᠰᠡᠭ ᠨᠢ 10 ᠺᠢᠯᠤᠮᠧᠲᠷ ᠪᠠᠶᠢᠵᠦ᠂ ᠬᠠᠲᠤᠨ ᠭᠤᠤᠯ ᠤᠨ ᠥᠪᠥᠷ ᠮᠣᠩᠭᠤᠯ ᠤᠨ ᠭᠤᠤᠯ ᠤᠨ ᠬᠡᠰᠡᠭ ᠤᠨ ᠭᠤᠤᠯ ᠬᠡᠰᠬᠦ ᠬᠤᠭᠤᠴᠠᠭᠠᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠣᠳᠣᠬᠠᠨ ᠳᠤ᠂ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠭᠤᠤᠯ ᠤᠨ ᠬᠡᠰᠡᠭ ᠲᠤ ᠨᠡᠶᠢᠲᠡ 704.7 ᠺᠢᠯᠤᠮᠧᠲᠷ ᠭᠤᠤᠯ ᠢ ᠪᠢᠲᠡᠭᠦᠮᠵᠢᠯᠡᠪᠡ᠂ ᠡᠭᠦᠨ ᠳᠤ ᠳᠡᠭᠡᠳᠦ ᠤᠷᠤᠰᠬᠠᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠨᠢ 637 ᠺᠢᠯᠤᠮᠧᠲᠷ ᠪᠠᠶᠢᠵᠤ᠂ ᠱᠠᠨᠰᠢ ᠶᠢᠨ ᠭᠤᠤᠯ ᠤᠨ ᠬᠡᠰᠡᠭ ᠨᠢ 67.7 ᠺᠢᠯᠤᠮᠧᠲᠷ ᠪᠣᠶ᠃ ᠬᠠᠲᠤᠨ ᠭᠤᠣᠯ ᠤᠨ ᠰᠥᠩ ᠬᠠᠯᠢᠶ᠎ᠠ ᠶᠢᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠦ᠂ ᠨᠡᠯᠢᠶᠡᠳ ᠶᠡᠭᠡ ᠠᠶᠤᠯ ᠭᠠᠷᠤᠭᠰᠠᠨ ᠥᠬᠡᠢ ᠪᠠᠶᠢᠨ᠎ᠠ᠃  ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠤᠨ ᠭᠤᠤᠯ ᠤᠨ ᠤᠷᠤᠰᠬᠠᠯ ᠬᠤᠪᠢᠷᠠᠯᠲᠠ ᠶᠡᠬᠡᠲᠡᠶ ᠪᠠᠶᠢᠵᠤ᠂ ᠣᠳᠣᠬᠠᠨ ᠳᠤ ᠳᠠᠯᠠᠩ ᠤᠨ ᠤᠰᠤᠨ ᠬᠠᠪᠢᠳᠠᠬᠤ ᠤᠷᠲᠤ ᠨᠢ ᠨᠡᠯᠢᠶᠡᠳ ᠣᠷᠳᠣ ᠪᠠᠶᠢᠵᠦ᠂ ᠬᠤᠩᠭᠢᠯ ᠤᠨ ᠤᠰᠤ ᠬᠠᠳᠠᠭᠠᠯᠠᠬᠤ ᠨᠡᠮᠡᠭᠳᠡᠯ ᠤᠨ ᠬᠡᠮᠵᠢᠶ᠎ᠡ ᠨᠡᠯᠢᠶᠡᠳ ᠠᠷᠪᠢᠨ᠂ ᠵᠢᠱᠢᠯᠲᠡ ᠪᠠᠷ ᠡᠨᠡ ᠵᠢᠯ ᠤᠨ ᠭᠤᠤᠯ ᠬᠡᠰᠬᠦ ᠬᠤᠭᠤᠴᠠᠭᠠᠨ ᠤ ᠠᠭᠠᠷ ᠤᠨ ᠳᠤᠯᠠᠭᠠᠨ ᠶᠡᠷᠦᠩᠬᠡᠶ ᠳᠤ ᠪᠠᠨ ᠥᠨᠳᠥᠷ ᠪᠠᠶᠢᠵᠤ᠂ ᠰᠥᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠬᠡᠴᠡᠭᠦᠤ ᠪᠠᠶᠢᠨ᠎ᠠ᠃  ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠲᠣᠬᠢᠷᠠᠭᠤᠯᠤᠨ ᠪᠠᠶᠢᠷᠢᠯᠠᠭᠤᠯᠵᠤ᠂ ᠰᠢᠨ᠎ᠡ ᠵᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠲᠣᠬᠢᠷᠠᠭᠤᠯᠤᠯᠲᠠ ᠬᠢᠵᠦ᠂ 2 ᠳ᠋ᠤᠭᠠᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ ᠪᠦᠯᠬᠦᠮ ᠳᠠᠭᠠᠭᠤᠯᠤᠨ ᠥᠪᠥᠷ ᠮᠣᠩᠭᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠬᠦᠷᠴᠦ ᠬᠠᠲᠤᠨ ᠭᠤᠤᠯ ᠤᠨ ᠭᠤᠤᠯ ᠬᠡᠰᠬᠦ ᠬᠤᠭᠤᠴᠠᠭᠠᠨ ᠤ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠠᠲᠤᠨ ᠭᠤᠤᠯ ᠤᠨ ᠰᠦᠩ ᠢ ᠰᠡᠷᠭᠡᠶᠢᠯᠡᠬᠦ ᠬᠤᠭᠤᠴᠠᠭᠠᠨ ᠤ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ 2 ᠳ᠋ᠤᠭᠠᠷ ᠰᠠᠷ᠎ᠠ ᠶᠢᠨ 17 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠸᠢᠳᠢᠤ᠋ ᠪᠠᠷ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠢ ᠬᠤᠯᠪᠣᠭᠠᠯᠠᠵᠤ᠂ ᠣᠳᠣᠬᠠᠨ ᠤ ᠰᠥᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠬᠠᠲᠤᠨ ᠭᠤᠤᠯ ᠤᠨ ᠭᠤᠤᠯ ᠬᠡᠰᠬᠦ ᠬᠤᠭᠤᠴᠠᠭᠠᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃  ᠨᠢᠭᠡ ᠳᠤ ᠂ ᠭᠤᠣᠯ ᠬᠡᠰᠬᠦ ᠬᠤᠭᠤᠴᠠᠭᠠᠨ ᠤ ᠠᠵᠢᠯ ᠤᠨ ᠪᠠᠶᠢᠳᠠᠯ ᠳᠤ ᠪᠦᠬᠦ ᠲᠠᠯ᠎ᠠ ᠪᠠᠷ ᠣᠷᠣᠪᠠ᠃ ᠤᠰᠤᠨ ᠠᠰᠢᠭᠯᠠᠯᠲᠠ ᠶᠢᠨ ᠶᠠᠮᠤᠨ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠪᠣᠯᠤᠨ ᠥᠪᠥᠷ ᠮᠣᠩᠭᠤᠯ ᠵᠡᠷᠭᠡ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠣᠯᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠤᠰᠤᠨ ᠤ ᠢᠨᠵᠧᠨᠧᠷᠢᠩ ᠢ ᠲᠣᠬᠢᠷᠠᠭᠤᠯᠬᠤ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠰᠦᠩ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠪᠠ᠃ ︽ᠤᠰᠤᠨ ᠠᠰᠢᠭᠯᠠᠯᠲᠠ ᠶᠢᠨ ᠨᠢᠭᠡᠳᠦᠭᠡᠷ ᠨᠣᠮᠧᠷ︾ ᠤᠨ ᠳᠠᠭᠠᠭᠤᠯᠢ ᠣᠳᠣᠨ ᠤ ᠠᠯᠤᠰ ᠰᠡᠷᠡᠯ ᠪᠠ ᠵᠢᠯᠣᠭᠤᠴᠢ ᠥᠬᠡᠶ ᠨᠢᠰᠬᠡᠯ ᠤᠨ ᠠᠭᠠᠷ ᠠᠴᠠ       ᠰᠡᠭᠦᠳᠡᠷᠯᠡᠬᠦ᠂ ᠸᠢᠳᠢᠤ᠋ ᠪᠠᠷ ᠬᠢᠨᠠᠨ ᠠᠵᠢᠭᠯᠠᠬᠤ ᠵᠢᠴᠢ ᠭᠠᠵᠠᠷ ᠳᠡᠭᠡᠷᠡᠬᠢ ᠤᠰᠤᠨ ᠤ ᠠᠵᠢᠯᠴᠢᠨ ᠤ ᠪᠣᠰᠤᠭ᠎ᠠ ᠴᠣᠭᠴᠠᠲᠤ ᠬᠢᠨᠠᠨ ᠬᠡᠮᠵᠢᠯᠲᠡ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠦᠩ ᠬᠠᠯᠢᠶ᠎ᠠ ᠶᠢᠨ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠮᠥᠷᠳᠡᠵᠦ᠂ ᠰᠦᠩ ᠬᠠᠯᠢᠶ᠎ᠠ ᠶᠢ ᠰᠡᠷᠭᠡᠶᠢᠯᠡᠬᠦ ᠰᠢᠢᠳᠪᠦᠷᠢᠲᠦ ᠪᠣᠳᠣᠯᠭ᠎ᠠ ᠪᠠ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠭᠤᠷᠪᠠ ᠳᠤ ᠂ ᠭᠤᠣᠯᠯᠠᠭᠴᠢ ᠢᠨᠵᠧᠨᠧᠷᠢᠩ ᠢ ᠨᠠᠷᠢᠯᠢᠭ ᠲᠤᠬᠢᠷᠠᠭᠤᠯᠤᠨ᠎ᠠ᠃ ︽ᠳᠡᠭᠡᠭᠰᠢ ᠡᠵᠡᠮᠳᠡᠬᠦ᠂ ᠳᠤᠮᠳᠠ ᠬᠤᠪᠢᠶᠠᠷᠢᠯᠠᠬᠤ᠂ ᠳᠣᠷᠣᠭᠰᠢ ᠵᠢᠭᠰᠠᠭᠠᠬᠤ︾ ᠲᠣᠬᠢᠷᠠᠭᠤᠯᠤᠯᠲᠠ ᠶᠢᠨ ᠵᠠᠷᠴᠢᠮ ᠶᠣᠰᠣᠭᠠᠷ᠂ ᠬᠠᠰᠢᠵᠤ ᠬᠠᠳᠠᠭᠠᠯᠠᠬᠤ᠂ ᠰᠦᠩ ᠬᠠᠯᠢᠶ᠎ᠠ ᠬᠤᠪᠢᠶᠠᠬᠤ ᠴᠠᠭ ᠲᠣᠬᠢᠶᠠᠯ ᠢ ᠣᠨᠣᠪᠴᠢᠲᠠᠶ ᠡᠵᠡᠮᠳᠡᠵᠦ᠂ ᠯᠢᠦ ᠵᠢᠶᠠ ᠰᠢᠶᠠ ᠤᠰᠤᠨ ᠴᠥᠭᠦᠷᠥᠮ ᠤᠨ ᠳᠣᠷᠣᠭᠰᠢ ᠤᠷᠤᠰᠬᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠠᠶᠢᠷᠤᠪ ᠤᠨ ᠲᠣᠬᠤᠢ ᠪᠠ ᠸᠠᠨ ᠵᠢᠶᠠ ᠵᠠᠶ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤᠨ ᠲᠦᠪᠰᠢᠨ ᠢ ᠠᠯᠬᠤᠮ ᠠᠯᠬᠤᠮ ᠢᠶᠠᠷ ᠪᠠᠭᠤᠷᠠᠭᠤᠯᠵᠤ᠂ ᠴᠥᠭᠦᠷᠥᠮ ᠠᠴᠠ ᠭᠠᠷᠭᠠᠵᠤ ᠭᠡᠨᠡᠳᠲᠡ ᠶᠢᠨ ᠪᠠᠶᠢᠳᠠᠯ ᠢ ᠠᠷᠭᠠᠴᠠᠭᠠᠵᠤ᠂ ᠪᠠᠴᠢᠮ ᠪᠠᠶᠢᠳᠠᠯ ᠢ ᠠᠷᠭᠠᠴᠠᠭᠠᠨ ᠦᠶᠡᠷ ᠢ ᠰᠠᠯᠭᠠᠬᠤ ᠣᠷᠣᠨ ᠳᠤ ᠰᠢᠨᠵᠢᠯᠡᠬᠦ ᠤᠬᠠᠭᠠᠨᠴᠢ ᠪᠠᠷ ᠰᠦᠩ ᠬᠠᠯᠢᠶ᠎ᠠ ᠶᠢ ᠣᠨᠣᠪᠴᠢᠲᠠᠶ ᠲᠣᠬᠢᠷᠠᠭᠤᠯᠵᠤ᠂ ᠰᠦᠩ ᠬᠠᠯᠢᠶ᠎ᠠ ᠶᠢᠨ ᠳᠣᠷᠣᠭᠰᠢ ᠤᠷᠤᠰᠬᠤ᠂ ᠲᠣᠭᠲᠠᠭᠤᠨ ᠢᠶᠠᠷ ᠭᠤᠣᠯ ᠢ ᠭᠡᠲᠦᠯᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠲᠦᠷᠪᠡ ᠳᠤ ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠤᠷᠢᠭᠯᠠᠬᠤ ᠪᠠ ᠠᠶᠤᠯ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠨ᠎ᠡ᠃ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠠᠴᠠ ᠠᠪᠤᠷᠠᠬᠤ ᠡᠩᠨᠡᠭᠡ᠂ ᠡᠳ᠋ ᠪᠣᠳᠠᠰ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢ ᠡᠷᠲᠡ ᠲᠥᠰᠦᠭᠡᠯᠡᠬᠦ᠂ ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠨ᠂ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠠᠪᠤ ᠳᠤ ᠂ ᠭᠤᠣᠯ ᠠᠯᠤᠰᠯᠠᠭᠰᠠᠨ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠲᠥᠰᠦᠯ ᠤᠨ ᠶᠣᠰᠣᠭᠠᠷ᠂ ᠭᠤᠣᠯ ᠭᠡᠰᠬᠦ ᠪᠠ ᠰᠦᠩ ᠬᠠᠯᠢᠶ᠎ᠠ ᠶᠢ ᠳᠣᠷᠣᠭᠰᠢ ᠤᠷᠤᠰᠬᠤ ᠶᠢ ᠨᠥᠯᠥᠭᠡᠯᠡᠭᠰᠡᠨ ᠬᠥᠪᠥᠮᠡᠯ ᠬᠥᠭᠦᠷᠭᠡ ᠪᠠ ᠪᠠᠷᠢᠯᠭ᠎ᠠ ᠶᠢᠨ ᠬᠥᠭᠦᠷᠭᠡ ᠶᠢ ᠴᠠᠭ ᠲᠤᠬᠠᠢ ᠳᠤ ᠨᠢ ᠨᠤᠷᠠᠭᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠵᠤ᠂ ᠰᠦᠩ ᠬᠠᠯᠢᠶ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠵᠢᠷᠭᠤᠭ᠎ᠠ ᠳᠤ ᠂ ᠠᠶᠤᠯ ᠦᠭᠡᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠪᠠ ᠠᠶᠤᠯ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠡᠭᠡᠭᠡᠯᠲᠡ ᠬᠢᠬᠦ ᠬᠤᠭᠤᠴᠠᠭᠠᠨ ᠳᠠᠬᠢ ᠮᠥᠰᠥᠨ ᠭᠠᠳᠠᠷᠭᠤ ᠶᠢ ᠨᠢᠮᠭᠡᠨ ᠪᠣᠯᠭᠠᠵᠤ᠂ ᠬᠡᠰᠡᠭ ᠭᠤᠤᠯ ᠤᠨ ᠬᠡᠰᠡᠭ ᠲᠤ ᠮᠥᠰᠥᠲᠦᠯᠭᠡ ᠶᠢᠨ ᠬᠥᠪᠡᠭᠡ ᠨᠢ ᠮᠤᠯᠲᠤᠷᠠᠭᠰᠠᠨ ᠪᠠ ᠮᠥᠰᠥᠨ ᠭᠠᠳᠠᠷᠭᠤ ᠨᠢ ᠭᠤᠯᠭᠤᠬᠤ ᠵᠡᠷᠭᠡ ᠪᠠᠶᠢᠳᠠᠯ ᠳᠤ ᠴᠢᠭᠯᠡᠭᠦᠯᠦᠨ᠂ ᠭᠤᠤᠯ ᠳᠤ ᠬᠤᠯᠪᠣᠭᠳᠠᠬᠤ ᠠᠵᠢᠯᠲᠠᠨ ᠪᠠ ᠣᠯᠠᠨ ᠲᠦᠮᠡᠨ ᠳᠤ ᠠᠩᠬᠠᠷᠤᠨ ᠰᠡᠷᠭᠡᠶᠢᠯᠡᠵᠦ᠂ ᠠᠵᠢᠯᠲᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃  ᠳᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠠᠴᠠ ᠬᠠᠲᠤᠨ ᠭᠤᠣᠯ ᠤᠨ ᠰᠦᠩ ᠬᠠᠯᠢᠶ᠎ᠠ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠷᠭᠦᠯᠵᠢᠯᠡᠨ ᠨᠢᠭᠲᠠ ᠠᠩᠬᠠᠷᠴᠤ᠂ ᠰᠦᠩ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠵᠠᠳᠠᠯᠬᠤ ᠶᠢ ᠴᠢᠩᠭᠠᠳᠬᠠᠵᠤ᠂ ᠯᠢᠦ ᠵᠢᠶᠠ ᠰᠢᠶᠠ᠂ ᠬᠠᠶᠢᠷᠤᠪ ᠤᠨ ᠲᠣᠬᠤᠢ᠂ ᠸᠠᠨ ᠵᠢᠶᠠ ᠵᠠᠢ ᠵᠡᠷᠭᠡ ᠭᠤᠣᠯᠯᠠᠭᠴᠢ ᠤᠰᠤᠨ ᠴᠥᠭᠦᠷᠥᠮ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠰᠡᠷᠭᠡᠶᠢᠯᠡᠨ ᠰᠦᠩ ᠬᠠᠯᠢᠶ᠎ᠠ ᠶᠢ ᠰᠠᠯᠭᠠᠬᠤ ᠠᠵᠢᠯ ᠢ ᠴᠠᠭ ᠲᠤ ᠨᠢ ᠲᠣᠬᠢᠷᠠᠭᠤᠯᠤᠨ ᠬᠡᠷᠡᠭᠯᠡᠵᠦ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠬᠦ ᠪᠠ ᠬᠥᠪᠦᠮᠡᠯ ᠬᠥᠭᠦᠷᠭᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠬᠤᠯᠪᠣᠭᠳᠠᠯ ᠪᠦᠬᠦᠢ ᠭᠠᠵᠠᠷ ᠣᠷᠣᠨ ᠢ ᠵᠢᠯᠣᠭᠤᠳᠤᠨ ᠰᠢᠮᠳᠠᠭᠤᠯᠵᠤ ᠪᠠᠶᠢᠭᠠᠳ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠪᠠ ᠠᠵᠢᠯᠲᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号