2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/2/18
  2 ᠳ᠋ᠤᠭᠠᠷ ᠰᠠᠷ᠎ᠠ ᠶᠢᠨ 18 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠡᠷᠡ ᠂ ᠤᠰᠤ ᠪᠣᠯ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠬᠡᠳᠦᠢ ᠥᠨᠳᠥᠷ ᠪᠣᠯ ᠥᠪᠥᠷ ᠮᠣᠩᠭᠤᠯ ᠤᠨ ᠬᠥᠭᠵᠢᠯᠲᠡ ᠶᠢᠨ ᠣᠷᠣᠨ ᠵᠠᠢ ᠲᠡᠳᠦᠢ ᠶᠡᠭᠡ ᠪᠠᠶᠢᠵᠤ ᠂ ᠤᠰᠤ ᠶᠢ ᠠᠷᠪᠢᠯᠠᠵᠤ ᠬᠡᠷᠡᠭᠯᠡᠪᠡᠯ ᠰᠠᠶ᠋ᠢ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ ᠴᠢᠳᠠᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠂ ᠤᠰᠤᠨ ᠠᠰᠢᠭᠯᠠᠯᠲᠠ ᠶᠢᠨ ᠶᠠᠮᠤᠨ ᠤ ᠠᠵᠢᠯ ᠤᠨ ᠲᠤᠬᠢᠷᠠᠭᠤᠯᠤᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠠᠮᠢ ᠨᠠᠰᠤᠨ ᠤ ᠡᠬᠢ ᠰᠤᠷᠪᠤᠯᠵᠢ ᠶᠢ ᠬᠠᠮᠠᠭᠠᠯᠠᠵᠤ ᠂ ᠪᠦᠯᠬᠦᠮᠳᠡᠨ ᠲᠡᠮᠡᠴᠡᠵᠦ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ ᠂ ᠤᠰᠤᠨ ᠤ ᠠᠰᠠᠭᠤᠳᠠᠯ ᠢ ᠰᠢᠢᠳᠪᠦᠷᠢᠯᠡᠬᠦ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠪᠥᠭᠡᠳ ᠲᠦᠷᠦᠭᠳᠡᠯ ᠲᠠᠢ ᠪᠦᠲᠦᠮᠵᠢᠲᠡᠢ ᠪᠠᠲᠤ ᠪᠠᠬᠢ ᠪᠤᠢ ᠪᠣᠯᠭᠠᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠱᠤᠭᠤᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠭᠡᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠭᠤᠣᠯ ᠶᠡᠭᠡ ᠲᠠᠯ᠎ᠠ ᠳᠤ ᠨᠡᠩ ᠪᠠᠲᠤ ᠪᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ ᠭᠡᠵᠦ ᠴᠢᠬᠤᠯᠠᠴᠢᠯᠠᠪᠠ ᠃
呼和浩特召开.jpg
  ᠬᠤᠷᠠᠯ ᠠᠴᠠ ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠠᠷᠢᠶ᠎ᠠ ᠲᠠᠯᠪᠢᠭᠰᠠᠨ 10 ᠵᠢᠯ ᠤᠨ ᠤᠢ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠤᠰᠤᠨ ᠠᠰᠢᠭᠯᠠᠯᠲᠠ ᠶᠢᠨ ᠶᠠᠮᠤᠨ ᠤ ᠬᠦᠴᠦᠲᠡᠶ ᠳᠡᠮᠵᠢᠯᠭᠡ ᠳᠣᠤᠷ᠎ᠠ ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠭᠤᠤᠯ ᠶᠡᠭᠡ ᠲᠠᠯ᠎ᠠ ᠶᠢᠨ ᠲᠣᠭᠤᠷᠢᠨ ᠳᠤ ᠂ ᠠᠴᠢ ᠶᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠂ ᠠᠵᠠ ᠲᠣᠬᠢᠶᠠᠯ ᠢ ᠠᠮᠵᠢᠨ ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠨ ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠂ ᠪᠥᠬᠦ ᠣᠷᠣᠨ ᠤ ᠤᠰᠤᠨ ᠤ ᠠᠮᠤᠷ ᠲᠦᠪᠰᠢᠨ ᠤ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠪᠠ ᠃  ︽ᠨᠢᠭᠡ ᠮᠥᠷᠡᠨ ᠢ ᠬᠠᠮᠲᠤᠪᠠᠷ ᠤᠮᠳᠠᠯᠠᠵᠤ ᠂ ᠦᠨᠳᠦᠰᠦᠲᠡᠨ ᠨᠦᠭᠦᠳ ᠨᠢᠭᠡ ᠭᠡᠷ ᠤᠨ ᠬᠥᠮᠦᠨ ᠮᠡᠲᠦ ᠳᠣᠲᠣᠨᠣ ︾ ᠪᠠᠶᠢᠬᠤ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠢ ᠲᠦᠷᠭᠡᠳᠬᠡᠨ ᠪᠠᠶᠢᠭᠤᠯᠵᠤ ᠂ ᠤᠰᠤᠨ ᠲᠣᠣᠷ ᠤᠨ ᠲᠥᠯᠥᠪᠵᠢᠭᠦᠯᠭᠡ ᠶᠢᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠵᠤ ᠂ ᠠᠶᠢᠮᠠᠭ ᠬᠤᠳᠠ ᠶᠢᠨ ᠤᠰᠤᠨ ᠲᠣᠣᠷ ᠤᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠂ ᠬᠠᠳᠤᠨ ᠭᠤᠣᠯ ᠤᠨ ᠭᠤᠣᠯ ᠤᠷᠤᠰᠬᠠᠯ ᠤᠨ ᠠᠶᠢᠮᠠᠭ ᠬᠤᠳᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠴᠢᠬᠤᠯᠠ ᠠᠬᠢᠴᠠ ᠲᠠᠢ ᠪᠣᠯᠪᠠ ᠃ ︽ᠠᠮᠢ ᠨᠠᠰᠤ ᠶᠢ ᠳᠡᠭᠡᠳᠦᠯᠡᠵᠦ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ︾ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠤᠯᠠᠭᠠᠨᠬᠠᠳᠠ ᠶᠢᠨ ᠯᠤᠤᠬ᠎ᠠ ᠶᠢᠨ ᠭᠤᠤᠯ ᠤᠨ ᠰᠡᠲᠡᠷᠬᠡᠢ ᠂ 14 ᠤᠰᠤᠨ ᠴᠥᠭᠦᠷᠥᠮ ᠤᠨ ᠬᠢᠨᠠᠯᠲᠠ ᠶᠢᠨ ᠤᠰᠤᠨ ᠲᠦᠪᠰᠢᠨ ᠠᠴᠠ ᠳᠠᠪᠠᠭᠰᠠᠨ ᠪᠠ 15 ᠵᠤᠷᠪᠤᠰ ᠭᠤᠤᠯ ᠮᠥᠷᠡᠨ ᠤ ᠰᠡᠷᠡᠮᠵᠢ ᠶᠢᠨ ᠳᠤᠬᠢᠶᠠᠨ ᠠᠴᠠ ᠳᠠᠪᠠᠭᠰᠠᠨ ᠦᠶᠡᠷ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠵᠤ ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ ᠃ ︽ ᠤᠰᠤ ᠶᠢ  ᠨᠢ ᠤᠤᠭᠤᠪᠠᠯ ᠡᠬᠢ ᠶᠢ ᠨᠢ ᠪᠤᠤ ᠮᠠᠷᠲᠠ ᠂ ᠨᠠᠮ ᠤᠨ ᠠᠴᠢ ᠶᠢ ᠰᠠᠨᠠᠭᠠᠯᠵᠠᠬᠤ ︾ ᠠᠵᠢᠯ ᠲᠥᠷᠥᠯ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠪᠠ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠤᠨ ᠬᠠᠮᠤᠷᠤᠭᠰᠠᠨ ᠬᠥᠮᠦᠨ ᠠᠮᠠ ᠶᠢᠨ ᠬᠠᠷᠢᠴᠠᠯ ᠢ ᠲᠣᠰ ᠲᠣᠰ 84.8% ᠪᠠ 26.8% ᠳᠤ ᠬᠦᠷᠦᠭᠦᠯᠵᠦ ᠂ ᠴᠥᠮ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠠᠴᠠ ᠳᠠᠪᠠᠵᠤ ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠪᠠ ᠃  ︽ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ︾ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠵᠠᠭᠪᠤᠷ ᠦᠷᠭᠦᠯᠵᠢᠯᠡᠨ ᠲᠡᠭᠦᠯᠳᠡᠷᠵᠢᠭᠦᠯᠵᠦ ᠂ 8 ᠬᠥᠷᠰᠢ ᠵᠡᠷᠭᠡᠯᠡᠳᠡᠭᠡ ᠮᠤᠵᠢ ︵ᠣᠷᠣᠨ︶ ᠶᠢᠨ 85 ᠮᠤᠵᠢ ︵ᠤᠷᠤᠨ︶ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠲᠣᠭᠲᠠᠴᠠ ᠶᠢ ᠪᠠᠶᠢᠭᠤᠯᠵᠤ ᠂ 1069 ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠪᠦᠬᠦ ᠣᠷᠣᠨ ᠤ ᠤᠰᠤ ᠬᠦᠷᠦᠰᠦ ᠶᠢᠨ ᠬᠠᠮᠠᠭᠠᠯᠠᠯᠲᠠ ᠶᠢᠨ ᠨᠤᠷᠮ᠎ᠠ ᠶᠢ 52.75% ᠳᠤ ᠬᠦᠷᠭᠡᠪᠡ ᠃ ᠤᠰᠤᠨ ᠠᠰᠢᠭᠯᠠᠯᠲᠠ ᠶᠢᠨ ᠪᠡᠯᠡ ᠣᠷᠤᠭᠤᠯᠤᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ ᠂ ᠪᠦᠬᠦ ᠵᠢᠯ ᠳᠤ ᠪᠦᠬᠦ ᠨᠡᠶᠢᠭᠡᠮ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ 205.7 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠨᠠᠶᠢᠳᠠᠪᠤᠷᠢᠵᠢᠭᠤᠯᠵᠤ ᠂ ᠠᠳᠠᠯᠢ ᠬᠤᠭᠤᠴᠠᠭᠠᠨ ᠤ ᠬᠢ ᠠᠴᠠ 13.55% ᠪᠠᠷ ᠨᠡᠮᠡᠭᠳᠡᠪᠡ ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠪᠰᠢᠨ ᠦᠷᠭᠦᠯᠵᠢᠯᠡᠨ ᠳᠡᠭᠡᠭᠰᠢᠯᠡᠵᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ ᠃  ᠬᠤᠷᠠᠯ ᠠᠴᠠ ᠂ ᠤᠰᠤᠨ ᠠᠰᠢᠭᠯᠠᠯᠲᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠦᠬᠦ ᠲᠠᠯ᠎ᠠ ᠳᠠᠬᠢ ᠰᠠᠭᠤᠷᠢ ᠴᠢᠨᠠᠷᠲᠠᠢ ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠂ ᠤᠳᠤᠷᠢᠳᠤᠮᠵᠢ ᠶᠢᠨ ᠴᠢᠨᠠᠷᠲᠠᠢ ᠦᠢᠯᠡᠳᠦᠯ ᠤᠯᠠᠮ ᠠᠴᠠ ᠤᠯᠠᠮ ᠲᠤᠪᠤᠶᠢᠮ᠎ᠠ ᠪᠤᠯᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠨᠢᠭᠡᠨᠲᠡ ᠪᠦᠷᠢᠯᠳᠦᠭᠰᠡᠨ ᠪᠥᠭᠡᠳ ᠦᠷᠭᠦᠯᠵᠢᠯᠡᠨ ᠪᠠᠬᠢᠵᠢᠪᠡ ᠃ ᠰᠢᠨ᠎ᠡ ᠪᠠᠶᠢᠳᠠᠯ ᠂ ᠰᠢᠨ᠎ᠡ ᠱᠠᠭᠠᠷᠳᠠᠯᠭ᠎ᠠ ᠶᠢᠨ ᠡᠮᠦᠨ᠎ᠡ ᠂ ᠰᠢᠨ᠎ᠡ ᠱᠠᠲᠤ ᠦᠶ᠎ᠡ ᠶᠢᠨ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠤᠰᠤᠨ ᠠᠰᠢᠭᠯᠠᠯᠲᠠ ᠶᠢᠨ ᠲᠣᠤᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠶᠢᠳᠠᠯ ᠪᠠ ᠡᠭᠦᠷᠭᠡ ᠶᠢ ᠰᠠᠶᠢᠲᠤᠷ ᠡᠵᠡᠮᠳᠡᠵᠦ ᠂ ᠠᠵᠠ ᠲᠣᠬᠢᠶᠠᠯ ᠢ ᠠᠮᠵᠢᠨ ᠂ ᠲᠥᠷᠥ ᠶᠢᠨ ᠪᠣᠳᠣᠯᠭ᠎ᠠ ᠶᠢ ︽ᠴᠠᠭᠠᠰᠦᠨ ᠳᠡᠭᠡᠷ᠎ᠡ︾ ᠠᠴᠠ ︽ᠪᠤᠲᠠᠲᠠᠢ︾ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠲᠣᠤᠷ ᠢ ᠰᠠᠶᠢᠲᠤᠷ ᠪᠥᠲᠥᠭᠡᠨ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠤ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠶ ᠃  ︽ᠤᠰᠤ ᠤ ᠬᠡᠮᠵᠢᠶ᠎ᠡ ᠪᠠᠷ ᠲᠦᠷᠪᠡ ᠶᠢ ᠲᠣᠭᠲᠠᠭᠠᠬᠤ︾ ᠳᠤ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠬᠦᠳᠦᠯᠦᠨ ᠳᠠᠭᠠᠭᠤᠯᠬᠤ ᠪᠠᠶᠢᠳᠠᠯ ᠪᠣᠯᠤᠨ ᠡᠭᠦᠷᠭᠡ ᠶᠢ ᠡᠵᠡᠮᠳᠡᠵᠦ ᠂ ᠬᠤᠳᠠ ᠬᠥᠳᠡᠭᠡ ᠶᠢᠨ ᠪᠠᠶᠢᠷᠢᠰᠢᠭᠤᠯᠤᠯᠲᠠ ᠂ ᠭᠠᠵᠠᠷ ᠰᠢᠷᠣᠢ ᠶᠢᠨ ᠨᠡᠭᠡᠭᠡᠨ ᠬᠥᠭᠵᠢᠭᠦᠯᠦᠯᠲᠡ ᠂ ᠬᠥᠮᠦᠨ ᠠᠮᠠ ᠶᠢᠨ ᠬᠡᠪᠴᠢᠶ᠎ᠡ ᠂ ᠠᠵᠤ ᠦᠢᠯᠡᠰ ᠤᠨ ᠪᠦᠲᠦᠴᠡ ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠵᠣᠬᠢᠴᠠᠯᠳᠤᠯ ᠢ ᠪᠦᠬᠦ ᠬᠦᠴᠦᠨ ᠢᠶᠠᠷ ᠢᠶᠠᠨ ᠠᠬᠢᠭᠤᠯᠵᠤ ᠂ ︽ᠬᠤᠳᠠ ᠤᠰᠤ ᠵᠣᠬᠢᠴᠠᠩᠭᠤᠢ ᠂ ᠬᠥᠮᠦᠨ ᠤᠰᠤ ᠡᠶ᠎ᠡ ᠵᠣᠬᠢᠴᠠᠩᠭᠤᠢ ᠂ ᠭᠠᠵᠠᠷ ᠤᠰᠤ ᠲᠤᠬᠢᠷᠠᠮᠵᠢᠲᠠᠢ ᠂ ᠤᠰᠤ ᠭᠠᠷᠤᠯᠲᠠ ᠢᠵᠢᠯᠢᠰᠢᠬᠦ︾ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ ᠃ ︽ᠭᠤᠣᠯ ᠮᠥᠷᠡᠨ ᠤ ᠪᠠᠶᠢᠯᠳᠤᠬᠤ ᠪᠤᠳᠤᠯᠭ᠎ᠠ︾ ᠶᠢ ᠡᠵᠡᠮᠳᠡᠵᠦ ᠂ ᠵᠣᠯ ᠵᠢᠷᠭᠠᠯᠲᠤ ᠭᠤᠣᠯ ᠮᠥᠷᠡᠨ ᠪᠣᠯᠤᠨ ᠡᠭᠦᠷᠭᠡ ᠶᠢ ᠶᠡᠷᠦᠩᠬᠡᠶᠢᠯᠡᠨ ᠵᠢᠯᠣᠭᠤᠳᠴᠤ ᠂ ᠶᠡᠭᠡ ᠭᠤᠣᠯ ᠮᠥᠷᠡᠨ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠪᠠᠷ ᠬᠥᠲᠥᠯᠦᠮᠵᠢ ᠪᠣᠯᠭᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠭᠤᠣᠯ ᠮᠥᠷᠡᠨ ᠤ ᠶᠣᠰᠣ ᠰᠤᠷᠲᠠᠬᠤᠨ ᠢ ᠪᠠᠶᠢᠭᠤᠯᠵᠤ ᠂ ᠬᠥᠮᠦᠨ ᠤᠰᠤᠨ ᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠡᠷᠭᠦᠭᠡᠵᠦ ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢᠶᠠᠷ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠂ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠶᠢ ᠰᠡᠷᠭᠡᠭ ᠢᠶᠠᠷ ᠲᠠᠨᠢᠵᠤ ᠂ ᠬᠠᠷᠠᠯᠲᠠ ᠪᠠᠨ ᠲᠣᠭᠲᠠᠭᠠᠵᠤ ᠂ ᠲᠣᠭᠲᠠᠯ ᠬᠦᠴᠦᠨ ᠢᠶᠠᠨ ᠴᠢᠩᠭᠠᠳᠬᠠᠵᠤ ᠂ ᠨᠡᠩ ᠥᠨᠳᠥᠷ ᠵᠣᠭᠰᠣᠴᠠ ᠂ ᠨᠡᠩ ᠥᠷᠭᠡᠨ ᠬᠠᠷᠠᠭᠠᠰᠤ ᠂ ᠨᠡᠩ ᠶᠡᠭᠡ ᠡᠷᠴᠢᠮ ᠢᠶᠠᠷ ᠤᠰᠤᠨ ᠠᠰᠢᠭᠯᠠᠯᠲᠠ ᠶᠢᠨ ᠠᠵᠢᠯ ᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠭᠦᠷᠭᠡ ᠶᠢ ᠪᠡᠶᠡᠯᠡᠭᠦᠯᠬᠦ ᠡᠴᠦᠰ ᠤᠨ ᠵᠢᠯ ᠪᠣᠯᠤᠨ᠎ᠠ ᠂ ᠪᠠᠰᠠ ᠴᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ ᠂ 7 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠃ ᠨᠢᠭᠡ ᠳᠤ ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠤᠰᠤᠨ ᠤ ᠲᠣᠣᠷ ᠢ ᠲᠦᠷᠭᠡᠳᠬᠡᠨ ᠪᠠᠶᠢᠭᠤᠯᠤᠨ᠎ᠠ ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠵᠦ ᠂ ᠤᠰᠤᠨ ᠠᠰᠢᠭᠯᠠᠯᠲᠠ ᠶᠢᠨ ᠲᠣᠣᠷ ᠤᠨ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠎ᠡ ᠃ ᠬᠤᠶᠠᠷ ᠲᠤ ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠪᠠ ᠬᠢᠨᠠᠨ ᠰᠢᠨᠵᠢᠬᠦ ᠬᠡᠮᠵᠢᠯᠲᠡ ᠶᠢᠨ ᠰᠢᠰᠲ᠋ᠧᠮᠵᠢ ᠶᠢ ᠪᠦᠷᠢᠨᠰᠢᠭᠦᠯᠵᠦ ᠂ ᠬᠢᠨᠠᠨ ᠵᠥᠪᠰᠢᠶᠡᠷᠡᠬᠦ ᠶᠢ ᠬᠢᠵᠠᠭᠠᠷᠯᠠᠨ ᠵᠥᠪᠰᠢᠶᠡᠷᠡᠬᠦ ᠶᠢ ᠴᠢᠩᠭ᠎ᠠ ᠨᠠᠶᠢᠳᠠᠪᠤᠷᠢᠵᠢᠭᠤᠯᠤᠨ ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠥᠭᠡᠷᠡᠴᠢᠯᠡᠯᠲᠡ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠪᠠ ᠠᠮᠢ ᠠᠬᠤᠶ ᠶᠢᠨ ᠤᠰᠤ ᠠᠷᠪᠢᠯᠠᠬᠤ ᠶᠢ ᠰᠠᠶᠢᠲᠤᠷ ᠠᠳᠬᠤᠵᠤ ᠂ ᠡᠩ ᠤᠨ ᠪᠤᠰᠤ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠨ ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ ᠃ ᠭᠤᠷᠪᠠ ᠳᠤ ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠩᠷᠢ ᠶᠢᠨ ᠲᠤᠰᠢᠶᠠᠯ ᠢ ᠪᠠᠲᠤ ᠡᠭᠦᠷᠭᠡᠯᠡᠨ᠎ᠡ ᠃ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠭᠦᠯᠵᠦ ᠂ ᠪᠣᠷᠣᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ ᠲᠡᠭᠦᠯᠳᠡᠷᠵᠢᠭᠦᠯᠵᠦ ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ ᠃ ᠳᠥᠷᠪᠡ ᠳᠤ ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠪᠠ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠨ᠎ᠠ ᠃ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠡᠷᠬᠢᠨ ᠦᠵᠡᠬᠦ ᠵᠢᠴᠢ ︽ᠬᠤᠪᠢᠯ ᠢ ᠴᠡᠪᠡᠷᠯᠡᠬᠦ ᠠᠵᠢᠯᠯᠠᠭ᠎ᠠ︾ ᠶᠢ ᠪᠥᠬᠦ ᠲᠠᠯ᠎ᠠ ᠪᠠᠷ ᠥᠷᠨᠢᠭᠦᠯᠵᠦ ᠂ ᠤᠰᠤᠨ ᠣᠷᠣᠨ ᠤ ᠡᠷᠭᠢ ᠶᠢᠨ ᠱᠤᠭᠤᠮ ᠢ ᠬᠠᠮᠢᠶᠠᠷᠤᠨ ᠡᠵᠡᠮᠳᠡᠬᠦ ᠪᠠ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠬᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠡᠬᠡ ᠭᠤᠤᠯ ᠤᠨ ᠰᠡᠷᠭᠦᠯᠲᠡ ᠶᠢ ᠠᠬᠢᠭᠤᠯᠤᠨ᠎ᠠ ᠃ ᠲᠠᠪᠤ ᠳᠤ ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠤᠰᠤ ᠶᠢ ᠵᠠᠰᠠᠬᠤ ᠪᠠᠶᠢᠭᠤᠯᠤᠯ ᠲᠣᠭᠲᠠᠴᠠ ᠶᠢᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠤᠰᠤᠨ ᠠᠰᠢᠭᠯᠠᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠲᠠᠷᠢᠶᠠᠯᠠᠩ ᠤᠨ ᠤᠰᠤ ᠠᠷᠪᠢᠯᠠᠬᠤ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ ᠂ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ ᠃ ᠵᠢᠷᠭᠤᠭ᠎ᠠ ᠳᠤ ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ ᠂ ᠤᠰᠤᠨ ᠠᠰᠢᠭᠯᠠᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠪᠠ ᠤᠰᠤᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠲᠤᠯᠤᠭ᠎ᠠ ᠳᠤ ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ︽ᠬᠤᠶᠠᠷ ᠢ ᠲᠤᠭᠲᠠᠭᠠᠭᠰᠠᠨ︾ ᠢ ᠦᠨᠡᠨᠴᠢ ᠪᠠᠷ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠤᠰᠤᠨ ᠠᠰᠢᠭᠯᠠᠯᠲᠠ ᠶᠢᠨ ᠰᠢᠰᠲ᠋ᠧᠮ ᠤᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠵᠤ ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ ᠃  ᠬᠤᠷᠠᠯ ᠳᠡᠭᠡᠷ᠎ᠡ 2025 ᠣᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠠᠶᠢᠯᠪᠤᠷᠢᠯᠠᠪᠠ ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠤᠯᠭ᠎ᠠ ᠹᠠᠨ ᠵᠦᠩ ᠂ ᠯᠢ ᠪᠢᠨ ᠂ ᠫᠧᠩ ᠶᠠ ᠯᠢ ᠂ ᠭᠤᠤ ᠮᠢᠩ ᠲᠠᠩ ᠬᠤᠷᠠᠯ ᠳᠤ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠂ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠂ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ ᠂ ᠡᠯ᠎ᠡ ᠠᠶᠢᠮᠠᠭ ᠬᠤᠳᠠ ᠂ ᠠᠰᠳᠠᠭᠠᠨ ᠲᠥᠯᠥᠪᠯᠡᠭᠰᠡᠨ ᠬᠤᠳᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠂ ᠤᠰᠤᠨ ᠠᠰᠢᠭᠯᠠᠯᠲᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠂ ᠲᠢᠩᠬᠢᠮ ᠤᠨ ᠪᠠᠶᠢᠭᠤᠯᠭ᠎ᠠ ᠶᠢᠨ ᠪᠦᠬᠦ ᠠᠵᠢᠯᠳᠠᠨ ᠂ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ ᠬᠤᠷᠠᠯ ᠳᠤ ᠣᠷᠣᠯᠴᠠᠪᠠ ᠃ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠂ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号