ᠯᠢ ᠭᠦᠸᠧ ᠶᠢᠩ ᠥᠪᠥᠷ ᠮᠣᠩᠭᠤᠯ ᠳᠤ ᠬᠦᠷᠴᠦ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/2/18
  2 ᠳ᠋ᠤᠭᠠᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠤᠭᠤᠳᠤᠭᠴᠢ ᠶᠢᠨ ᠶᠠᠮᠤᠨ ᠤ ᠳᠡᠳ᠋ ᠶᠡᠷᠦᠩᠬᠡᠶ ᠵᠢᠯᠣᠭᠤᠳᠣᠭᠴᠢ ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠪᠠᠶᠢᠷᠢᠯᠠᠭᠤᠯᠪᠠ ᠃ ᠲᠡᠷᠡ ᠂ ᠣᠳᠣᠬᠠᠨ ᠳᠤ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ ᠂ ᠤᠷᠢᠳᠴᠢᠯᠠᠨ ᠬᠢᠬᠦ ᠶᠢ ᠲᠡᠷᠢᠭᠦᠨ ᠳᠤ ᠲᠠᠯᠪᠢᠬᠤ ᠂ ᠰᠡᠷᠭᠡᠶᠢᠯᠡᠯᠲᠡ ᠶᠢᠨ ᠱᠤᠭᠤᠮ ᠢ ᠭᠠᠳᠠᠭᠰᠢ ᠠᠬᠢᠭᠤᠯᠬᠤ ᠶᠢ ᠪᠠᠷᠢᠮᠲᠠᠯᠠᠵᠤ ᠂ ︽ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠬᠠᠲᠤᠨ ᠭᠤᠤᠯ ᠤᠨ ᠭᠤᠤᠯ ᠰᠠᠯᠪᠤᠷᠢ ᠤᠷᠤᠰᠬᠠᠯ ᠤᠨ ᠬᠠᠰᠢᠯᠭ᠎ᠠ ᠰᠡᠲᠡᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ︾ ᠬᠠᠷᠠᠯᠲᠠ ᠶᠢ ᠲᠣᠭᠲᠠᠭᠠᠵᠤ ᠂ ᠴᠠᠭ ᠢᠮᠠᠭᠲᠠ ᠰᠠᠨᠠᠭ᠎ᠠ ᠠᠮᠤᠷ ᠥᠬᠡᠶ ᠬᠠᠷᠢᠭᠤᠴᠠᠯᠭᠠᠲᠤ ᠰᠡᠳᠬᠢᠯᠭᠡ ᠪᠠ ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ ᠲᠤᠭ᠎ᠠ ᠲᠠᠢ ᠪᠠᠶᠢᠬᠤ ᠠᠵᠢᠯᠯᠠᠬᠤ ᠬᠦᠴᠦᠨ ᠢᠶᠠᠷ ᠬᠠᠲᠤᠨ ᠭᠤᠤᠯ ᠤᠨ ᠭᠤᠤᠯ ᠭᠡᠰᠬᠦ ᠬᠤᠭᠤᠴᠠᠭᠠᠨ ᠤ ᠡᠯ᠎ᠡ ᠵᠦᠢᠯ ᠤᠨ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ ᠃  ᠣᠶᠢᠷ᠎ᠠ ᠶᠢᠨ ᠬᠤᠭᠤᠴᠠᠭᠠᠨ ᠤ ᠠᠭᠠᠷ ᠤᠨ ᠳᠤᠯᠠᠭᠠᠨ ᠳᠡᠭᠡᠭᠰᠢᠯᠡᠭᠰᠡᠨ ᠤ ᠨᠥᠯᠥᠭᠡ ᠪᠠᠷ ᠂ ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠤᠨ ᠮᠥᠰᠥ ᠬᠠᠶᠢᠯᠵᠤ ᠂ 2 ᠳ᠋ᠤᠭᠠᠷ ᠰᠠᠷ᠎ᠠ ᠶᠢᠨ 17 ᠤ ᠡᠳᠦᠷ ᠬᠠᠲᠤᠨ ᠭᠤᠤᠯ ᠤᠨ ᠭᠤᠤᠯ ᠤᠷᠤᠰᠬᠠᠯ ᠤᠨ ᠥᠪᠥᠷ ᠮᠣᠩᠭᠤᠯ ᠤᠨ ᠳᠡᠭᠡᠷ᠎ᠡ ᠬᠡᠰᠡᠭ ᠤᠨ ᠮᠠ ᠬᠤᠸᠠᠩ ᠭᠸᠦ ᠮᠤᠵᠢ ᠶᠢᠨ ᠵᠠᠭᠠᠭ ᠤᠨ ᠣᠭᠲᠣᠯᠤᠭᠠᠰᠤ ᠠᠴᠠ ᠬᠠᠶᠢᠷᠤᠪ ᠤᠨ ᠲᠣᠬᠤᠶ ᠶᠢᠨ ᠬᠠᠰᠢᠯᠭ᠎ᠠ ᠶᠢᠨ ᠭᠠᠵᠠᠷ ᠲᠤ 10 ᠺᠢᠯᠤᠮᠧᠲᠷ ᠭᠤᠤᠯ ᠢ ᠪᠢᠲᠡᠭᠦᠮᠵᠢᠯᠡᠵᠦ ᠂ ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠤᠯ ᠤᠨ ᠬᠡᠰᠡᠭ ᠤᠨ ᠭᠤᠤᠯ ᠭᠡᠰᠬᠦ ᠬᠤᠭᠤᠴᠠᠭᠠᠨ ᠳᠤ ᠤᠷᠤᠭᠰᠠᠨ ᠢ ᠬᠠᠷᠠᠭᠤᠯᠵᠤ ᠪᠠᠶᠢᠨ᠎ᠠ ᠃ ᠯᠢ ᠭᠦᠸᠧ ᠶᠢᠩ ᠤᠷᠢᠳ ᠬᠤᠵᠢᠳ ᠦᠬᠠᠶ ᠂ ᠪᠠᠶᠠᠨᠨᠠᠭᠤᠷ ᠂ ᠣᠷᠳᠣᠰ ᠂ ᠬᠥᠬᠡᠬᠤᠲᠠ ᠵᠡᠷᠭᠡ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠂ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠂ ᠪᠠᠶᠠᠨᠭᠤᠣᠯ ᠤᠨ ᠤᠰᠤᠨ ᠰᠢᠨᠵᠢᠯᠡᠭᠡᠨ ᠤ ᠥᠷᠲᠡᠭᠡ ᠂ ᠤᠯᠠᠭᠠᠨᠪᠤᠬ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠦᠩ ᠬᠠᠯᠢᠶ᠎ᠠ ᠶᠢ ᠰᠠᠯᠭᠠᠬᠤ ᠣᠷᠣᠨ ᠂ ᠤᠷᠠᠳ ᠤᠨ ᠡᠮᠦᠨᠡᠲᠦ ᠬᠤᠰᠢᠭᠤᠨ ᠤ ᠬᠤᠩ ᠭᠧ ᠪᠦ᠋ ᠤᠰᠤ ᠵᠠᠯᠠᠬᠤ ᠥᠷᠲᠡᠭᠡ ᠂ ᠬᠠᠩᠭᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠦᠩ ᠬᠠᠯᠢᠶ᠎ᠠ ᠶᠢ ᠰᠠᠯᠭᠠᠬᠤ ᠣᠷᠣᠨ ᠂ ᠳᠠᠯᠠᠳ ᠬᠤᠰᠢᠭᠤᠨ ᠤ ᠡᠯ ᠬᠦᠢ ᠭᠧ ᠳ᠋ᠠᠨ ᠤ ᠤᠰᠤ ᠵᠠᠯᠠᠬᠤ ᠢᠨᠵᠧᠨᠧᠷᠢᠩ ᠂ ᠸᠠᠨ ᠵᠢᠶᠠ ᠵᠠᠢ ᠬᠦᠮᠦᠷᠭᠡ ᠶᠢᠨ ᠲᠣᠭᠤᠷᠢᠭ ᠤᠨ ᠴᠢᠩ ᠱᠦᠢ ᠾᠧ ᠰᠢᠶᠠᠨ ᠤ ᠬᠡᠰᠡᠭ ᠵᠡᠷᠭᠡ ᠭᠠᠵᠠᠷ ᠲᠤ ᠬᠦᠷᠴᠦ ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠰᠦᠩ ᠬᠠᠯᠢᠶ᠎ᠠ ᠶᠢᠨ ᠪᠠᠶᠢᠳᠠᠯ ᠳᠤ ᠰᠠᠭᠤᠷᠢᠯᠠᠭᠰᠠᠨ ᠬᠥᠭᠵᠢᠯᠲᠡ ᠶᠢ ᠠᠷᠭᠠᠴᠠᠭᠠᠤ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠤᠨ ᠪᠠᠶᠢᠷᠢᠯᠠᠭᠤᠯᠪᠠ ᠃  ᠯᠢ ᠭᠦᠸᠧ ᠶᠢᠩ ᠂ ᠭᠤᠣᠯ ᠭᠡᠰᠬᠦ ᠬᠤᠭᠤᠴᠠᠭ᠎ᠠ ᠪᠣᠯ ᠰᠦᠩ ᠬᠠᠯᠢᠶ᠎ᠠ ᠶᠢᠨ ᠦᠶᠡᠷ ᠤᠨ ᠠᠶᠤᠯ ᠡᠭᠦᠰᠬᠦ ᠬᠤᠭᠤᠴᠠᠭ᠎ᠠ ᠪᠣᠯᠤᠨ᠎ᠠ ᠂ ᠮᠥᠨᠴᠦ ᠰᠦᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ ᠃ ᠡᠯ᠎ᠡ ᠱᠠᠲᠤᠨ ᠤ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭᠠᠲᠤ ᠨᠢᠭᠡᠴᠢ ᠂ ᠬᠠᠷᠢᠭᠤᠴᠠᠯᠭᠠᠲᠠᠨ ᠳᠠᠷᠦ᠋ᠢᠬᠠᠨ ᠰᠦᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠳᠤ ᠣᠷᠣᠵᠤ ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠪᠣᠯᠤᠨ ᠮᠢᠨᠴᠦᠭᠦᠷᠡᠬᠦ ᠦᠵᠡᠯ ᠰᠠᠨᠠᠭ᠎ᠠ ᠠᠴᠠ ᠡᠷᠡᠰ ᠵᠠᠶᠢᠯᠠᠰᠬᠢᠵᠦ ᠂ ᠤᠬᠠᠮᠰᠠᠷ ᠂ ᠲᠣᠭᠲᠠᠴᠠ ᠂ ᠠᠷᠭ᠎ᠠ ᠬᠡᠮᠵᠢᠶ᠎ᠡ ᠶᠢ ᠴᠥᠮ ᠰᠦᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠯᠤᠭ᠎ᠠ ᠬᠠᠷᠢᠯᠴᠠᠨ ᠵᠣᠬᠢᠴᠠᠭᠤᠯᠵᠤ ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠵᠢᠯ ᠢ ᠤᠷᠢᠳᠴᠢᠯᠠᠨ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃  ᠯᠢ ᠭᠦᠸᠧ ᠶᠢᠩ ᠂ ᠰᠦᠩ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ ᠂ ︽ᠣᠭᠲᠠᠷᠭᠤᠶ ᠂ ᠭᠠᠵᠠᠷ ᠤᠨ ᠭᠠᠳᠠᠷᠭᠤ ᠂ ᠤᠰᠤᠨ ᠳᠤᠤᠷ᠎ᠠ ᠂ ᠢᠨᠵᠧᠨᠧᠷᠢᠩ︾ ᠢ ᠨᠢᠭᠡ ᠴᠤᠭᠴᠠᠵᠢᠭᠤᠯᠤᠨ ᠬᠢᠨᠠᠨ ᠬᠡᠮᠵᠢᠵᠦ ᠮᠡᠳᠡᠬᠦ ᠰᠢᠰᠲ᠋ᠧᠮ ᠢ ᠬᠡᠷᠡᠭᠯᠡᠵᠦ ᠂ ᠴᠠᠭ ᠠᠭᠤᠷ ᠂ ᠤᠰᠤᠨ ᠤ ᠪᠠᠶᠢᠳᠠᠯ ᠂ ᠮᠥᠰᠥᠲᠦᠯᠭᠡ ᠶᠢᠨ ᠪᠠᠶᠢᠳᠠᠯ ᠂ ᠭᠤᠣᠯ ᠤᠨ ᠪᠠᠶᠢᠳᠠᠯ ᠂ ᠠᠵᠢᠯ ᠤᠨ ᠪᠠᠶᠢᠳᠠᠯ ᠢ ᠦᠷᠭᠦᠯᠵᠢᠯᠡᠨ ᠵᠠᠳᠠᠯᠵᠤ ᠂ ᠬᠥᠳᠡᠯᠦᠩᠭᠦᠶ ᠪᠠᠷ ᠡᠵᠡᠮᠰᠢᠵᠦ ᠂ ᠰᠦᠩ ᠬᠠᠯᠢᠶ᠎ᠠ ᠶᠢᠨ ᠤᠷᠢᠳᠴᠢᠯᠠᠭᠰᠠᠨ ᠮᠡᠳᠡᠭᠡ ᠂ ᠰᠦᠩ ᠬᠠᠯᠢᠶ᠎ᠠ ᠶᠢᠨ ᠦᠶᠡᠷ ᠤᠨ ᠬᠤᠪᠢᠷᠠᠯᠲᠠ ᠵᠡᠷᠭᠡ ᠵᠠᠭᠪᠤᠷ ᠢ ᠲᠡᠭᠦᠯᠳᠡᠷᠵᠢᠭᠦᠯᠵᠦ ᠂ ᠭᠤᠣᠯ ᠤᠨ ᠬᠤᠩᠭᠢᠯ ᠤᠨ ᠤᠰᠤ ᠬᠠᠳᠠᠭᠠᠯᠠᠬᠤ ᠨᠡᠮᠡᠭᠳᠡᠯ ᠤᠨ ᠬᠡᠮᠵᠢᠶ᠎ᠡ ᠶᠢ ᠣᠨᠣᠪᠴᠢᠲᠠᠢ ᠵᠠᠳᠠᠯᠤᠨ ᠪᠤᠳᠤᠵᠤ ᠂ ᠭᠤᠣᠯ ᠭᠡᠰᠬᠦ ᠵᠠᠭᠪᠤᠷ ᠂ ᠭᠤᠣᠯ ᠭᠡᠰᠬᠦ ᠴᠠᠭ ᠲᠣᠬᠢᠶᠠᠯ ᠂ ᠰᠦᠩ ᠬᠠᠯᠢᠶ᠎ᠠ ᠶᠢᠨ ᠣᠷᠣᠨ ᠪᠠᠶᠢᠷᠢ ᠵᠢᠴᠢ ᠰᠦᠩ ᠬᠠᠯᠢᠶ᠎ᠠ ᠶᠢᠨ ᠤᠷᠤᠰᠬᠠᠯ ᠤᠨ ᠬᠡᠮᠵᠢᠶ᠎ᠡ ᠶᠢ ᠣᠨᠣᠪᠴᠢᠲᠠᠢ ᠤᠷᠢᠳᠴᠢᠯᠠᠨ ᠮᠡᠳᠡᠭᠡᠯᠡᠬᠦ ᠬᠡᠷᠡᠭᠲᠡᠢ ᠃ ᠲᠣᠭᠠᠴᠢᠯᠠᠭᠰᠠᠨ ᠢᠬᠡᠷ᠎ᠡ ᠤᠷᠤᠰᠬᠠᠯ ᠤᠨ ᠰᠠᠪᠠ ᠭᠠᠵᠠᠷ ᠂ ᠲᠣᠭᠠᠴᠢᠯᠠᠭᠰᠠᠨ ᠢᠬᠡᠷ᠎ᠡ ᠢᠨᠵᠧᠨᠧᠷᠢᠩ ᠢ ᠲᠡᠭᠦᠯᠳᠡᠷᠵᠢᠭᠦᠯᠵᠦ ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠤᠭᠯᠠᠬᠤ ᠪᠡᠯᠡᠳᠬᠡᠯ ᠲᠥᠰᠦᠯ ᠤᠨ ᠴᠢᠳᠠᠪᠬᠢ ᠶᠢ ᠴᠢᠩᠭᠠᠳᠬᠠᠵᠤ ᠂ ᠠᠶᠤᠯ ᠲᠦᠭᠰᠢᠭᠦᠷᠢ ᠶᠢᠨ ᠣᠷᠣᠨ ᠪᠦᠰᠡ ᠶᠢ ᠣᠨᠣᠪᠴᠢᠲᠠᠢ ᠢᠯᠭᠠᠨ ᠲᠣᠭᠲᠠᠭᠠᠬᠤ ᠪᠠ ᠵᠠᠭᠠᠭᠯᠠᠨ ᠲᠣᠭᠲᠠᠭᠠᠵᠤ ᠂ ᠰᠦᠩ ᠬᠠᠯᠢᠶ᠎ᠠ ᠶᠢ ᠰᠡᠷᠭᠡᠶᠢᠯᠡᠬᠦ ᠲᠥᠰᠦᠯ ᠢ ᠲᠠᠬᠢᠨ ᠳᠠᠷᠠᠭᠠᠯᠠᠨ ᠰᠢᠯᠢᠳᠡᠭᠵᠢᠭᠦᠯᠵᠦ ᠂ ᠰᠢᠢᠳᠪᠦᠷᠢᠲᠦ ᠪᠤᠳᠤᠯᠭ᠎ᠠ ᠶᠢᠨ ᠵᠢᠯᠤᠭᠤᠳᠤᠯᠭ᠎ᠠ ᠳᠤ ᠪᠠᠷᠠᠯᠠᠯᠲᠦ ᠴᠢᠨᠠᠷᠲᠠᠢ ᠂ ᠰᠢᠨᠵᠢᠯᠡᠬᠦ ᠤᠬᠠᠭᠠᠨᠴᠢ ᠴᠢᠨᠠᠷᠲᠠᠢ ᠂ ᠠᠮᠤᠷ ᠲᠦᠪᠰᠢᠨ ᠤ ᠴᠢᠨᠠᠷᠲᠠᠢ ᠳᠡᠮᠵᠢᠯᠭᠡ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ ᠃  ᠯᠢ ᠭᠦᠸᠧ ᠶᠢᠩ ᠂ ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠶᠡᠷᠦᠩᠬᠡᠢ ᠦᠢᠯᠡᠳᠦᠯ ᠢ ᠭᠦᠢᠴᠡᠳ ᠪᠠᠳᠠᠷᠠᠭᠤᠯᠵᠤ ᠂ ᠰᠠᠪᠠ ᠭᠠᠵᠠᠷ ᠢ ᠨᠢᠭᠡ ᠬᠥᠯᠭᠡ ᠰᠢᠳᠠᠷ᠎ᠠ ᠮᠡᠲᠦ ᠪᠠᠶᠢᠯᠭᠠᠬᠤ ᠶᠢ ᠪᠠᠷᠢᠮᠲᠠᠯᠠᠵᠤ ᠂ ᠳᠡᠭᠡᠳᠦ ᠳᠤᠤᠷᠠᠳᠤ ᠤᠷᠤᠰᠬᠠᠯ ᠂ ᠵᠡᠭᠦᠨ ᠪᠠᠷᠠᠭᠤᠨ ᠡᠷᠭᠢ ᠂ ᠭᠤᠣᠯ ᠰᠠᠯᠪᠤᠷᠢ ᠤᠷᠤᠰᠬᠠᠯ ᠢ ᠨᠢᠭᠡᠳᠦᠯᠲᠡᠢ ᠲᠥᠯᠥᠪᠵᠢᠭᠦᠯᠵᠦ ᠂ ᠰᠠᠪᠠ ᠭᠠᠵᠠᠷ ᠤᠨ ᠭᠤᠣᠯᠯᠠᠭᠴᠢ ᠤᠰᠤᠨ ᠠᠰᠢᠭᠯᠠᠯᠲᠠ ᠶᠢᠨ ᠢᠨᠵᠧᠨᠧᠷᠢᠩ ᠢ ᠨᠢᠭᠡᠳᠦᠯᠲᠡᠢ ᠲᠤᠬᠢᠷᠠᠭᠤᠯᠬᠤ ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠂ ᠤᠨᠢᠨ ᠳᠡᠭᠡᠷ᠎ᠡ ᠨᠢ ᠲᠤᠬᠢᠷᠠᠭᠤᠯᠬᠤ ᠶᠢ ᠴᠢᠩᠭᠠᠳᠬᠠᠬᠤ ᠬᠡᠷᠡᠭᠲᠡᠢ ᠃ ᠯᠢᠦ ᠵᠢᠶᠠ ᠰᠢᠶᠠ ᠂ ᠬᠠᠶᠢᠷᠤᠪ ᠤᠨ ᠲᠤᠬᠤᠢ ᠂ ᠰᠠᠨ ᠱᠧᠩ ᠬᠦᠩ ᠂ ᠸᠠᠨ ᠵᠢᠶᠠ ᠵᠠᠢ ᠵᠡᠷᠭᠡ ᠤᠰᠤᠨ ᠠᠰᠢᠭᠯᠠᠯᠲᠠ ᠶᠢᠨ ᠬᠦᠢᠰᠦ ᠶᠢᠨ ᠴᠢᠳᠠᠮᠵᠢ ᠂ ᠪᠠᠶᠢᠷᠢ ᠰᠠᠭᠤᠷᠢ ᠂ ᠦᠢᠯᠡᠳᠦᠯ ᠢ ᠣᠨᠣᠪᠴᠢᠲᠠᠢ ᠡᠵᠡᠮᠳᠡᠵᠦ ᠂ ᠢᠨᠵᠧᠨᠧᠷᠢᠩ ᠢ ᠬᠡᠷᠡᠭᠯᠡᠬᠦ ᠲᠡᠰ ᠳᠠᠷᠠᠭᠠᠯᠠᠯ ᠂ ᠴᠠᠭ ᠲᠣᠬᠢᠶᠠᠯ ᠂ ᠠᠷᠭ᠎ᠠ ᠬᠡᠯᠪᠡᠷᠢ ᠂ ᠬᠡᠪᠴᠢᠶ᠎ᠡ ᠶᠢ ᠣᠨᠣᠪᠴᠢᠲᠠᠢ ᠲᠣᠭᠲᠠᠭᠠᠵᠤ ᠂ ᠵᠠᠩᠭᠢᠯᠠᠭ᠎ᠠ ᠶᠢᠨ ᠴᠠᠭ ᠦᠶ᠎ᠡ ᠳᠤ ᠰᠠᠪᠠ ᠭᠠᠵᠠᠷ ᠤᠨ ᠡᠵᠡᠮᠳᠡᠯ ᠤᠨ ᠴᠢᠨᠠᠷᠲᠠᠢ ᠢᠨᠵᠧᠨᠧᠷᠢᠩ ᠤᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠃ ᠬᠤᠷᠢᠭ᠎ᠠ ᠱᠤᠭᠤᠮ ᠤᠨ ᠰᠡᠳᠬᠢᠬᠦᠢ ᠂ ᠲᠦᠢᠯ ᠤᠨ ᠶᠡᠭᠡ ᠰᠡᠳᠬᠢᠬᠦᠢ ᠪᠠᠨ ᠴᠢᠩᠭᠠᠳᠬᠠᠵᠤ ᠂ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ ᠂ ᠴᠠᠭ ᠲᠣᠬᠢᠶᠠᠯ ᠢ ᠡᠵᠡᠮᠳᠡᠵᠦ ᠂ ᠤᠷᠢᠳᠴᠢᠯᠠᠨ ᠪᠡᠯᠡᠳᠬᠡᠵᠦ ᠂ ︽ᠲᠦᠷᠪᠡᠨ ᠤᠷᠢᠳᠴᠢᠯᠠᠭᠰᠠᠨ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠭᠠᠷᠴᠤ ᠮᠡᠳᠡᠬᠦ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ ᠃  ᠯᠢ ᠭᠦᠸᠧ ᠶᠢᠩ ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠰᠢᠢᠳᠪᠦᠷᠢᠲᠦ ᠪᠤᠳᠤᠯᠭ᠎ᠠ ᠲᠣᠭᠲᠠᠭᠠᠵᠤ ᠳᠡᠮᠵᠢᠬᠦ ᠂ ᠲᠤᠬᠢᠷᠠᠭᠤᠯᠤᠨ ᠵᠢᠯᠣᠭᠤᠳᠬᠤ ᠲᠣᠭᠲᠠᠴᠠ ᠶᠢ ᠪᠦᠷᠢᠨᠰᠢᠬᠦᠯᠵᠦ ᠂ ᠰᠦᠩ ᠬᠠᠯᠢᠶ᠎ᠠ ᠦᠶᠡᠷ ᠤᠨ ᠭᠠᠮᠰᠢᠭ ᠪᠣᠯᠤᠨ ᠥᠪᠥᠷ ᠮᠣᠩᠭᠤᠯ ᠤᠨ ᠭᠤᠣᠯ ᠤᠨ ᠬᠡᠰᠡᠭ ᠤᠨ ᠭᠤᠣᠯ ᠤᠷᠤᠰᠬᠠᠯ ᠤᠨ ᠬᠤᠪᠢᠷᠠᠯᠲᠠ ᠤᠯᠠᠨ ᠬᠤᠪᠢᠷᠠᠬᠤ ᠣᠨᠴᠠᠯᠢᠭ ᠲᠤ ᠴᠢᠭᠯᠡᠭᠦᠯᠦᠨ ᠂ ᠠᠶᠤᠯ ᠠᠴᠠ ᠠᠪᠤᠷᠠᠬᠤ ᠬᠦᠴᠦᠨ ᠂ ᠮᠠᠲ᠋ᠧᠷᠢᠶᠠᠯ ᠪᠣᠳᠠᠰ ᠂ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠵᠤ ᠂ ᠬᠠᠷᠢᠭᠤᠴᠠᠯᠭ᠎ᠠ ᠶᠢᠨ ᠬᠡᠰᠡᠭ ᠂ ᠠᠵᠢᠯ ᠤᠨ ᠪᠠᠶᠢᠷᠢ ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠪᠠᠭᠤᠷᠠᠢ ᠬᠠᠰᠢᠯᠭ᠎ᠠ ᠶᠢᠨ ᠬᠡᠰᠡᠭ ᠂ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠂ ᠮᠦᠰᠦᠳᠦᠯᠭᠡ ᠶᠢᠨ ᠬᠠᠰᠢᠯᠭ᠎ᠠ ᠶᠢᠨ ᠭᠤᠣᠯ ᠤᠨ ᠬᠡᠰᠡᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ ᠂ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢ ᠠᠰᠢᠭᠯᠠᠨ 24 ᠴᠠᠭ ᠲᠠᠰᠤᠯᠳᠠᠭᠤᠯᠬᠤ ᠦᠭᠡᠢ ᠬᠢᠨᠠᠨ ᠬᠡᠮᠵᠢᠯᠲᠡ ᠶᠢ ᠥᠷᠨᠢᠭᠦᠯᠵᠦ ᠂ ᠠᠶᠤᠯ ᠲᠦᠭᠰᠢᠭᠦᠷᠢ ᠶᠢ ᠡᠷᠲᠡ ᠵᠢᠱᠢᠵᠦ ᠂ ᠡᠷᠲᠡ ᠢᠯᠡᠷᠡᠭᠦᠯᠵᠦ ᠂ ᠡᠷᠲᠡ ᠰᠢᠢᠳᠪᠦᠷᠢᠯᠡᠵᠦ ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃  ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠵᠤᠷᠭᠠᠨ ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠬᠤᠯᠪᠣᠭᠳᠠᠯ ᠪᠥᠬᠦᠶ ᠬᠤᠲᠠ ᠂ ᠰᠢᠶᠠᠨ ︵ᠲᠣᠭᠤᠷᠢᠭ︶ ᠤ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号