2 ᠳ᠋ᠤᠭᠠᠷ ᠰᠠᠷ᠎ᠠ ᠶᠢᠨ 18 ᠤ ᠡᠳᠦᠷ ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢ ᠯᠢᠶᠠᠩ | ᠱᠧᠩ ᠪᠡᠭᠡᠵᠢᠩ ᠳᠤ ᠳᠤᠮᠳᠠᠳᠤ ᠤᠯᠤᠰ ᠲᠤ ᠰᠠᠭᠤᠭ᠎ᠠ ᠳ᠋ᠧᠨ᠋ᠮᠠᠷᠺ ᠤᠨ ᠡᠯᠴᠢᠨ ᠰᠠᠶᠢᠳ ᠺᠦᠩ ᠮᠦᠸᠧ ᠺᠧ ᠲᠠᠢ | ᠠᠭᠤᠯᠵᠠᠵᠤ ᠂ ᠬᠤᠶᠠᠷ ᠲᠠᠯ᠎ᠠ ᠪᠠᠷ ᠢᠶᠠᠨ ᠳᠤᠮᠳᠠᠳᠤ ᠳ᠋ᠧᠨ᠋ᠮᠠᠷᠺ ᠤᠨ ᠤᠰᠤᠨ ᠠᠰᠢᠭᠯᠠᠯᠲᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ ᠃ | ᠯᠢ ᠯᠢᠶᠠᠩ ᠱᠧᠩ ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠶᠡᠷᠦᠩᠬᠡᠶ ᠱᠦᠵᠢ ᠰᠢ ᠶᠢᠨ | ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ ᠂ | ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠭᠦᠨᠵᠡᠭᠡᠶ | ᠦᠢᠯᠡᠳᠦᠯᠭᠡᠵᠢᠭᠦᠯᠵᠦ ᠂ ᠤᠰᠤᠨ ᠤ ᠭᠠᠮᠰᠢᠭ ᠂ ᠤᠰᠤᠨ ᠤ ᠡᠬᠢ ᠪᠠᠶᠠᠯᠢᠭ ᠂ ᠤᠰᠤᠨ ᠤ ᠠᠮᠢ ᠠᠬᠤᠶ ᠂ ᠤᠰᠤᠨ ᠤ | ᠣᠷᠴᠢᠨ ᠠᠬᠤᠶ ᠶᠢᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ ᠂ ᠤᠯᠤᠰ ᠤᠨ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ | ᠭᠠᠷᠭᠠᠵᠠᠢ ᠃ ᠲᠡᠷᠡ ᠂ 2010 ᠣᠨ ᠳᠤ ᠳᠤᠮᠳᠠᠳᠤ ᠳ᠋ᠧᠨ᠋ᠮᠠᠷᠺ ᠤᠨ ᠤᠰᠤᠨ ᠠᠰᠢᠭᠯᠠᠯᠲᠠ ᠶᠢᠨ ᠬᠠᠮᠵᠢᠯᠴᠠᠭᠠᠨ ᠤ | ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ ᠂ ᠳᠤᠮᠳᠠᠳᠤ ᠳ᠋ᠧᠨ᠋ᠮᠠᠷᠺ ᠬᠤᠶᠠᠷ ᠤᠯᠤᠰ ᠤᠨ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢᠮᠠᠭᠲᠠ ᠨᠢᠭᠲᠠ ᠂ ᠨᠥᠬᠦᠷᠰᠡᠭ ᠬᠠᠮᠲᠤᠷᠠᠯᠴᠠᠭᠠᠨ ᠤ | ᠬᠠᠷᠢᠯᠴᠠᠭ᠎ᠠ ᠪᠠᠨ ᠪᠠᠲᠤᠯᠠᠵᠤ ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠢᠶᠠᠷ ᠪᠠᠷᠠᠬᠤ ᠦᠭᠡᠢ ᠂ ᠳᠤᠮᠳᠠᠳᠤ | ᠧᠦ᠋ᠷᠣᠫᠠ ᠶᠢᠨ ᠤᠰᠤᠨ ᠠᠰᠢᠭᠯᠠᠯᠲᠠ ᠶᠢᠨ ᠬᠠᠮᠲᠤᠷᠠᠯᠴᠠᠭ᠎ᠠ ᠶᠢ ᠴᠤ ᠬᠦᠴᠦᠲᠡᠶ ᠠᠬᠢᠭᠤᠯᠤᠭᠰᠠᠨ ᠪᠠᠶᠢᠨ᠎ᠠ ᠃ | ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠳ᠋ᠧᠨ᠋ᠮᠠᠷᠺ ᠤᠨ ᠲᠠᠯ᠎ᠠ ᠲᠠᠢ ᠨᠦᠬᠦᠷᠰᠡᠭ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ ᠂ ᠭᠠᠵᠠᠷ ᠳᠣᠤᠷᠠᠬᠢ ᠤᠰᠤ ᠶᠢ ᠬᠠᠮᠠᠭᠠᠯᠠᠨ ᠠᠰᠢᠭᠯᠠᠬᠤ ᠬᠠᠮᠢᠶᠠᠷᠤᠯᠲᠠ ᠵᠡᠷᠭᠡ ᠳᠤ ᠬᠠᠮᠲᠤᠪᠠᠷ | ᠠᠩᠬᠠᠷᠤᠯ ᠲᠠᠯᠪᠢᠵᠤ ᠪᠠᠶᠢᠭ᠎ᠠ ᠬᠦᠷᠢᠶᠡᠨ ᠤ ᠲᠥᠷᠥ ᠶᠢᠨ ᠪᠣᠳᠣᠯᠭ᠎ᠠ ᠶᠢᠨ ᠶᠠᠷᠢᠯᠴᠠᠭ᠎ᠠ ᠂ ᠮᠡᠷᠭᠡᠵᠢᠯ ᠤᠨ ᠰᠣᠯᠢᠯᠴᠠᠭ᠎ᠠ | ᠪᠣᠯᠣᠨ ᠪᠤᠳᠠᠲᠠᠶ ᠬᠠᠮᠵᠢᠯᠴᠠᠭᠠᠨ ᠤ ᠬᠠᠮᠵᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠳ᠋ᠧᠨ᠋ᠮᠠᠷᠺ ᠤᠨ ᠪᠥᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠬᠠᠷᠢᠴᠠᠭ᠎ᠠ ᠶᠢ ᠠᠬᠢᠭᠤᠯᠬᠤ ᠳᠤ ᠤᠰᠤᠨ ᠠᠰᠢᠭᠯᠠᠯᠲᠠ ᠶᠢᠨ ᠬᠤᠪᠢ | ᠨᠡᠮᠡᠷᠢ ᠪᠠᠨ ᠦᠵᠡᠭᠦᠯᠦᠨ᠎ᠡ ᠃ ᠡᠭᠦᠨ ᠤ ᠬᠠᠮᠲᠤ ᠂ ᠳᠤᠮᠳᠠᠳᠤ ᠳ᠋ᠧᠨ᠋ᠮᠠᠷᠺ ᠬᠤᠶᠠᠷ ᠲᠠᠯ᠎ᠠ ᠪᠠᠷ ᠢᠶᠠᠨ ᠣᠯᠠᠨ ᠤᠯᠤᠰ ᠤᠨ | ᠤᠰᠤᠨ ᠤ ᠶᠠᠪᠤᠳᠠᠯ ᠤᠨ ᠠᠵᠢᠯᠯᠠᠭ᠎ᠠ ᠳᠤ ᠬᠠᠷᠢᠯᠴᠠᠨ ᠳᠡᠮᠵᠢᠯᠭᠡ ᠪᠠ ᠬᠠᠮᠵᠢᠯᠴᠠᠭ᠎ᠠ ᠪᠠᠨ ᠴᠢᠩᠭᠠᠳᠬᠠᠵᠤ ᠂ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ | ᠤᠰᠤᠨ ᠳᠤ ᠬᠤᠯᠪᠣᠭᠳᠠᠬᠤ ᠬᠠᠷᠠᠯᠲᠠ ᠶᠢ ᠪᠥᠬᠦ ᠪᠥᠮᠪᠥᠷᠴᠡᠭ ᠤᠨ ᠬᠡᠪᠴᠢᠶᠡᠨ ᠳᠤ ᠡᠷᠲᠡᠬᠡᠨ ᠪᠡᠶᠡᠯᠡᠭᠦᠯᠬᠦ ᠶᠢ | ᠳᠥᠯᠭᠢᠨ ᠠᠬᠢᠭᠤᠯᠬᠤ ᠶᠢᠨ ᠲᠥᠯᠥᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠺᠦᠩ ᠮᠦᠸᠧ ᠺᠧ ᠂ ᠳ᠋ᠧᠨ᠋ᠮᠠᠷᠺ ᠤᠨ ᠲᠠᠯ᠎ᠠ ᠶᠢᠨ ᠬᠢᠨ ᠤᠰᠤᠨ ᠠᠰᠢᠭᠯᠠᠯᠲᠠ ᠶᠢᠨ ᠳ᠋ᠧᠨ᠋ᠮᠠᠷᠺ ᠳᠤᠮᠳᠠᠳᠤ ᠶᠢᠨ | ᠪᠣᠬᠢᠷᠲᠤᠯ ᠦᠭᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠦᠵᠡᠭᠦᠯᠬᠦ ᠴᠢᠬᠤᠯᠠ ᠦᠢᠯᠡᠳᠦᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠂ ᠬᠤᠶᠠᠷ ᠲᠠᠯ᠎ᠠ ᠪᠠᠷ ᠢᠶᠠᠨ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠂ ᠳᠤᠮᠳᠠᠳᠤ | ᠧᠦ᠋ᠷᠣᠫᠠ ᠶᠢᠨ ᠤᠰᠤᠨ ᠤ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠵᠡᠷᠭᠡ ᠲᠠᠯ᠎ᠠ ᠪᠠᠷ ᠢᠳᠡᠪᠬᠢᠲᠡᠶ ᠂ | ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠮᠵᠢ ᠣᠯᠵᠤ ᠂ ᠬᠤᠶᠠᠷ ᠲᠠᠯ᠎ᠠ ᠪᠠᠷ ᠢᠶᠠᠨ | ᠲᠤᠷᠰᠢᠯᠭ᠎ᠠ ᠪᠠᠨ ᠬᠠᠮᠲᠤ ᠪᠠᠷ ᠡᠳ᠋ᠯᠡᠬᠦ ᠪᠠ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ | ᠤᠰᠤᠨ ᠠᠰᠢᠭᠯᠠᠯᠲᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ | ᠭᠡᠵᠦ ᠢᠯᠡᠳᠬᠡᠪᠡ ᠃ | ᠤᠰᠤᠨ ᠠᠰᠢᠭᠯᠠᠯᠲᠠ ᠶᠢᠨ ᠶᠠᠮᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠤᠷᠭᠠᠨ ᠂ ᠣᠯᠠᠨ | ᠤᠯᠤᠰ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ ᠃ | |