ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠡᠮᠦᠨ᠎ᠡ | ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠬᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ ᠂ ᠢᠮᠠᠭᠲᠠ | ᠪᠠᠷᠢᠮᠲᠠᠯᠠᠨ ᠨᠠᠶᠢᠳᠠᠪᠤᠷᠢᠵᠢᠭᠤᠯᠵᠤ ᠂ ᠬᠤᠪᠢᠷᠠᠭᠤᠯᠵᠤ ᠪᠤᠯᠬᠤ ᠦᠭᠡᠢ ᠂ ᠬᠤᠪᠢᠷᠠᠬᠤ ᠴᠤ ᠦᠭᠡᠢ ᠶᠤᠮ ᠃ ᠰᠢᠨ᠎ᠡ ᠴᠠᠭ | ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ | ᠰᠠᠷᠠᠭᠤᠯ ᠂ ᠶᠡᠭᠡ ᠡᠷᠡᠮᠡᠯᠵᠡᠯ ᠲᠠᠢ ᠪᠠᠶᠢᠵᠤ ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ ᠴᠢᠳᠠᠯ ᠢᠶᠠᠨ ᠶᠡᠭᠡ ᠪᠠᠷ ᠭᠠᠶᠢᠬᠠᠭᠤᠯᠬᠤ | ᠴᠠᠭ ᠪᠣᠯᠪᠠ ᠃ ᠦᠵᠡᠯ ᠰᠠᠨᠠᠭ᠎ᠠ ᠪᠠᠨ ᠨᠢᠭᠡᠳᠬᠡᠨ ᠂ ᠢᠲᠡᠭᠡᠯ ᠵᠣᠷᠢᠭ ᠢᠶᠠᠨ ᠪᠠᠲᠤᠳᠬᠠᠵᠤ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ | ᠬᠡᠷᠡᠭᠲᠡᠢ ᠃ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠡᠪᠦᠷᠯᠡᠨ ᠂ | ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ ᠂ ᠬᠠᠤᠯᠢ ᠶᠢ ᠵᠢᠷᠤᠮᠯᠠᠨ ᠴᠢᠳᠠᠮᠠᠭᠠᠢ ᠡᠵᠡᠩᠨᠡᠵᠦ ᠂ ᠤᠷᠢᠳ ᠢᠶᠠᠷ | ᠪᠠᠶᠠᠵᠢᠬᠤ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | | | | | 2 ᠰᠠᠷ᠎ᠠ ᠶᠢᠨ 17 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ | ᠬᠤᠷᠠᠯ ᠳᠤ ᠣᠷᠣᠯᠴᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ ᠶᠠᠷᠢᠯᠴᠠᠬᠤ ᠬᠤᠷᠠᠯ ᠢ ᠡᠷᠭᠢᠯᠡᠵᠠᠢ ᠃ | ᠶᠠᠷᠢᠯᠴᠠᠬᠤ ᠬᠤᠷᠠᠯ ᠳᠡᠭᠡᠷ᠎ᠡ ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ | ᠭᠦᠢᠴᠡᠳᠭᠡᠭᠴᠢ ᠲᠤᠰᠢᠶᠠᠯᠲᠠᠨ ᠷᠧᠨ ᠵᠧᠩ ᠹᠧᠢ ᠂ ᠪᠢ ᠶᠠ ᠳ᠋ᠢ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠸᠠᠩ ᠴᠤᠸᠠᠨ ᠹᠦ᠋ ᠂ ᠰᠢᠨ ᠰᠢ ᠸᠠᠩ ᠰᠲ᠋ᠣᠺ ᠡᠵᠡᠮᠰᠢᠯ ᠤᠨ ᠪᠦᠯᠦᠭᠯᠡᠯ ᠤᠨ ᠬᠢᠵᠠᠭᠠᠷᠲᠤ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠬᠤᠤ ᠂ ᠱᠠᠩᠬᠠᠢ ᠶᠢᠨ ᠸᠧᠢ ᠡᠯ ᠬᠠᠭᠠᠰ | ᠳᠠᠮᠵᠢᠭᠤᠯᠤᠭᠴᠢ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ | ᠷᠦᠩ ᠂ ᠬᠠᠩᠵᠧᠦ ᠶᠢᠨ ᠢᠦᠢ ᠱᠣ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ | ᠲᠡᠷᠢᠭᠦᠨ ᠭᠦᠢᠴᠡᠳᠭᠡᠭᠴᠢ ᠳᠠᠷᠤᠭ᠎ᠠ ᠸᠠᠩ ᠰᠢᠩ ᠰᠢᠩ ᠂ ᠰᠢᠶᠣᠣ ᠮᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠧᠢ ᠵᠢᠶᠦ᠋ᠨ ᠵᠡᠷᠭᠡ 6 ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ ᠂ ᠰᠢᠨ᠎ᠡ ᠪᠠᠶᠢᠳᠠᠯ | ᠳᠣᠣᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ | ᠳᠤᠷᠠᠳᠪᠠ ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ | ᠶᠠᠪᠤᠴᠠ ᠶᠢ ᠳᠠᠭᠠᠯᠳᠤᠨ ᠥᠷᠨᠢᠭᠦᠨ ᠬᠥᠭᠵᠢᠵᠦ ᠢᠷᠡᠭᠰᠡᠨ ᠶᠤᠮ ᠃ ᠬᠡᠳᠦᠨ ᠠᠷᠪᠠᠨ ᠵᠢᠯ ᠤᠨ ᠲᠤᠷᠰᠢ ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ ᠂ | ᠨᠠᠮ ᠪᠠ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠭᠯᠡᠯᠲᠡ ᠲᠦᠷᠦ ᠶᠢᠨ | ᠪᠣᠳᠣᠯᠭ᠎ᠠ ᠶᠢᠨ ᠲᠤᠬᠠᠢ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ | ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ | ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ | ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ ᠂ ᠳᠡᠮᠵᠢᠵᠦ ᠂ ᠬᠥᠲᠥᠯᠥᠨ ᠵᠢᠯᠣᠭᠤᠳᠤᠨ᠎ᠠ︔ ᠨᠠᠮ ᠪᠠ | ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ | ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ | ᠣᠷᠤᠯᠴᠠᠬᠤ ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ ᠂ ᠡᠯ᠎ᠡ | ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ ᠂ ᠬᠠᠮᠲᠤ ᠪᠠᠷ | ᠬᠥᠭᠵᠢᠬᠦ ᠶᠢ ᠠᠬᠢᠭᠤᠯᠵᠤ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ | ᠠᠬᠢᠭᠤᠯᠤᠨ᠎ᠠ ᠭᠡᠵᠦ ᠢᠯᠡᠳᠬᠡᠪᠡ ᠃ | ᠰᠢ ᠶᠢᠨ ᠫᠢᠩ ᠂ ᠤᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠨᠢᠭᠡᠨᠲᠡ | ᠨᠡᠯᠢᠶᠡᠳ ᠶᠡᠭᠡ ᠬᠡᠪᠴᠢᠶ᠎ᠡ ᠲᠠᠢ ᠪᠣᠯᠵᠤ ᠂ ᠮᠠᠰᠢ ᠬᠦᠨᠳᠦ ᠬᠤᠪᠢ ᠶᠢᠨ ᠵᠢᠩ ᠢ ᠡᠵᠡᠯᠡᠵᠦ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠢ | ᠪᠣᠯᠵᠠᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ | ᠬᠦᠴᠦᠨ ᠲᠠᠰᠤᠷᠠᠯᠲᠠ ᠦᠭᠡᠢ ᠳᠡᠭᠡᠭᠰᠢᠯᠡᠵᠦ ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ | ᠳᠡᠭᠡᠭᠰᠢᠯᠡᠵᠦ ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ ᠂ | ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ ᠂ | ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ ᠯᠤᠲᠤ ᠶᠡᠭᠡ ᠂ | ᠬᠡᠪ ᠴᠢᠨᠠᠷ ᠰᠢᠯᠢᠳᠡᠭ ᠰᠠᠶᠢᠨ ᠂ ᠠᠵᠤ ᠦᠢᠯᠡᠰ ᠤᠨ ᠰᠢᠰᠲ᠋ᠧᠮ ᠪᠣᠯᠣᠨ ᠰᠠᠭᠤᠷᠢ ᠲᠥᠬᠦᠭᠡᠷᠦᠮᠵᠢ ᠶᠢᠨ ᠰᠢᠰᠲ᠋ᠧᠮ | ᠢᠵᠢ ᠪᠦᠷᠢᠳᠦᠨ ᠲᠡᠭᠦᠯᠳᠡᠷᠵᠢᠵᠦ ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠲᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠮᠠᠰᠢ ᠣᠯᠠᠨ ᠰᠢᠨ᠎ᠡ ᠠᠵᠠ ᠲᠣᠭᠢᠶᠠᠯ ᠣᠯᠭᠤᠵᠤ ᠂ ᠨᠠᠩ ᠶᠡᠭᠡ ᠬᠥᠭᠵᠢᠯᠲᠡ ᠶᠢᠨ ᠣᠷᠣᠨ ᠵᠠᠢ | ᠬᠠᠩᠭᠠᠬᠤ ᠪᠣᠯᠣᠨ᠎ᠠ ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠨᠢ ᠤᠯᠠᠨ | ᠲᠠᠯ᠎ᠠ ᠶᠢᠨ ᠢᠯᠡᠳᠲᠡ ᠳᠠᠪᠠᠭᠤᠯᠢᠭ ᠲᠠᠢ ᠪᠠᠶᠢᠵᠤ ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ | ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ ᠪᠣᠯ ᠶᠡᠷᠦᠩᠬᠡᠢ ᠳᠡᠭᠡᠨ ᠥᠭᠡᠷᠡᠴᠢᠯᠡᠯᠲᠡ | ᠬᠥᠭᠵᠢᠯᠲᠡ ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ ᠂ | ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ ᠂ ᠲᠦᠷ ᠴᠠᠭ ᠤᠨ ᠪᠤᠯᠬᠤ ᠠᠴᠠ ᠪᠢᠰᠢ | ᠤᠷᠳᠤ ᠬᠤᠭᠤᠴᠠᠭᠠᠨ ᠤ ᠪᠢᠰᠢ ᠂ ᠢᠯᠠᠨ ᠳᠠᠪᠠᠵᠤ ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ | ᠶᠤᠮ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ ᠂ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠬᠦᠴᠢᠷᠳᠡᠯ | ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ | ᠬᠠᠷᠠᠨ ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ ᠂ | ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ ᠃ | ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠵᠦᠢᠯ ᠪᠣᠯᠭᠠᠨ ᠢ ᠡᠷᠡᠰ ᠬᠡᠷᠡᠭᠵᠢᠭᠦᠯᠬᠦ ᠬᠡᠷᠡᠭᠲᠡᠢ ᠂ ᠳᠤᠲᠠᠭᠤ | ᠲᠤᠷᠭᠤᠨ ᠬᠡᠷᠡᠭᠵᠢᠭᠦᠯᠵᠦ ᠪᠤᠯᠬᠤ ᠦᠭᠡᠢ ᠃ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ | ᠲᠡᠭᠰᠢ ᠪᠠᠷ ᠬᠡᠷᠡᠭᠯᠡᠬᠦ ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ | ᠬᠠᠷᠰᠢ ᠰᠠᠭᠠᠳ ᠢ ᠡᠷᠡᠰ ᠠᠷᠢᠯᠭᠠᠵᠤ ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ | ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ | ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ | ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ | ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ | ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠂ ᠳᠤᠷ᠎ᠠ ᠪᠠᠷ ᠢᠶᠠᠨ ᠵᠣᠭᠤᠰ ᠢᠶᠠᠷ | ᠲᠣᠷᠭᠠᠬᠤ ᠂ ᠳᠤᠷ᠎ᠠ ᠪᠠᠷ ᠢᠶᠠᠨ ᠪᠠᠶᠢᠴᠠᠭᠠᠬᠤ ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ | ᠵᠠᠰᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠃ | ᠡᠭᠦᠨ ᠤ ᠬᠠᠮᠲᠤ ᠮᠠᠨ ᠤ ᠤᠯᠤᠰ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠮᠥᠨ ᠪᠣᠯᠬᠤᠷ ᠡᠯ᠎ᠡ | ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ | ᠪᠠᠶᠢᠴᠠᠭᠠᠨ ᠰᠢᠢᠳᠪᠦᠷᠢᠯᠡᠬᠦ ᠠᠴᠠ ᠵᠠᠶᠢᠯᠠᠵᠤ ᠪᠤᠯᠬᠤ ᠦᠭᠡᠢ ᠃ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ | ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ ᠂ ᠠᠵᠤ | ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠬᠡᠷᠡᠭᠲᠡᠢ ᠃ ᠳᠣᠲᠣᠨᠣᠰᠤᠭ ᠪᠥᠭᠡᠳ ᠴᠢᠬᠡᠴᠢ ᠵᠠᠰᠠᠭ | ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠃ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ ᠂ ᠠᠵᠤ ᠠᠬᠤᠶᠢᠯᠠᠯ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯ ᠲᠡᠷᠢᠭᠦᠨ ᠪᠠᠶᠢᠷᠢ ᠳᠤ ᠪᠠᠶᠢᠭ᠎ᠠ ᠶᠤᠮ ᠃ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ | ᠦᠢᠯᠡᠰ ᠪᠣᠰᠬᠠᠬᠤ ᠪᠠ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ ᠂ | ᠬᠦᠰᠡᠯᠡᠩ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠭᠡᠷ ᠤᠨ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ ᠂ ᠪᠠᠶᠠᠵᠢᠭᠰᠠᠨ ᠴᠤ ᠤᠭ ᠦᠨᠳᠦᠰᠦ ᠪᠠᠨ ᠪᠤᠳᠤᠵᠤ ᠂ ᠪᠠᠶᠠᠵᠢᠭᠰᠠᠨ ᠴᠤ | ᠤᠷᠤᠭᠰᠢᠯᠠᠨ ᠲᠠᠪᠰᠢᠬᠤ ᠶᠢ ᠪᠤᠳᠤᠵᠤ ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠨᠢᠭᠡ | ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠵᠦ ᠰᠢᠯᠢᠳᠡᠭᠵᠢᠭᠦᠯᠵᠦ ᠰᠠᠶᠢᠲᠤᠷ ᠡᠵᠡᠩᠨᠡᠵᠦ ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠬᠢᠭᠤᠯᠤᠭᠴᠢ ᠪᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠵᠤ ᠂ ᠭᠤᠣᠯ ᠠᠵᠢᠯ ᠢᠶᠠᠨ ᠪᠠᠲᠤ ᠰᠠᠬᠢᠵᠤ ᠂ ᠠᠵᠤ ᠦᠢᠯᠡᠰ ᠢᠶᠠᠨ ᠬᠦᠴᠦᠷᠬᠡᠭᠵᠢᠭᠦᠯᠵᠦ ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠬᠥᠭᠵᠢᠯᠲᠡ ᠶᠢᠨ ᠠᠷᠭ᠎ᠠ ᠭᠡᠯᠪᠡᠷᠢ ᠪᠠᠨ | ᠬᠤᠪᠢᠷᠠᠭᠤᠯᠵᠤ ᠂ ᠠᠵᠤ ᠠᠬᠤᠶᠢᠯᠠᠯ ᠤᠨ ᠶᠠᠰᠤ ᠴᠢᠨᠠᠷ ᠂ ᠦᠷ᠎ᠡ ᠠᠰᠢᠭ ᠪᠣᠯᠣᠨ ᠭᠤᠣᠯᠯᠠᠭᠴᠢ ᠥᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ | ᠴᠢᠷᠮᠠᠶᠢᠬᠤ ᠬᠡᠷᠡᠭᠲᠡᠢ ᠃ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ ᠂ | ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ ᠂ | ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ ᠂ ᠭᠦᠳᠡᠯᠮᠦᠷᠢ ᠂ ᠴᠢᠳᠠᠪᠤᠷᠢᠲᠠᠨ ᠂ ᠮᠡᠳᠡᠯᠭᠡ ᠂ | ᠮᠡᠷᠭᠡᠵᠢᠯ ᠂ ᠬᠥᠷᠥᠩᠭᠡ ᠂ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠡᠷᠡᠭᠯᠡᠯᠲᠡ ᠂ ᠬᠠᠮᠢᠶᠠᠷᠤᠯᠲᠠ ᠂ | ᠬᠠᠮᠠᠭᠠᠯᠠᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ | ᠵᠠᠯᠭᠠᠮᠵᠢᠯᠠᠭᠴᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ ᠃ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ | ᠡᠵᠡᠩᠨᠡᠬᠦ ᠶᠢ ᠪᠠᠷᠢᠮᠲᠠᠯᠠᠵᠤ ᠂ ᠵᠥᠪ ᠦᠷᠳᠡᠭ ᠤᠨ ᠦᠵᠡᠯᠲᠡ ᠪᠣᠯᠣᠨ ᠶᠣᠰᠣ ᠰᠤᠷᠲᠠᠬᠤᠨ ᠤ ᠦᠵᠡᠯᠲᠡ ᠶᠢ ᠪᠤᠢ | ᠪᠤᠯᠭᠠᠵᠤ ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ ᠂ ᠡᠶ᠎ᠡ | ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠠᠶᠢᠲᠤᠷ ᠠᠳᠬᠤᠵᠤ ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ | ᠴᠢᠳᠠᠯ ᠤᠨ ᠬᠢᠷᠢ ᠪᠠᠷ ᠢᠶᠠᠨ ᠣᠷᠣᠯᠴᠠᠵᠤ ᠂ ᠨᠡᠶᠢᠭᠡᠮ ᠳᠤ ᠢᠯᠡᠭᠦᠬᠡᠨ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ ᠃ | ᠸᠠᠩ ᠬᠤ᠋ ᠨᠢᠩ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ | ᠨᠡᠮᠡᠷᠢ ᠶᠢ ᠭᠦᠢᠴᠡᠳ ᠨᠤᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠢ ᠵᠥᠪ ᠢᠶᠠᠷ ᠲᠠᠨᠢᠬᠤ ᠶᠢ ᠴᠢᠬᠤᠯᠠᠴᠢᠯᠠᠵᠤ ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠬᠥᠭᠵᠢᠯᠲᠡ ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ ᠃ ᠶᠠᠷᠢᠶᠠᠨ ᠤ | ᠤᠳᠬ᠎ᠠ ᠰᠠᠨᠠᠭ᠎ᠠ ᠠᠯᠤᠰ ᠭᠡᠲᠦ ᠶᠢᠨ ᠪᠠᠶᠢᠵᠤ ᠂ ᠦᠵᠡᠯ ᠰᠠᠨᠠᠭ᠎ᠠ ᠭᠦᠨ ᠭᠦᠨᠵᠡᠭᠡᠢ ᠂ ᠥᠭᠦᠯᠡᠯᠲᠡ ᠨᠠᠷᠢᠯᠢᠭ | ᠣᠨᠣᠴᠠᠲᠠᠢ ᠂ ᠠᠭᠤᠯᠤᠭᠳᠠᠬᠤᠨ ᠡᠯᠪᠡᠭ ᠪᠠᠶᠠᠯᠢᠭ ᠶᠤᠮ ᠂ ᠪᠢᠳᠡ ᠬᠢᠨᠠᠮᠠᠭᠠᠢ ᠰᠤᠷᠤᠯᠴᠠᠨ ᠣᠶᠢᠯᠠᠭᠠᠵᠤ ᠂ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ ᠂ | ᠪᠦᠭᠦ ᠲᠠᠯ᠎ᠠ ᠶᠢᠨ ᠤᠬᠠᠮᠰᠠᠷ ᠂ ᠰᠢᠰᠲ᠋ᠧᠮ ᠤᠨ ᠦᠵᠡᠯᠲᠡ ᠂ ᠬᠠᠤᠯᠢᠵᠢᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ ᠂ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠢᠯᠡᠳᠬᠡᠪᠡ ᠃ | ᠱᠢ ᠲᠠᠢ ᠹᠧᠩ ᠂ ᠯᠢ ᠱᠦ ᠯᠧᠢ ᠂ ᠾᠧ ᠯᠢ ᠹᠧᠩ ᠂ ᠦ᠋ ᠵᠧᠩ ᠯᠦᠩ ᠂ ᠮᠦ ᠬᠤᠩ ᠶᠠᠷᠢᠯᠴᠠᠬᠤ ᠬᠤᠷᠠᠯ ᠳᠤ | ᠣᠷᠣᠯᠴᠠᠪᠠ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ ᠃ |