2 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ | ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ | ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ ᠃ | | | | | | ᠸᠠᠩ ᠯᠢ ᠰᠢᠶᠠ ᠰᠤᠷᠭᠠᠭᠤᠯᠢ ᠶᠢᠨ ︽ᠬᠤᠣᠰ ᠲᠡᠷᠢᠭᠦᠨ ᠵᠡᠷᠭᠡ︾ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠮᠠᠰᠢ ᠬᠠᠯᠠᠮᠵᠢᠯᠠᠵᠤ ᠂ ᠡᠨᠧᠷᠭᠢ ᠶᠢᠨ ᠮᠠᠲ᠋ᠧᠷᠢᠶᠠᠯ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠰᠢᠨ᠎ᠡ | ᠭᠡᠯᠪᠡᠷᠢ ᠶᠢᠨ ᠡᠨᠧᠷᠭᠢ ᠨᠥᠭᠡᠴᠡᠯᠡᠬᠦ ᠳ᠋ᠢᠶᠠᠨ ᡂᠢ ᠶᠢᠨ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ ᠪᠣᠯᠣᠨ ᠬᠤᠪᠣᠷ | ᠰᠢᠷᠣᠢ ᠶᠢᠨ ᠮᠠᠲ᠋ᠧᠷᠢᠶᠠᠯ ᠤᠨ ᠰᠤᠳᠤᠯᠭᠠᠨ ᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ | ᠲᠠᠰᠤᠭ ᠲᠤ ᠬᠦᠷᠴᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠂ ᠲᠤᠰᠬᠠᠢ ᠮᠡᠷᠭᠡᠵᠢᠯᠲᠡᠨ ᠤ ᠪᠦᠯᠭᠦᠮ ᠤᠨ | ᠪᠠᠶᠢᠭᠤᠯᠤᠯᠲᠠ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠭᠰᠡᠨ | ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠨᠠᠩ ᠶᠡᠭᠡ ᠦᠢᠯᠡᠳᠦᠯ | ᠦᠵᠡᠭᠦᠯᠵᠦ ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠤᠯᠪᠤᠭᠠᠯᠠᠨ ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠭᠡᠲᠦ ᠳᠣᠣᠷ᠎ᠠ ᠳᠤᠯᠠᠭᠠᠨ ᠤ | ᠳ᠋ᠢᠶᠠᠨ ᡂᠢ ᠶᠢᠨ ᠰᠢᠯᠭᠠᠯᠲᠠ ᠶᠢᠨ ᠰᠢᠰᠲ᠋ᠧᠮ ᠵᠡᠷᠭᠡ ᠰᠢᠨ᠎ᠡ ᠮᠡᠷᠭᠡᠵᠢᠯ ᠢ ᠵᠠᠬ᠎ᠠ ᠳᠡᠯᠭᠡᠭᠦᠷᠴᠢᠯᠡᠨ ᠬᠡᠷᠡᠭᠯᠡᠬᠦ ᠶᠢ | ᠲᠦᠷᠭᠡᠳᠬᠡᠨ ᠠᠬᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠠᠷᠤᠢ ᠲᠦᠷᠭᠡᠨ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ ᠃ | | | | | | ᠳᠠᠷᠠᠭ᠎ᠠ ᠨᠢ ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ︽ᠬᠤᠣᠰ ᠲᠡᠷᠢᠭᠦᠨ | ᠵᠡᠷᠭᠡ︾ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠰᠣᠨᠣᠰᠴᠤ ᠂ ᠪᠠᠭᠰᠢ ᠶᠢᠨ ᠲᠥᠯᠥᠭᠡᠯᠡᠭᠴᠢ | ᠪᠣᠯᠣᠨ ᠬᠠᠮᠢᠶ᠎ᠠ ᠪᠦᠬᠦᠢ ᠰᠢᠨᠵᠢᠯᠡᠭᠡᠨ ᠤ ᠳᠠᠭᠠᠭᠤᠯᠤᠭᠴᠢ ᠲᠠᠢ ᠰᠠᠨᠠᠯ ᠢᠶᠠᠨ ᠨᠢᠭᠤᠷᠳᠠᠨ ᠰᠣᠯᠢᠯᠴᠠᠪᠠ ᠃ ᠲᠡᠷᠡ ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠨᠡᠭᠡᠭᠡᠯᠲᠡᠲᠤ | ᠰᠤᠷᠭᠠᠭᠤᠯᠢ ᠡᠷᠭᠢᠯᠡᠵᠦ ᠂ ᠥᠷᠢᠰᠦᠯᠳᠦᠭᠡᠨ ᠤ ᠳᠤᠮᠳᠠ ᠬᠥᠭᠵᠢᠵᠦ ᠂ ᠣᠨᠴᠠᠯᠢᠭ ᠢᠶᠠᠷ ᠢᠯᠡ ᠲᠣᠳᠣ ᠲᠡᠷᠢᠭᠦᠨ ᠤ | ᠶᠡᠭᠡ ᠰᠤᠷᠭᠠᠭᠤᠯᠢ ᠶᠢ ᠰᠠᠶᠢᠲᠤᠷ ᠡᠷᠭᠢᠯᠡᠭᠦ ᠬᠡᠷᠡᠭᠲᠡᠢ︾ ᠭᠡᠰᠡᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠂ ︽ᠶᠠᠮᠠᠷ ᠶᠠᠩᠵᠤ ᠶᠢᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ | ︾ ᠶᠢᠨ ᠲᠣᠭᠤᠷᠢᠨ ᠳᠤ ᠶᠡᠭᠡ ᠶᠠᠷᠢᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠤᠨ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠵᠢᠯ ᠪᠦᠷᠢ ᠶᠢᠨ ᠬᠠᠷᠠᠯᠲᠠ ᠠᠷᠭ᠎ᠠ ᠬᠡᠮᠵᠢᠶ᠎ᠡ ᠶᠢ | ᠲᠣᠭᠲᠠᠭᠠᠵᠤ ᠂ ᠣᠳᠣᠬᠢᠴᠢᠯᠠᠭᠰᠠᠨ ᠥᠨᠳᠥᠷ ᠲᠦᠪᠰᠢᠨ ᠪᠦᠬᠦᠢ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ | ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠃ ︽ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢ | ᠬᠡᠷᠬᠢᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ ᠨᠢᠮᠪᠠᠢ ᠤᠬᠠᠭᠠᠯᠠᠨ ᠲᠥᠯᠥᠪᠯᠡᠵᠦ ᠂ | ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠳᠠᠪᠠᠭᠤᠯᠢᠭ ᠢᠶᠠᠨ ᠳᠠᠪᠲᠠᠨ ᠪᠤᠯᠪᠠᠰᠤᠷᠠᠭᠤᠯᠬᠤ ᠂ ᠰᠢᠨ᠎ᠡ ᠪᠠᠷ | ᠮᠠᠨᠳᠤᠭᠰᠠᠨ ᠰᠢᠨᠵᠢᠯᠡᠭᠡᠨ ᠤ ᠰᠠᠯᠠᠭ᠎ᠠ ᠶᠢᠨ ᠬᠦᠴᠦᠯᠡᠨ ᠴᠢᠷᠮᠠᠶᠢᠵᠤ ᠬᠥᠭᠡᠭᠡᠨ ᠭᠦᠢᠴᠡᠬᠦ ᠶᠢ ᠠᠬᠢᠭᠤᠯᠵᠤ ᠂ | ᠠᠭᠤᠯᠤᠭᠳᠠᠬᠤᠨ ᠤ ᠭᠡᠯᠪᠡᠷᠢ ᠶᠢᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ ᠃ ︽ᠴᠢᠳᠠᠪᠤᠷᠢᠲᠠᠨ ᠢ ᠬᠡᠷᠬᠢᠨ ᠰᠠᠶᠢᠲᠤᠷ ᠣᠷᠣᠭᠤᠯᠤᠨ ᠠᠪᠴᠢᠷᠠᠵᠤ ᠬᠥᠮᠥᠵᠢᠭᠦᠯᠬᠦ︾ | ᠲᠠᠢ ᠨᠢᠭᠲᠠ ᠤᠶᠠᠯᠳᠤᠭᠤᠯᠵᠤ ᠪᠣᠳᠠᠲᠠᠢ ᠠᠷᠭ᠎ᠠ ᠬᠡᠮᠵᠢᠶ᠎ᠡ ᠶᠢ ᠣᠯᠠᠨ ᠠᠪᠴᠤ ᠂ ᠴᠢᠳᠠᠪᠤᠷᠢᠲᠠᠨ ᠤ ᠲᠤᠬᠠᠢ | ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ | ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠂ ᠴᠢᠳᠠᠪᠤᠷᠢᠲᠠᠨ ᠢ ᠰᠠᠶᠢᠲᠤᠷ ᠬᠠᠷᠠᠭᠠᠯᠵᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠦᠭᠦ ᠬᠦᠴᠦᠨ ᠢᠶᠠᠷ ᠢᠶᠠᠨ ᠪᠤᠶ ᠪᠤᠯᠭᠠᠵᠤ ᠂ ᠲᠡᠷᠢᠭᠦᠨ ᠤ ᠵᠢᠭᠠᠨ ᠰᠤᠷᠭᠠᠯᠲᠠ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠡᠢ ᠃ | | | | | | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠪᠠ ᠃ | |