ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2025/2/19
  ︽ᠡᠷᠬᠡ ᠲᠡᠭᠰᠢ ᠂ ᠲᠥᠪ ᠭᠤᠥᠯᠴᠢ ᠂ ᠢᠯᠡ ᠪᠠᠶᠢᠯᠭᠠᠬᠤ︾ ᠵᠠᠷᠴᠢᠮ ᠶᠣᠰᠣᠭᠠᠷ ᠂ ᠮᠠᠨ ᠤ ᠲᠥᠪ ᠣᠲᠣ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ 2025 ᠣᠨ ᠤ ᠤᠰᠤᠨ ᠤ ᠡᠬᠢ ᠪᠠᠶᠠᠯᠢᠭ ᠢ ᠦᠨᠡᠯᠡᠨ ᠵᠠᠳᠠᠯᠬᠤ ᠵᠢᠴᠢ ᠲᠣᠬᠢᠷᠠᠭᠤᠯᠤᠯᠲᠠ ᠪᠠᠷ ᠲᠤᠯᠭᠠᠭᠤᠷᠢᠯᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠵᠦ ᠪᠠᠶᠢᠨ᠎ᠠ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠬᠤᠲᠠ ᠶᠢᠨ ᠴᠠᠭᠠᠨᠨᠠᠭᠤᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠦᠨᠡᠯᠡᠨ ᠵᠢᠱᠢᠬᠦ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠵᠢᠴᠢ ᠤᠰᠤ ᠶᠢ ᠠᠷᠪᠢᠯᠠᠨ ᠬᠡᠷᠡᠭᠯᠡᠬᠦ ᠪᠣᠯᠪᠠᠰᠤᠷᠠᠯ ᠤᠨ ᠦᠢᠯᠡᠴᠢᠯᠡᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ ᠪᠠ ᠤᠰᠤ ᠲᠠᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠬᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ︽1987 ᠣᠨ ᠤ ᠤᠰᠤ ᠬᠠᠩᠭᠠᠬᠤ ᠬᠡᠮᠵᠢᠶ᠎ᠡ ᠶᠢ ᠬᠤᠪᠢᠶᠠᠷᠢᠯᠠᠬᠤ ᠲᠦᠰᠦᠯ︾ ᠤᠨ ᠲᠣᠬᠢᠷᠠᠭᠤᠯᠤᠨ ᠨᠡᠮᠡᠭᠳᠡᠭᠦᠯᠬᠦ ᠬᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠬᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ 2024 ᠣᠨ ᠤ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠳᠠᠪᠬᠤᠷᠭ᠎ᠠ ᠶᠢᠨ ᠤᠰᠤᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠬᠦᠢᠴᠡᠳᠬᠡᠯ ᠲᠤᠭ᠎ᠠ ᠶᠢᠨ ᠮᠡᠷᠭᠡᠵᠢᠯ ᠤᠨ ᠮᠡᠳᠡᠭᠦᠯᠦᠯᠲᠡ︾ ᠵᠡᠷᠭᠡ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠭᠠᠵᠠᠷ ᠤᠨ ᠤᠰᠤᠨ ᠤ ᠡᠬᠢ ᠪᠠᠶᠠᠯᠢᠭ ᠢ ᠵᠠᠳᠠᠯᠤᠨ ᠦᠨᠡᠯᠡᠬᠦ ᠵᠢᠴᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠠᠮᠢᠶ᠎ᠠ ᠪᠥᠬᠦᠶ ᠲᠥᠷᠥᠯ ᠵᠦᠢᠯ ᠃  2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠬᠥᠬᠡᠬᠤᠲᠠ ᠃  3. ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃  ᠬᠤᠶᠠᠷ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃  ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ ᠂ ᠬᠠᠭᠤᠯᠪᠤᠷᠢ ᠂ ᠬᠠᠷᠢᠯᠴᠠᠬᠤ ᠠᠷᠭ᠎ᠠ ᠬᠡᠯᠪᠡᠷᠢ ᠢᠶᠠᠨ ᠬᠠᠩᠭᠠᠨ᠎ᠠ ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠨ ᠭᠡᠷᠡᠴᠢᠯᠡᠨ᠎ᠡ ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ ᠃  4. ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ ᠬᠠᠩᠭᠠᠨ᠎ᠠ ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠭᠦᠢᠴᠡᠳᠭᠡᠬᠦ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠤᠷᠤᠭᠤᠯᠤᠭᠰᠠᠨ ᠤᠭᠲᠤᠯᠤᠭᠰᠠᠨ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠤᠭᠲᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠤᠨ ᠣᠭᠲᠤᠯᠤᠭᠰᠠᠨ ᠵᠢᠷᠤᠭ ᠦᠭᠡᠢ ᠃  ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠨᠢ 2025 ᠣᠨ ᠤ 2 ᠳ᠋ᠤᠭᠠᠷ ᠰᠠᠷ᠎ᠠ ᠶᠢᠨ 24 ᠤ ᠡᠳᠦᠷ ᠠᠴᠠ 2025 ᠣᠨ ᠤ 02 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 14᠄ 30 — 17᠄ 00  ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃  ᠲᠠᠪᠤ ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠡᠭᠡ ᠰᠤᠷᠭᠠᠭᠤᠯᠢ ᠶᠢᠨ ᠵᠡᠭᠦᠨ ᠵᠠᠮ ᠤᠨ 120 ᠳ᠋ᠤᠭᠠᠷ ᠠᠰᠠᠷ ᠤᠨ 303 ᠳ᠋ᠤᠭᠠᠷ ᠲᠠᠰᠤᠭ  ᠰᠢᠦᠳᠠᠨ ᠨᠣᠮᠧᠷ᠄ 010010  ᠬᠠᠷᠢᠯᠴᠠᠬᠤ ᠬᠥᠮᠦᠨ᠄ ᠹᠠᠨ ᠸᠧᠨ ᠵᠢᠶᠧ  ᠬᠠᠷᠢᠯᠴᠠᠬᠤ ᠤᠲᠠᠰᠤ᠄ 13474736740 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号