ᠪᠠᠶᠠᠨᠨᠠᠭᠤᠷ᠄ ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠦ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠶ᠎ᠡ
ᠨᠡᠶᠢᠲᠡᠯᠡᠭᠰᠡᠨ ᠴᠠᠭ᠄
2025/2/27
  ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩ ᠹᠠᠩ ᠲᠣᠰᠬᠤᠨ ᠤ 1.6 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠳᠤ ᠂ ᠣᠶᠤᠨᠴᠢ ᠤᠰᠤᠯᠠᠯᠲᠠ ᠶᠢᠨ ᠰᠢᠰᠲ᠋ᠧᠮ ᠤᠨ ᠨᠠᠷᠢᠯᠢᠭ ᠣᠨᠣᠴᠠᠲᠠᠶ ᠲᠣᠬᠢᠷᠠᠭᠤᠯᠤᠯ ᠡᠵᠡᠮᠳᠡᠯ ᠬᠢᠵᠦ ᠂ ᠰᠠᠭᠤᠷᠢ ᠲᠠᠷᠢᠮᠠᠯ ᠨᠢᠭᠡᠪᠦᠷᠢ ᠶᠢ ᠴᠥᠮ ᠶᠠᠪ ᠴᠠᠪ ᠤᠮᠳᠠᠯᠠᠬᠤ ᠪᠣᠯᠭᠠᠪᠠ ᠃ 
 用好用活水资源1.png
   ᠯᠢᠶᠠᠨ ᠪᠠᠩ ᠡᠮ ᠦᠢᠯᠡᠳᠬᠦ ᠥᠪᠥᠷ ᠮᠤᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠦᠢᠯᠡᠳᠪᠦᠷᠢ ᠶᠢᠨ ᠲᠠᠰᠤᠭ  ᠰᠤᠷᠪᠤᠯᠵᠢᠯᠠᠭᠴᠢ ᠬᠣ᠋ ᠳ᠋ᠦᠩ ᠢᠦᠢ/ ᠰᠡᠭᠦᠳᠡᠷᠯᠡᠪᠡ  ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠦᠢᠯᠡᠳᠪᠦᠷᠢ ᠶᠢᠨ ᠲᠠᠰᠤᠭ ᠲᠤ ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠰᠢᠰᠲ᠋ᠧᠮ ᠥᠨᠳᠥᠷ ᠪᠦᠲᠦᠮᠵᠢᠲᠡᠶ ᠪᠠᠷ ᠠᠵᠢᠯᠯᠠᠵᠤ ᠂ ᠤᠰᠤᠨ ᠤ ᠡᠬᠢ ᠪᠠᠶᠠᠯᠢᠭ ᠢ ᠭᠦᠢᠴᠡᠳ ᠠᠰᠢᠭᠯᠠᠪᠠ ᠃  ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠳᠤ ᠂ ᠲᠣᠰᠬᠤᠨ ᠤ ᠠᠷᠠᠳ ᠤᠰᠤ ᠠᠷᠪᠢᠯᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠤᠶᠤᠨᠲᠤ ᠤᠰᠤᠨ ᠤ ᠬᠡᠮᠵᠢᠭᠦᠷ ᠤᠭᠰᠠᠷᠠᠵᠤ ᠂ ᠤᠰᠤ ᠶᠢ ᠠᠷᠪᠢᠯᠠᠵᠤ ᠬᠡᠷᠡᠭᠯᠡᠬᠦ ᠠᠮᠢᠳᠤᠷᠠᠯ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠪᠠ ᠁  ᠣᠳᠣᠬᠠᠨ ᠳᠤ ᠂ ᠪᠠᠶᠠᠨᠨᠠᠭᠤᠷ ᠤᠨ ᠭᠠᠵᠠᠷ ᠪᠣᠯᠭᠠᠨ ᠳᠤ ᠤᠰᠤ ᠠᠷᠪᠢᠯᠠᠬᠤ ᠤᠶᠤᠨ ᠤᠬᠠᠭᠠᠨ ᠣᠷᠭᠢᠯᠵᠤ ᠪᠠᠶᠢᠨ᠎ᠠ ᠃  ᠤᠰᠤᠨ ᠤ ᠡᠬᠢ ᠪᠠᠶᠠᠯᠢᠭ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠠᠮᠢᠨ ᠰᠤᠳᠠᠰᠤ ᠪᠣᠯᠬᠤ ᠪᠥᠭᠡᠳ ᠪᠠᠰᠠ ᠴᠤ ᠠᠮᠢ ᠠᠬᠤᠶ ᠶᠢᠨ ᠰᠠᠭᠤᠷᠢ ᠲᠤᠯᠭᠠᠭᠤᠷᠢᠯᠠᠯ ᠪᠣᠯᠤᠨ ᠬᠠᠮᠠᠭᠠᠯᠠᠯᠲᠠ ᠶᠢᠨ ᠭᠤᠤᠯᠳᠠᠯᠭ᠎ᠠ ᠪᠣᠯᠤᠨ᠎ᠠ ᠃ ᠡᠨᠡ ᠵᠢᠯ ᠂ ᠪᠠᠶᠠᠨᠨᠠᠭᠤᠷ ᠬᠤᠲᠠ ᠤᠰᠤ ᠠᠷᠪᠢᠯᠠᠬᠤ ᠶᠢ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠠᠵᠢᠯ ᠪᠣᠯᠭᠠᠵᠤ ᠂ ᠤᠰᠤ ᠠᠷᠪᠢᠯᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠᠨ ᠴᠢᠩᠭᠠᠳᠬᠠᠵᠤ ᠂ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠨᠠᠶᠢᠳᠠᠪᠤᠷᠢᠵᠢᠭᠤᠯᠵᠤ ᠂ ᠬᠠᠮᠤᠭ ᠤᠨ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠂ ᠨᠡᠩ ᠴᠢᠩᠭ᠎ᠠ ᠬᠠᠮᠢᠶᠠᠷᠤᠯᠲᠠ ᠶᠢᠨ ᠳᠦᠷᠢᠮ ᠢᠶᠠᠷ ᠰᠢᠰᠲ᠋ᠧᠮ ᠲᠠᠢ ᠂ ᠬᠦᠨ ᠬᠡᠮᠵᠢᠶᠡᠨ ᠤ ᠶᠡᠷᠦᠩᠬᠡᠶᠢᠯᠡᠭᠰᠡᠨ ᠤᠰᠤ ᠠᠷᠪᠢᠯᠠᠬᠤ ᠶᠢ ᠠᠬᠢᠭᠤᠯᠵᠤ ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠪᠠ ᠃   ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ ᠤᠰᠤ ᠠᠷᠪᠢᠯᠠᠬᠤ ᠴᠢᠳᠠᠪᠤᠷᠢ ᠶᠢ 0.79 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ  ᠣᠶᠢᠷ᠎ᠠ ᠳᠤ ᠂ ᠱᠠᠮᠪᠠ ᠪᠠᠯᠭᠠᠰᠤᠨ ᠤ ᠵᠠᠩ ᠹᠠᠩ ᠲᠣᠰᠬᠤᠨ ᠤ 1.6 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠳᠤ ᠂ ᠥᠪᠥᠷ ᠮᠣᠩᠭᠤᠯ ᠤᠨ ᠳ᠋ᠠ ᠪᠥᠸᠧ ᠶᠢᠨ ᠲᠢᠶᠠᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠠᠵᠢᠯᠲᠠᠳ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠵᠤ ᠪᠠᠶᠢᠴᠠᠭᠠᠨ ᠵᠠᠰᠠᠵᠤ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠳᠤ ᠬᠦᠴᠦᠨ ᠨᠡᠮᠡᠷᠢᠯᠡᠪᠡ ᠃ ︽ᠡᠨᠡ ᠬᠦ ᠬᠤᠭᠤᠴᠠᠭᠠᠨ ᠳᠤ ᠂ ᠺᠣᠮᠫᠠᠨᠢ ᠠᠴᠠ ᠣᠳᠣᠬᠠᠨ ᠳᠤ ᠬᠡᠷᠡᠭᠯᠡᠵᠦ ᠪᠠᠶᠢᠭ᠎ᠠ ᠰᠢᠯᠵᠢᠭᠦᠯᠵᠦ ᠪᠣᠯᠬᠤ ᠮᠠᠶ᠋ᠢᠭ ᠤᠨ ᠬᠠᠲᠤᠨ ᠭᠤᠣᠯ ᠤᠨ ᠤᠰᠤ ᠶᠢ ᠰᠢᠭᠤᠳ ᠱᠦᠭᠦᠬᠦ ᠪᠠ ᠰᠢᠢᠳᠪᠦᠷᠢᠯᠡᠬᠦ ᠪᠠᠷ ᠳᠠᠮᠵᠢᠨ ᠂ ᠳᠤᠰᠤᠯᠭᠠᠨ ᠤᠰᠤᠯᠠᠬᠤ ᠮᠡᠷᠭᠡᠵᠢᠯ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠂ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠡᠢ ᠃ ᠲᠣᠰ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠹᠸᠢ ᠬᠡᠯᠡᠬᠦ ᠳᠤ ᠪᠠᠨ ᠂ ︽ᠮᠠᠨ ᠤ ᠬᠤᠶᠠᠳᠤᠭᠠᠷ ᠦᠶ᠎ᠡ ᠶᠢᠨ ᠰᠢᠯᠵᠢᠭᠦᠯᠵᠦ ᠪᠣᠯᠬᠤ ᠮᠠᠶ᠋ᠢᠭ ᠤᠨ ᠬᠠᠲᠤᠨ ᠭᠤᠤᠯ ᠤᠨ ᠤᠰᠤ ᠶᠢ ᠰᠢᠭᠤᠳ ᠱᠦᠭᠦᠬᠦ ᠪᠠ ᠰᠢᠢᠳᠪᠦᠷᠢᠯᠡᠬᠦ ᠪᠠᠷ ᠳᠠᠮᠵᠢᠨ ᠂ ᠳᠤᠰᠤᠯᠭᠠᠨ ᠤᠰᠤᠯᠠᠬᠤ ᠮᠡᠷᠭᠡᠵᠢᠯ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ ᠶᠢᠨ ᠲᠥᠬᠦᠭᠡᠷᠦᠮᠵᠢ ᠶᠢ ᠬᠦᠭᠡᠷᠭᠡ ᠶᠢᠨ ᠡᠮᠦᠨᠡᠬᠢ ᠲᠤᠤᠷᠯᠢᠭ ᠮᠠᠶ᠋ᠢᠭ ᠤᠨ ᠤᠰᠤ ᠲᠠᠲᠠᠬᠤ ᠱᠦᠭᠦᠭᠦᠷ ᠢᠶᠠᠷ ᠳᠠᠮᠵᠢᠭᠤᠯᠤᠨ ᠂ ᠤᠰᠤᠨ ᠳᠣᠲᠣᠷᠠᠬᠢ ᠰᠢᠪᠡᠷ ᠡᠯᠡᠰᠦ ᠪᠣᠯᠤᠨ ᠬᠥᠪᠦᠮᠡᠯ ᠪᠣᠳᠠᠰ ᠢ ᠪᠦᠲᠦᠮᠵᠢᠲᠡᠶ ᠠᠷᠢᠯᠭᠠᠵᠤ ᠂ ᠳᠠᠷᠠᠭ᠎ᠠ ᠨᠢ ᠬᠥᠭᠡᠷᠭᠡ ᠶᠢᠨ ᠳᠠᠷᠠᠭᠠᠬᠢ ᠵᠢᠭᠤᠲᠠᠩᠭᠤᠶ ᠱᠦᠭᠦᠯᠲᠡ ᠪᠠ ᠲᠤᠤᠷᠯᠢᠭ ᠱᠦᠭᠦᠯᠲᠡ ᠶᠢ ᠪᠡᠶᠡᠯᠡᠭᠦᠯᠵᠦ ᠂ 3 ᠤᠳᠠᠭ᠎ᠠ ᠤᠰᠤᠨ ᠤ ᠴᠢᠨᠠᠷ ᠢ ᠳᠤᠰᠤᠯᠭᠠᠨ ᠤᠰᠤᠯᠠᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠵᠤ ᠂ ᠲᠠᠷᠢᠶᠠᠨ ᠭᠠᠵᠠᠷ ᠲᠤ ᠳᠠᠬᠢᠨ ᠬᠦᠷᠭᠡᠨ᠎ᠡ ᠭᠡᠵᠡᠶ ᠃ ᠣᠳᠣᠬᠠᠨ ᠳᠤ ᠂ ᠮᠠᠨ ᠤ ᠲᠥᠬᠦᠭᠡᠷᠦᠮᠵᠢ ᠶᠢ ᠨᠢᠭᠡᠨᠲᠡ ᠪᠥᠬᠦ ᠬᠤᠲᠠ ᠶᠢᠨ ᠣᠯᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ ᠳᠡᠯᠭᠡᠷᠡᠭᠦᠯᠵᠦ ᠂ ᠬᠡᠷᠡᠭᠯᠡᠭᠰᠡᠨ ᠲᠤᠭ᠎ᠠ ᠬᠡᠮᠵᠢᠶ᠎ᠡ ᠨᠢ 3000 ᠰᠠᠭᠤᠷᠢ ᠶᠢ ᠳᠠᠪᠠᠵᠤ ᠂ ᠤᠰᠤ ᠠᠷᠪᠢᠯᠠᠬᠤ ᠂ ᠪᠣᠷᠲᠣᠭᠤᠷ ᠠᠷᠪᠢᠯᠠᠬᠤ ᠂ ᠡᠮ ᠠᠷᠪᠢᠯᠠᠬᠤ ᠶᠢ 30%᠎ ᠪᠠᠷ ᠪᠡᠶᠡᠯᠡᠭᠦᠯᠵᠦ ᠂ ᠴᠠᠭ ᠠᠷᠪᠢᠯᠠᠵᠤ ᠬᠦᠴᠦ ᠠᠷᠪᠢᠯᠠᠬᠤ ᠶᠢ 50%᠎ ᠪᠠᠷ ᠪᠡᠶᠡᠯᠡᠭᠦᠯᠪᠡ ᠃  
   ᠱᠠᠮᠪᠠ ᠪᠠᠯᠭᠠᠰᠤᠨ ᠤ ᠵᠠᠩ ᠹᠠᠩ ᠲᠣᠰᠬᠤᠨ ᠤ 1.6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠥᠨᠳᠥᠷ ᠪᠦᠲᠦᠮᠵᠢᠲᠡᠢ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ  ᠰᠤᠷᠪᠤᠯᠵᠢᠯᠠᠭᠴᠢ ᠵᠠᠩ ᠢᠦᠢ ᠴᠤᠤ/ ᠰᠡᠭᠦᠳᠡᠷᠯᠡᠪᠡ  ᠤᠰᠤ ᠠᠷᠪᠢᠯᠠᠬᠤ ᠲᠥᠬᠦᠭᠡᠷᠦᠮᠵᠢ ᠶᠢ ᠲᠠᠷᠢᠶᠠᠨ ᠭᠠᠵᠠᠷ ᠲᠤ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ ᠂ ᠳᠤᠰᠤᠯ ᠤᠰᠤ ᠪᠣᠯᠭᠠᠨ ᠢ ᠬᠠᠮᠤᠭ ᠤᠨ ᠶᠡᠭᠡ ᠦᠢᠯᠡᠳᠦᠯ ᠦᠵᠡᠭᠦᠯᠵᠠᠢ ᠃ ᠡᠭᠦᠨ ᠤ ᠬᠠᠮᠲᠤ ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ᠲᠠᠷᠢᠶᠠᠨ ᠭᠠᠵᠠᠷ ᠲᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠂ ᠲᠠᠷᠢᠶᠠᠴᠢᠳ ᠤᠨ ᠤᠰᠤ ᠠᠷᠪᠢᠯᠠᠬᠤ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠶ ᠦᠷ᠎ᠡ ᠪᠦᠲᠦᠮᠵᠢ ᠶᠢ ᠤᠶᠢᠯᠠᠭᠠᠨ ᠂ ᠠᠩᠬᠠᠨ ᠤ ᠮᠠᠲ᠋ᠧᠷᠢᠶᠠᠯ ᠢ ᠴᠤᠭᠯᠠᠭᠤᠯᠵᠤ ᠂ ᠲᠠᠷᠠᠭᠠᠴᠢ ᠶᠢᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠪᠠ ᠲᠥᠷᠥ ᠶᠢᠨ ᠪᠣᠳᠣᠯᠭ᠎ᠠ ᠲᠣᠭᠲᠠᠭᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠃ ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ ᠳᠡᠯᠭᠡᠷᠡᠭᠦᠯᠦᠭᠴᠢ ᠯᠢ ᠵᠢᠶᠧ ᠬᠡᠯᠡᠬᠦ ᠳᠤ ᠪᠠᠨ᠄ ︽ᠡᠨᠡ ᠵᠢᠯ ᠂ ᠪᠢᠳᠡ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 12.5 ᠲᠦᠮᠡᠨ ᠮᠥ ᠰᠢᠨ᠎ᠡ ᠪᠠᠷ ᠨᠡᠮᠡᠭᠳᠡᠭᠦᠯᠵᠦ ᠂ ᠰᠢᠭᠤᠳ ᠲᠠᠲᠠᠬᠤ ᠮᠠᠶ᠋ᠢᠭ ᠤᠨ ᠂ ᠳᠣᠭᠢᠷᠠᠭᠤᠯᠤᠨ ᠬᠠᠳᠠᠭᠠᠯᠠᠬᠤ ᠮᠠᠶ᠋ᠢᠭ ᠤᠨ ᠂ ᠰᠢᠯᠵᠢᠮᠡᠯ ᠬᠡᠯᠪᠡᠷᠢ ᠮᠠᠶ᠋ᠢᠭ ᠤᠨ ᠪᠠ ᠲᠥᠬᠦᠮ ᠮᠠᠶ᠋ᠢᠭ ᠤᠨ 4 ᠵᠦᠢᠯ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠬᠦᠭᠡᠷᠦᠮᠵᠢ ᠶᠢ ᠦᠷᠭᠦᠯᠵᠢᠯᠡᠨ ᠶᠡᠭᠡ ᠪᠠᠷ ᠳᠡᠯᠭᠡᠷᠡᠭᠦᠯᠵᠦ ᠂ ᠤᠰᠤ ᠠᠷᠪᠢᠯᠠᠬᠤ ᠮᠡᠷᠭᠡᠵᠢᠯ ᠤᠨ ᠲᠥᠷᠥᠯ ᠵᠦᠢᠯ ᠢ ᠢᠳᠡᠪᠬᠢᠲᠡᠶ ᠳᠡᠯᠭᠡᠷᠡᠭᠦᠯᠦᠨ ᠂ ᠤᠰᠤ ᠠᠷᠪᠢᠯᠠᠬᠤ ᠠᠷᠭ᠎ᠠ ᠬᠡᠮᠵᠢᠶ᠎ᠡ ᠨᠢᠭᠡᠪᠦᠷᠢ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ︾ ᠭᠡᠵᠡᠶ ᠃   ᠲᠠᠷᠢᠶᠠᠯᠠᠩ ᠤᠨ ᠲᠣᠮᠣ ᠬᠤᠲᠠ ᠪᠣᠯᠤᠭᠰᠠᠨ ᠤ ᠬᠤᠪᠢ ᠳᠤ ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ  ᠡᠨᠡ ᠵᠢᠯ ᠂ ᠪᠠᠶᠠᠨᠨᠠᠭᠤᠷ ᠬᠤᠲᠠ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠭᠦᠨ ᠮᠠᠯᠲᠠᠵᠤ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠂ ᠤᠰᠤᠨ ᠤ ᠡᠬᠢ ᠪᠠᠶᠠᠯᠢᠭ ᠢ ᠪᠣᠬᠢᠷᠲᠤᠯ ᠥᠬᠡᠢ ᠥᠨᠳᠥᠷ ᠪᠦᠲᠦᠮᠵᠢᠲᠡᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠢᠨᠵᠧᠨᠧᠷᠢᠩ ᠤᠨ ᠤᠰᠤ ᠠᠷᠪᠢᠯᠠᠬᠤ ᠲᠠᠯ᠎ᠠ ᠪᠠᠷ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠠᠢ ᠨᠡᠪᠲᠡᠷᠡᠯᠴᠡᠨ ᠵᠣᠯᠭᠠᠭᠤᠯᠵᠤ ᠂ 160 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠴᠢᠷᠮᠠᠶᠢᠨ᠎ᠠ︔ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠲᠠᠯ᠎ᠠ ᠪᠠᠷ ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠢ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ︔ ᠲᠥᠷᠥᠯ ᠵᠦᠢᠯ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠪᠣᠷᠳᠣᠭᠤᠷ ᠤᠨ ᠳᠣᠣᠷ᠎ᠠ ᠦᠷ᠎ᠡ ᠠᠰᠢᠭᠲᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ ᠂ ᠣᠷᠣᠨ ᠪᠦᠰᠡᠴᠢᠯᠡᠭᠰᠡᠨ ᠂ ᠰᠤᠪᠠᠭᠵᠢᠭᠤᠯᠤᠨ ᠲᠥᠪᠯᠡᠷᠡᠭᠦᠯᠦᠨ ᠵᠠᠯᠭᠠᠯᠳᠤᠭᠤᠯᠤᠨ ᠲᠠᠷᠢᠬᠤ ᠶᠢ ᠶᠡᠬᠡᠪᠡᠷ ᠳᠡᠯᠭᠡᠷᠡᠭᠦᠯᠵᠦ ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠨ᠎ᠡ ᠃ ᠵᠢᠱᠢᠯᠲᠡ ᠪᠠᠷ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 0.79 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠪᠣᠯᠤᠨ᠎ᠠ ᠃   ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠂ ᠬᠠᠶᠠᠭᠳᠠᠮᠠᠯ ᠤᠰᠤ ᠶᠢ ᠪᠣᠬᠢᠷᠲᠤᠯ ᠦᠭᠡᠢ ᠬᠥᠭᠵᠢᠭᠦᠯᠬᠦ ︽ᠠᠮᠢᠳᠤ ᠤᠰᠤ︾ ᠪᠣᠯᠭᠠᠨ᠎ᠠ  ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ 1.7 ᠲᠦᠮᠡᠨ ᠲᠣᠨ ᠲᠡᠭ ᠭᠠᠳᠠᠭᠰᠢᠯᠠᠭᠤᠯᠬᠤ ᠳᠤᠮᠳᠠ ᠤᠰᠤ ᠶᠢ ᠡᠭᠡᠭᠦᠯᠦᠨ ᠬᠡᠷᠡᠭᠯᠡᠬᠦ ᠦᠢᠯᠡᠳᠪᠦᠷᠢ ᠶᠢᠨ ᠲᠠᠰᠤᠭ ᠲᠤ ᠂ ᠮᠠᠰᠢᠨ ᠬᠦᠩᠭᠢᠨᠡᠵᠦ ᠂ ᠤᠰᠤ ᠳᠠᠮᠵᠢᠭᠤᠯᠬᠤ ᠬᠤᠭᠤᠯᠠᠶ ᠪᠠᠷ ᠳᠠᠮᠵᠢᠨ ᠂ ᠲᠠᠰᠤᠷᠠᠯᠲᠠ ᠥᠬᠡᠶ ᠴᠢᠨᠠᠷ ᠰᠠᠶᠢᠲᠠᠶ ᠳᠤᠮᠳᠠ ᠤᠰᠤ ᠨᠢ ᠶᠠᠭ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ︽ᠳᠠᠷᠤᠭᠠᠰᠤ ᠶᠢ ᠬᠦᠩᠭᠡᠷᠡᠭᠦᠯᠬᠦ︾ ᠪᠤᠯᠤᠨ᠎ᠠ ᠃ ᠡᠳᠡᠭᠡᠷ ᠰᠢᠢᠳᠪᠦᠷᠢᠯᠡᠬᠦ ᠨᠢ ᠵᠣᠬᠢᠴᠠᠩᠭᠤᠶ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠳᠤᠮᠳᠠ ᠤᠰᠤ ᠨᠢ ᠠᠵᠤ ᠠᠬᠤᠶᠢᠯᠠᠯ ᠤᠨ ︽ᠬᠤᠶᠠᠳᠤᠭᠠᠷ ᠤᠰᠤᠨ ᠤ ᠰᠤᠷᠪᠤᠯᠵᠢ︾ ᠪᠣᠯᠤᠭᠰᠠᠨ ᠪᠠᠶᠢᠨ᠎ᠠ ᠃
用好用活水资源4.png
 
 用好用活水资源5.png
   ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠦᠢᠯᠡᠳᠪᠦᠷᠢ ᠶᠢᠨ ᠲᠠᠰᠤᠭ ᠰᠤᠷᠪᠤᠯᠵᠢᠯᠠᠭᠴᠢ ᠬᠤ᠋ ᠳ᠋ᠦᠩ ᠢᠦᠢ/ ᠰᠡᠭᠦᠳᠡᠷᠯᠡᠪᠡ  ᠳᠤᠮᠳᠠ ᠤᠰᠤ ᠶᠢ ᠡᠭᠡᠭᠦᠯᠦᠨ ᠬᠡᠷᠡᠭᠯᠡᠬᠦ ᠨᠢ ᠤᠰᠤᠨ ᠤ ᠡᠬᠢ ᠪᠠᠶᠠᠯᠢᠭ ᠢ ᠠᠷᠪᠢᠯᠠᠵᠤ ᠂ ᠬᠤᠲᠠ ᠶᠢᠨ ᠤᠰᠤ ᠬᠠᠩᠭᠠᠬᠤ ᠳᠠᠷᠤᠯᠲᠠ ᠶᠢ ᠬᠥᠩᠭᠡᠷᠡᠭᠦᠯᠵᠦ ᠪᠣᠯᠤᠨ᠎ᠠ ᠂ ᠡᠨᠡ ᠪᠣᠯ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠪᠦᠲᠦᠮᠵᠢᠲᠡᠢ ᠠᠷᠭ᠎ᠠ ᠵᠠᠮ ᠤᠨ ᠨᠢᠭᠡ ᠪᠣᠯᠤᠨ᠎ᠠ ᠃ ︽ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠢᠯ ᠨᠢ ᠲᠣᠰ ᠪᠡᠶ᠎ᠡ ᠶᠢᠨ ᠤᠰᠤ ᠲᠠᠲᠠᠷᠠᠭᠤᠯᠬᠤ ᠤᠰᠤᠨ ᠤ ᠴᠢᠨᠠᠷ ᠤᠨ ᠣᠨᠴᠠᠯᠢᠭ ᠢᠶᠠᠨ ᠦᠨᠳᠦᠰᠦᠯᠡᠨ ᠂ ᠬᠠᠮᠤᠭ ᠤᠨ ᠵᠦᠶ ᠵᠣᠬᠢᠰᠲᠠᠶ ᠂ ᠬᠠᠮᠤᠭ ᠤᠨ ᠣᠷᠴᠢᠨ ᠠᠬᠤᠶ ᠶᠢᠨ ᠬᠠᠮᠠᠭᠠᠯᠠᠯᠲᠠ ᠂ ᠬᠠᠮᠤᠭ ᠤᠨ ᠠᠮᠤᠷ ᠲᠦᠪᠰᠢᠨ ᠂ ᠬᠠᠮᠤᠭ ᠤᠨ ᠨᠠᠶᠢᠳᠠᠪᠤᠷᠢᠲᠠᠶ ᠭᠠᠷ ᠤᠷᠠᠯᠠᠯ ᠤᠨ ᠱᠤᠭᠤᠮ ᠢᠶᠠᠷ ᠲᠥᠷᠥᠯ ᠬᠤᠪᠢᠶᠠᠨ ᠵᠠᠰᠠᠵᠤ ᠂ ᠡᠭᠡᠭᠦᠯᠦᠨ ᠬᠡᠷᠡᠭᠯᠡᠬᠦ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠳᠤ ᠬᠦᠷᠴᠦ ᠂ ᠦᠢᠯᠡᠳᠪᠦᠷᠢᠯᠡᠯ ᠤᠨ ᠡᠭᠡᠭᠦᠯᠦᠨ ᠬᠡᠷᠡᠭᠯᠡᠬᠦ ᠱᠠᠭᠠᠷᠳᠠᠯᠭ᠎ᠠ ᠶᠢ ᠪᠦᠷᠢᠮᠦᠰᠦᠨ ᠬᠠᠩᠭᠠᠪᠠ︾᠎ ᠃ ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠣᠯᠠᠨ ᠨᠡᠶᠢᠲᠡ ᠶᠢᠨ ᠬᠠᠷᠢᠴᠠᠭᠠᠨ ᠤ ᠵᠥᠪᠯᠡᠭᠴᠢ ᠵᠢᠶᠠᠩ ᠹᠠᠩ ᠹᠠᠩ ᠲᠠᠨᠢᠯᠴᠠᠭᠤᠯᠵᠠᠢ ᠃ ᠬᠠᠶᠠᠭᠳᠠᠮᠠᠯ ᠤᠰᠤ ᠶᠢ ᠪᠦᠬᠦᠨ ᠢ ᠡᠭᠡᠭᠦᠯᠦᠨ ᠬᠡᠷᠡᠭᠯᠡᠵᠦ ᠂ ᠲᠡᠭ ᠭᠠᠳᠠᠭᠰᠢᠯᠠᠭᠤᠯᠤᠭᠰᠠᠨ ᠤ ᠳᠠᠷᠠᠭ᠎ᠠ ᠂ ᠠᠵᠤ ᠠᠬᠤᠶᠢᠯᠠᠯ ᠤᠨ ᠵᠢᠯ ᠤᠨ ᠤᠰᠤ ᠵᠠᠯᠠᠬᠤ ᠪᠠ ᠤᠰᠤ ᠲᠠᠲᠠᠬᠤ ᠶᠢ ᠶᠡᠷᠦᠩᠬᠡᠶ ᠳᠤ ᠪᠠᠨ ᠪᠠᠷᠤᠭ 1100 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠵᠤ ᠂ ︽ᠤᠰᠤ ᠬᠡᠷᠡᠭᠯᠡᠬᠦ ᠲᠣᠮᠣ ᠡᠷᠦᠬᠡ︾᠎ ᠠᠴᠠ ︽ᠤᠰᠤ ᠠᠷᠪᠢᠯᠠᠬᠤ ᠲᠣᠮᠣ ᠡᠷᠦᠬᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ ᠃  ᠤᠰᠤ ᠠᠷᠪᠢᠯᠠᠬᠤ ᠨᠢ ᠠᠵᠤ ᠦᠢᠯᠡᠳᠪᠦᠷᠢ ᠶᠢᠨ ᠬᠥᠭᠵᠢᠯᠲᠡ ᠳᠤ ᠨᠠᠩ ᠴᠢᠬᠤᠯᠠ ᠪᠠᠶᠢᠳᠠᠭ ᠃ ᠪᠠᠶᠠᠨᠨᠠᠭᠤᠷ ᠬᠤᠲᠠ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠦᠷᠭᠦᠯᠵᠢᠯᠡᠨ ᠶᠡᠬᠡᠪᠡᠷ ᠲᠦᠯᠬᠢᠨ ᠠᠬᠢᠭᠤᠯᠵᠤ ᠂ ᠲᠡᠷᠢᠭᠦᠨ ᠤ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠂ ᠤᠷ᠎ᠠ ᠮᠡᠷᠭᠡᠰᠢᠯ ᠪᠣᠯᠤᠨ ᠲᠥᠬᠦᠭᠡᠷᠦᠮᠵᠢ ᠶᠢ ᠤᠯᠠᠮ ᠨᠢᠭᠡ ᠠᠯᠬᠤᠮ ᠳᠡᠯᠭᠡᠷᠡᠭᠦᠯᠦᠨ ᠬᠡᠷᠡᠭᠯᠡᠵᠦ ᠂ ᠡᠨᠧᠷᠭᠢ ᠶᠢᠨ ᠬᠦᠷᠢᠶᠡᠨ ᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠠᠵᠢᠯ ᠲᠥᠷᠥᠯ ᠤᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠂ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠪᠣᠭᠤᠮᠢ ᠶᠢ ᠰᠢᠪᠲᠤᠯᠵᠤ ᠂ ᠪᠦᠬᠦ ᠬᠡᠯᠬᠢᠶ᠎ᠡ ᠶᠢᠨ ᠤᠰᠤ ᠠᠷᠪᠢᠯᠠᠬᠤ ᠵᠠᠭᠪᠤᠷ ᠢ ᠪᠣᠶ ᠪᠣᠯᠭᠠᠨ᠎ᠠ︔ ᠤᠰᠤ ᠠᠷᠪᠢᠯᠠᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠴᠢᠩᠭᠠᠷᠠᠭᠤᠯᠵᠤ ᠂ ᠬᠦᠷᠢᠶᠡᠯᠡᠩ ᠲᠣᠭᠤᠷᠢᠭ ᠂ ᠠᠵᠤ ᠠᠬᠤᠶᠢᠯᠠᠯ ᠢᠶᠠᠷ ᠠᠴᠢᠶᠠᠯᠠᠪᠤᠷᠢ ᠪᠣᠯᠭᠠᠵᠤ ᠂ ᠥᠩᠭᠡᠲᠦ ᠲᠡᠮᠦᠷᠯᠢᠭ ᠂ ᠬᠢᠮᠢ ᠶᠢᠨ ᠠᠵᠤ ᠦᠢᠯᠡᠳᠪᠦᠷᠢ ᠂ ᠪᠠᠷᠢᠯᠭ᠎ᠠ ᠶᠢᠨ ᠮᠠᠲ᠋ᠧᠷᠢᠶᠠᠯ ᠂ ᠢᠳᠡᠭᠡᠨ ᠪᠠ ᠢᠰᠬᠡᠯᠲᠡ ᠵᠡᠷᠭᠡ ᠤᠰᠤ ᠬᠡᠷᠡᠭᠯᠡᠬᠦ ᠬᠦᠷᠢᠶ᠎ᠡ ᠪᠠᠷ ᠭᠤᠣᠯᠳᠠᠯᠭ᠎ᠠ ᠪᠣᠯᠭᠠᠵᠤ ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠬᠦ ᠵᠠᠭᠪᠤᠷ ᠢ ᠪᠣᠶ ᠪᠣᠯᠭᠠᠵᠤ ᠂ ᠬᠡᠪ ᠳᠠᠭᠤᠷᠢᠶᠠᠯ ᠢᠶᠠᠷ ᠳᠠᠮᠵᠢᠭᠤᠯᠤᠨ ᠪᠦᠬᠦ ᠠᠵᠢᠯ ᠲᠥᠷᠥᠯ ᠤᠨ ᠤᠰᠤ ᠠᠷᠪᠢᠯᠠᠵᠤ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠪᠠ ᠃  ᠪᠦᠬᠦ ᠠᠷᠠᠳ ᠤᠨ ᠤᠰᠤ ᠠᠷᠪᠢᠯᠠᠬᠤ ᠬᠠᠮ ᠠᠷᠭ᠎ᠠ ᠶᠢ ᠰᠠᠶᠢᠲᠤᠷ ᠬᠡᠷᠡᠭᠵᠢᠭᠦᠯᠦᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ  ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠰᠢᠨ ᠷᠦᠩ ᠲᠣᠰᠬᠤᠨ ᠤ ᠬᠤᠶᠠᠳᠤᠭᠠᠷ ᠳᠤᠭᠤᠶᠢᠯᠠᠩ ᠤᠨ ᠲᠣᠰᠬᠤᠨ ᠤ ᠠᠷᠠᠳ ᠵᠦ ᠸᠧᠢ ᠪᠢᠩ ᠲᠣᠭᠤᠭᠠᠨ ᠭᠡᠷ ᠤᠨ ᠲᠦᠭᠡᠭᠡᠯ ᠤᠰᠤᠨ ᠤ ᠭᠤᠭᠤᠵᠢᠭᠤᠷ ᠢ ᠨᠡᠭᠡᠭᠡᠬᠦ ᠳᠤ ᠂ ᠳᠠᠭᠠᠤ ᠳᠤ ᠨᠢ ᠨᠢᠭᠡᠨ ᠲᠤᠩᠭᠠᠯᠠᠭ ᠤᠰᠤ ᠣᠷᠭᠢᠯᠤᠨ ᠭᠠᠷᠤᠯ᠎ᠠ ᠃  ᠨᠢᠳᠤᠨᠤᠨ ᠂ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠤᠰᠤᠨ ᠠᠰᠢᠭᠯᠠᠯᠲᠠ ᠶᠢᠨ ᠲᠤᠪᠴᠢᠶ᠎ᠠ ᠨᠢ ᠱᠤᠸᠠᠩ ᠾᠧ ᠪᠠᠯᠭᠠᠰᠤ ᠶᠢᠨ ᠰᠢᠨ ᠷᠦᠩ ᠲᠣᠰᠬᠤᠨ ᠂ ᠰᠢᠨ ᠹᠧᠩ ᠲᠣᠰᠬᠤᠨ ᠤ ᠤᠤᠭᠤᠬᠤ ᠤᠰᠤᠨ ᠤ ᠬᠤᠭᠤᠯᠠᠢ ᠶᠢᠨ ᠲᠣᠣᠷ ᠬᠠᠭᠤᠴᠢᠷᠠᠭᠰᠠᠨ ᠂ ᠬᠤᠭᠤᠯᠠᠢ ᠶᠢᠨ ᠡᠪᠳᠡᠷᠡᠵᠦ ᠰᠦᠢᠳᠦᠭᠰᠡᠨ ᠂ ᠰᠡᠯᠪᠢᠨ ᠵᠠᠰᠠᠬᠤ ᠳᠠᠪᠲᠠᠮᠵᠢ ᠥᠨᠳᠥᠷ ᠂ ᠲᠡᠭᠦᠰᠬᠡᠯ ᠤᠨ ᠤᠰᠤᠨ ᠤ ᠳᠠᠷᠤᠯᠲᠠ ᠳᠣᠣᠷ᠎ᠠ ᠵᠡᠷᠭᠡ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠠᠷ ᠬᠤᠶᠠᠷ ᠵᠠᠰᠠᠭ ᠵᠠᠬᠢᠷᠭᠠᠨ ᠤ ᠲᠣᠰᠬᠤᠨ ᠤ 11 ᠲᠣᠰᠬᠤᠨ ᠤ ᠠᠷᠠᠳ ᠤᠨ ᠳᠤᠭᠤᠶᠢᠯᠠᠩ ᠤᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠪᠡ ᠃ ᠰᠢᠨᠡᠴᠢᠯᠡᠵᠦ ᠥᠭᠡᠷᠡᠴᠢᠯᠡᠭᠰᠡᠨ ᠤ ᠳᠠᠷᠠᠭ᠎ᠠ ᠂ ᠰᠢᠨ ᠷᠦᠩ ᠲᠣᠰᠬᠤᠨ ᠂ ᠰᠢᠨ ᠹᠧᠩ ᠲᠣᠰᠬᠤᠨ ᠤ 531 ᠡᠷᠦᠬᠡ ᠲᠣᠰᠬᠤᠨ ᠤ ᠠᠷᠠᠳ ᠪᠦᠬᠦᠨ ᠢᠶᠠᠷ ᠢᠶᠠᠨ ︽ᠡᠷᠦᠬᠡ ᠪᠦᠷᠢ ᠨᠢᠭᠡ ᠬᠤᠭᠤᠯᠠᠢ ᠤᠲᠠᠰᠤ ᠂ ᠡᠷᠦᠬᠡ ᠪᠦᠷᠢ ᠨᠢᠭᠡ ᠬᠡᠰᠡᠭ ᠪᠠᠷᠠᠭᠠᠨ ᠤ ᠰᠦᠯᠵᠢᠶᠡᠨ ᠤ ᠤᠰᠤᠨ ᠤ ᠬᠡᠮᠵᠢᠭᠦᠷ ᠂ ᠤᠰᠤᠨ ᠤ ᠬᠡᠮᠵᠢᠭᠦᠷ ᠢ ᠪᠦᠬᠦᠨ ᠢ ᠲᠥᠪᠯᠡᠷᠡᠭᠦᠯᠦᠨ ᠬᠠᠮᠢᠶᠠᠷᠬᠤ︾ ᠤᠰᠤ ᠬᠠᠩᠭᠠᠬᠤ ᠵᠠᠭᠪᠤᠷ ᠢ ᠪᠡᠶᠡᠯᠡᠭᠦᠯᠪᠡ ᠃ ᠡᠨᠡ ᠬᠦ ᠬᠤᠪᠢᠷᠠᠯᠲᠠ ᠨᠢ ᠲᠣᠰᠬᠤᠨ ᠤ ᠠᠷᠠᠳ ᠤᠨ ᠥᠪᠡᠷ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠲᠣᠳᠣᠷᠬᠠᠶ ᠣᠶᠢᠯᠠᠭᠠᠵᠤ ᠂ ᠡᠭᠦᠨ ᠤ ᠤᠯᠠᠮ ᠢᠶᠠᠷ ᠤᠰᠤ ᠬᠡᠷᠡᠭᠯᠡᠬᠦ ᠶᠢ ᠨᠡᠩ ᠵᠦᠶ ᠵᠣᠬᠢᠰᠲᠠᠶ ᠲᠥᠯᠥᠪᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠭᠰᠡᠨ ᠪᠠᠶᠢᠨ᠎ᠠ ᠃  ᠬᠤᠲᠠ ᠪᠠᠯᠭᠠᠰᠤ ᠶᠢᠨ ᠤᠰᠤ ᠠᠷᠪᠢᠯᠠᠬᠤ ᠨᠢ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠂ ᠬᠤᠲᠠ ᠶᠢᠨ ᠦᠷᠭᠦᠯᠵᠢᠯᠡᠨ ᠬᠥᠭᠵᠢᠬᠦ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠲᠡᠩᠴᠡᠭᠦᠷᠢ ᠲᠠᠢ ᠬᠤᠯᠪᠣᠭᠳᠠᠬᠤ ᠪᠣᠯᠤᠨ᠎ᠠ ᠃ ᠡᠨᠡ ᠵᠢᠯ ᠪᠠᠶᠠᠨᠨᠠᠭᠤᠷ ᠬᠤᠲᠠ ᠨᠢ ᠬᠤᠲᠠ ᠪᠠᠯᠭᠠᠰᠤᠨ ᠤ ᠤᠰᠤ ᠠᠷᠪᠢᠯᠠᠬᠤ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠭᠤᠭᠤᠵᠢᠬᠤ ᠶᠢ ᠵᠠᠰᠠᠬᠤ ᠶᠢ ᠲᠦᠷᠭᠡᠳᠭᠡᠨ ᠠᠬᠢᠭᠤᠯᠵᠤ ᠂ ᠤᠰᠤ ᠠᠷᠪᠢᠯᠠᠬᠤ ᠭᠡᠷ᠎ᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ ᠂ ᠲᠡᠷᠭᠡ ᠤᠬᠢᠶᠠᠬᠤ ᠂ ᠤᠬᠢᠶᠠᠬᠤ ᠂ ᠬᠥᠮᠦᠨ ᠤ ᠬᠦᠴᠦ ᠪᠠᠷ ᠴᠠᠰᠤᠨ ᠳᠤ ᠭᠤᠯᠭᠤᠬᠤ ᠲᠠᠯᠠᠪᠠᠢ ᠵᠡᠷᠭᠡ ᠣᠨᠴᠠ ᠲᠥᠷᠥᠯ ᠤᠨ ᠠᠵᠢᠯ ᠲᠥᠷᠥᠯ ᠳᠤ ᠤᠰᠤ ᠪᠠᠭ᠎ᠠ ᠬᠤᠷᠣᠭᠳᠠᠭᠤᠯᠬᠤ ᠂ ᠣᠷᠴᠢᠯ ᠤᠰᠤ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠷᠠᠯᠠᠯ ᠢ ᠪᠦᠬᠦ ᠲᠠᠯ᠎ᠠ ᠪᠠᠷ ᠳᠡᠯᠭᠡᠷᠡᠭᠦᠯᠵᠦ ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠬᠤ ᠨᠣᠷᠮ᠎ᠠ ᠶᠢ 9%᠎ ᠤ ᠳᠣᠲᠣᠷ᠎ᠠ ᠬᠢᠵᠠᠭᠠᠷᠯᠠᠪᠠ ᠃  ᠠᠯᠢ ᠣᠯᠠᠨ ᠤᠰᠤ ᠠᠷᠪᠢᠯᠠᠬᠤ ᠠᠷᠭ᠎ᠠ ᠬᠡᠮᠵᠢᠶ᠎ᠡ ᠨᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠤᠨ ᠬᠦᠴᠦᠲᠡᠶ ᠲᠤᠯᠭᠠᠭᠤᠷᠢᠯᠠᠯ ᠠᠴᠠ ᠰᠠᠯᠵᠤ ᠴᠢᠳᠠᠬᠤ ᠥᠬᠡᠶ ᠶᠤᠮ ᠃ ᠡᠨᠡ ᠵᠢᠯ ᠪᠠᠶᠠᠨᠨᠠᠭᠤᠷ ᠬᠤᠲᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ ᠂ ᠤᠰᠤᠨ ᠤ ᠦᠨ᠎ᠡ ᠶᠢᠨ ᠵᠦᠢ ᠵᠣᠬᠢᠰᠲᠠᠢ ᠰᠢᠰᠲ᠋ᠧᠮ ᠢ ᠪᠠᠶᠢᠭᠤᠯᠵᠤ ᠂ ᠬᠤᠷᠢᠶᠠᠭᠰᠠᠨ ᠤᠰᠤᠨ ᠤ ᠰᠦᠢᠳᠬᠡᠯ ᠢᠶᠠᠷ ᠢᠶᠠᠨ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠳᠤ ︽ᠭᠡᠳᠡᠷᠭᠦ ᠲᠤᠰᠠᠯᠠᠬᠤ︾᠎ ᠶᠢ ᠪᠡᠶᠡᠯᠡᠭᠦᠯᠵᠦ ᠂ ᠳᠤᠰᠤᠯ ᠤᠰᠤ ᠪᠣᠯᠭᠠᠨ ᠳᠤ ᠥᠷᠲᠡᠭ ᠢ ᠬᠠᠮᠤᠭ ᠶᠡᠭᠡ ᠪᠣᠯᠭᠠᠨ᠎ᠠ ᠃ ︽ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠲᠠᠷᠢᠶᠠᠯᠠᠩ ᠂ ᠠᠵᠤ ᠦᠢᠯᠡᠳᠪᠦᠷᠢ ᠂ ᠬᠤᠲᠠ ᠪᠠᠯᠭᠠᠰᠤ ᠵᠡᠷᠭᠡ ᠬᠦᠷᠢᠶᠡᠨ ᠳᠠᠬᠢ ᠤᠰᠤ ᠠᠷᠪᠢᠯᠠᠬᠤ ᠶᠢ ᠶᠡᠬᠡᠪᠡᠷ ᠳᠥᠯᠭᠢᠨ ᠠᠬᠢᠭᠤᠯᠵᠤ ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠪᠥᠬᠦ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠳᠤᠮᠳᠠ ᠲᠦᠷᠦᠭᠦᠯᠡᠵᠦ ᠂ ᠬᠤᠰᠢᠭᠤᠴᠢ ᠪᠣᠯᠵᠤ ᠂ ᠰᠢᠨ᠎ᠡ ᠭᠠᠪᠢᠶ᠎ᠠ ᠪᠠᠶᠢᠭᠤᠯᠤᠨ᠎ᠠ︾᠎ ᠃ ᠪᠠᠶᠠᠨᠨᠠᠭᠤᠷ ᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠷᠬᠢᠯᠡᠭᠴᠢ ᠵᠠᠩ ᠢ ᠴᠢᠶᠠᠩ ᠬᠡᠯᠡᠪᠡ ᠃   ︵ᠡᠬᠡ ᠪᠢᠴᠢᠭ ᠢ ᠪᠠᠶᠠᠨᠨᠠᠭᠤᠷ ᠰᠣᠨᠢᠨ ᠤ ᠠᠯᠪᠠᠨ ᠤ ᠸᠢᠴᠠᠲ ᠠᠴᠠ ᠰᠢᠯᠵᠢᠭᠦᠯᠪᠡ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号